ᠠᠷᠠᠳ ᠤᠨ ᠠᠮᠢᠳᠤᠷᠠᠯ ᠢ ᠪᠠᠲᠤᠯᠠᠵᠤ ᠠᠷᠠᠳ ᠲᠤ ᠠᠰᠢᠭᠲᠠᠢ ᠳᠥᠭᠦᠮ ᠪᠦᠲᠦᠴᠡᠲᠦ ᠣᠷᠣᠨ ᠰᠠᠭᠤᠴᠠ ᠶᠢᠨ ᠰᠠᠶᠢᠵᠢᠷᠠᠯᠲᠠ ᠶᠢ ᠲᠦᠷᠭᠡᠳᠬᠡᠵᠦ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2019/8/29
       ᠰᠤᠷᠪᠤᠯᠵᠢᠯᠠᠭᠰᠠᠨ  ᠴᠠᠭ  ᠄  2019-08-20 10:31        ᠰᠤᠷᠪᠤᠯᠵᠢᠯᠠᠭᠰᠠᠨ ᠵᠤᠴᠢᠨ᠄  ᠵᠢᠢ ᠬᠤᠨᠭ᠌  ᠵᠢᠨᠢᠩ ᠲᠤᠭᠤᠷᠢᠭ ᠤᠨ ᠳᠠᠷᠤᠭ᠎ᠠ        ᠶᠡᠷᠦᠩᠬᠡᠶ ᠱᠦᠵᠢ ᠰᠢ ᠶᠢᠨ ᠫᠢᠩ ︽ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢ  ᠣᠯᠠᠨ ᠲᠦᠮᠡᠨ ᠤ  ᠠᠵᠦ ᠠᠮᠢᠳᠤᠷᠠᠯ ᠲᠠᠢ ᠬᠤᠯᠪᠣᠭᠳᠠᠨ᠎ᠠ︾ ᠭᠡᠵᠦ ᠵᠢᠭᠠᠵᠤ ᠭᠠᠷᠭᠠᠪᠠ᠃ ᠡᠨᠡ ᠵᠢᠯ ᠤᠨ 2 ᠰᠠᠷ᠎ᠠ ᠳᠤ᠂ ᠶᠡᠷᠦᠩᠬᠡᠶ ᠱᠦᠵᠢ ᠮᠠᠨ ᠤ ᠣᠷᠣᠨ ᠳᠤ ᠳᠠᠬᠢᠨᠲᠠ ᠢᠷᠡᠵᠦ ᠳᠥᠭᠦᠮ ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠢ ᠪᠠᠶᠢᠴᠠᠭᠠᠨ ᠦᠵᠡᠬᠦ ᠳᠡᠭᠡᠨ ︽ᠳᠥᠭᠦᠮ ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠵᠠᠪᠠᠯ ᠰᠠᠶᠢᠲᠤᠷ ᠬᠢᠵᠦ᠂ ᠤᠯᠠᠨ ᠢ ᠡᠷᠲᠡ ᠨᠢᠭᠡ ᠡᠳᠦᠷ ᠰᠢᠨ᠎ᠡ ᠭᠡᠷ᠂ ᠳᠤᠯᠠᠭᠠᠨ ᠭᠡᠷ᠂  ᠠᠮᠤᠷ ᠳᠦᠪᠰᠢᠨ‌ᠤᠷᠤᠨ ᠰᠠᠭᠤᠴᠠ ᠲᠤ ᠰᠠᠭᠤᠯᠭᠠᠬᠤ ᠪᠠᠷ ᠴᠢᠷᠮᠠᠶᠢᠬᠤ ᠬᠡᠷᠡᠭᠲᠡᠶ︾ ᠭᠡᠵᠦ ᠱᠠᠭᠠᠷᠳᠠᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠰᠤᠷᠪᠤᠯᠵᠢᠯᠠᠭ᠎ᠠ ᠬᠦᠯᠢᠶᠡᠬᠦ ᠳᠡᠭᠡᠨ ᠂ 2019 ᠣᠨ ᠳᠤ᠂ ᠵᠢᠨᠢᠩ ᠲᠣᠭᠤᠷᠢᠭ ᠨᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠥᠮᠦᠨ ᠢᠶᠠᠷ ᠦᠨᠳᠦᠰᠦ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠬᠤᠲᠠ ᠶᠢᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠪᠠ᠃  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠡᠷᠦᠩᠬᠡᠶ ᠵᠢᠯᠣᠭᠤᠳᠤᠭᠴᠢ ᠎ ᠶᠢᠨ ᠲᠤᠰᠢᠶᠠᠯ ᠢ ᠬᠠᠷᠢᠭᠤᠴᠠᠵᠤ᠂ ᠰᠢᠶᠠᠨ ᠤ ᠺᠠᠳ᠋ᠷ ᠬᠡᠰᠡᠭ ᠬᠤᠪᠢᠶᠠᠨ ᠳᠠᠭᠠᠭᠠᠴᠢᠯᠠᠭᠰᠠᠨ ︽ᠨᠢᠭᠡ ᠠᠯᠪᠠᠨ ᠭᠡᠷ ᠨᠠᠶᠢᠮᠠᠨ ᠳᠤᠭᠤᠶᠢᠯᠠᠩ ᠤᠨ ᠵᠢᠯᠣᠭᠤᠳᠬᠤ ᠭᠠᠵᠠᠷ︾᠎ ᠢ ᠪᠠᠶᠢᠭᠤᠯᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃         ᠵᠢᠶ ᠬᠤᠩ ᠲᠠᠨᠢᠯᠴᠠᠭᠤᠯᠬᠤ ᠳᠠᠭᠠᠨ᠂ 7 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ  ᠲᠤᠭᠤᠷᠢᠭ ᠨᠢᠭᠡᠨᠲᠡ 10908 ᠡᠷᠦᠬᠡ ᠶᠢᠨ ᠲᠥᠪᠬᠢᠨᠡᠭᠦᠯᠬᠦ ᠨᠥᠬᠦᠪᠥᠷᠢ ᠶᠢᠨ ᠬᠡᠯᠡᠯᠴᠡᠭᠡᠷ ᠲᠣᠭᠲᠠᠵᠤ᠂ ᠪᠥᠬᠦ ᠵᠢᠯ ᠤᠨ 12000 ᠡᠷᠦᠬᠡ ᠶᠢᠨ ᠡᠭᠦᠷᠭᠡ ᠶᠢᠨ 91 %᠎ ᠶᠢ ᠪᠡᠶᠡᠯᠡᠭᠦᠯᠵᠦ᠂ ᠡᠳᠦᠷ ᠳᠤᠮᠳᠠᠴᠢ ᠶᠢᠨ ᠭᠡᠷ᠎ᠡ ᠲᠣᠭᠲᠠᠭᠰᠠᠨ 300 ᠡᠷᠦᠬᠡ ᠶᠢᠨ ︽ᠵᠢᠨᠢᠩ ᠤᠨ ᠬᠤᠷᠳᠤᠴᠠ︾᠎ ᠶᠢ ᠡᠭᠦᠳᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠨᠠᠮ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠬᠤ᠂ ᠢᠳᠡᠪᠬᠢᠲᠡᠢ ᠬᠠᠮᠵᠢᠯᠴᠠᠨ ᠳᠡᠮᠵᠢᠬᠦ ︽ᠵᠢᠨᠢᠩ ‍ᠤᠨ‌ᠬᠠᠯᠠᠮᠵᠢ︾᠎ ᠎ ᠶᠢ ᠳᠡᠭᠡᠭᠰᠢᠯᠡᠭᠦᠯᠪᠡ᠃ ᠵᠢᠨᠢᠩ ᠲᠣᠭᠤᠷᠢᠭ ᠥᠨᠥᠳᠥᠷ ᠤᠨ ᠮᠡᠲᠦ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠵᠤ ᠴᠢᠳᠠᠭᠰᠠᠨ ᠤ ᠭᠤᠤᠯ ᠴᠢᠮᠥᠭᠡ ᠨᠢ᠄          ᠨᠢᠭᠡ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠬᠡᠷᠡᠭᠲᠡᠶ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠡᠷᠬᠢᠨ ᠨᠠᠮ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ᠂ ᠬᠡᠷᠬᠢᠨ ︽ᠨᠢᠭᠡ ᠠᠶᠠᠭ᠎ᠠ ᠤᠰᠤ ᠶᠢ ᠲᠡᠭᠰᠢᠯᠡᠵᠦ᠂ ᠨᠢᠭᠡ ᠨᠢᠭᠡ ᠬᠡᠮᠵᠢᠶ᠎ᠡ ᠶᠢ ᠡᠴᠦᠰ ᠲᠤᠨᠢ ᠲᠤᠯᠲᠠᠯ᠎ᠠ ᠬᠡᠮᠵᠢᠬᠦ︾᠎ ᠶᠢ ᠦᠨᠡᠨ ᠬᠦ ᠪᠠᠲᠤᠯᠠᠬᠤ ᠪᠣᠯ ᠪᠠᠰᠠ ᠴᠤ ᠣᠯᠠᠨ ᠲᠦᠮᠡᠨ ᠤ ᠬᠠᠮᠤᠭ ᠤᠨ ᠶᠡᠭᠡ ᠰᠠᠨᠠᠭᠠᠰᠢᠷᠠᠯ ᠪᠣᠯᠬᠤ ᠶᠤᠮ᠃ ᠡᠨᠡ ᠲᠠᠯ᠎ᠠ ᠪᠠᠷ᠂ ᠪᠢᠳᠡ ᠲᠡᠷᠢᠭᠦᠨ ᠴᠢᠬᠤᠯᠠ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠣᠯᠠᠨ ᠵᠦᠶᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠲᠥᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ ᠨᠢᠭᠡ ᠳᠤ ᠣᠯᠠᠨ ᠲᠦᠮᠡᠨ ᠬᠢᠨᠠᠯᠲᠠ ᠲᠠᠯᠪᠢᠨ᠎ᠠ᠃ ᠨᠠᠷᠢᠨ ᠬᠢᠨᠠᠮᠠᠭᠠᠶ ᠰᠤᠳᠤᠯᠬᠤ ᠪᠠ ᠳᠠᠬᠢᠨ ᠳᠠᠪᠲᠠᠨ ᠪᠠᠶᠢᠴᠠᠭᠠᠨ ᠰᠤᠳᠤᠯᠬᠤ ᠪᠠᠷ ᠳᠠᠮᠵᠢᠭᠤᠯᠤᠨ᠂ ︽ᠳᠥᠭᠦᠮ  ᠪᠦᠳᠦᠴᠡᠳᠦ ᠣᠷᠣᠨ  ᠰᠠᠭᠤᠴᠠ ᠶᠢᠨ ᠲᠣᠭᠤᠷᠢᠭ  ᠎ ᠢ ᠥᠭᠡᠷᠡᠴᠢᠯᠡᠬᠦ ᠂ ᠲᠠᠲᠠᠪᠤᠷᠢᠯᠠᠬᠤ  ᠂ ᠨᠥᠬᠦᠪᠥᠷᠢ ᠥᠭᠬᠦ  ᠂ ᠲᠥᠪᠬᠢᠨᠡᠭᠦᠯᠬᠦ ᠲᠥᠰᠦᠯ︾᠎ ᠢ ᠨᠠᠷᠢᠨ ᠬᠢᠨᠠᠮᠠᠭᠠᠶ ᠲᠣᠭᠲᠠᠭᠠᠵᠤ᠂ ᠡᠷᠦᠬᠡ ᠨᠢᠭᠡᠪᠦᠷᠢ ᠶᠢᠨ ᠬᠡᠮᠵᠢᠨ ᠵᠢᠷᠤᠭᠯᠠᠬᠤ ᠬᠡᠮᠵᠢᠯᠲᠡ ᠶᠢᠨ ᠲᠤᠭ᠎ᠠ ᠪᠠᠷᠢᠮᠲᠠ ᠶᠢ ᠴᠥᠮ ᠬᠡᠮᠵᠢᠨ ᠵᠢᠷᠤᠭᠯᠠᠬᠤ ᠠᠵᠢᠯᠲᠠᠨ᠂ ᠨᠡᠭᠦᠯᠭᠡᠨ ᠰᠢᠯᠵᠢᠭᠦᠯᠬᠦ ᠠᠵᠢᠯᠲᠠᠨ ᠪᠠ ᠲᠠᠲᠠᠪᠤᠷᠢᠯᠠᠭᠳᠠᠭᠰᠠᠨ ᠡᠷᠦᠬᠡ ᠲᠤᠬᠠᠶ ᠶᠢᠨ ᠲᠠᠯᠠᠪᠠᠢ ᠳᠤ ᠭᠠᠷ ᠤᠨ ᠦᠰᠦᠭ ᠵᠢᠷᠤᠬᠤ ᠪᠠᠷ ᠨᠤᠲᠠᠯᠠᠨ ᠲᠣᠭᠲᠠᠭᠠᠬᠤ ᠶᠢᠨ ᠬᠠᠮᠲᠤ ᠳᠥᠭᠦᠮ  ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠰᠠᠭᠤᠭ᠎ᠠ ᠭᠠᠵᠠᠷ ᠲᠤ ᠳᠠᠷᠦ᠋ᠢᠬᠠᠨ ᠵᠠᠷᠯᠠᠨ ᠨᠡᠶᠢᠲᠡᠯᠡᠵᠦ᠂ ᠨᠤᠲᠠᠯᠠᠭᠰᠠᠨ ᠤ ᠳᠠᠷᠠᠭᠠᠬᠢ ᠡᠯ᠎ᠡ ᠵᠦᠶᠯ ᠤᠨ ᠲᠤᠭ᠎ᠠ ᠪᠠᠷᠢᠮᠲᠠ ᠶᠢ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ᠂ ᠠᠵᠢᠯᠯᠠᠭᠤᠯᠬᠤ ᠳᠡᠰ ᠳᠠᠷᠠᠭᠠᠯᠠᠯ ᠢ ᠵᠢᠷᠤᠮᠵᠢᠭᠤᠯᠬᠤ᠂ ᠡᠷᠦᠬᠡ ᠳᠤ ᠬᠦᠷᠴᠦ ᠪᠠᠶᠢᠴᠠᠭᠠᠭᠰᠠᠨ ᠲᠤᠭ᠎ᠠ ᠪᠠᠷᠢᠮᠲᠠ ᠶᠢ ᠣᠨᠣᠪᠴᠢᠲᠠᠶ ᠪᠣᠯᠭᠠᠨ᠂ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ᠃ ᠡᠭᠦᠨ ᠤ ᠬᠠᠮᠲᠤ᠂ ᠲᠠᠲᠠᠪᠤᠷᠢᠯᠠᠨ ᠬᠤᠷᠢᠶᠠᠬᠤ ᠶᠡᠭᠡ ᠲᠢᠩᠬᠢᠮ ᠳᠤ ︽ᠮᠡᠳᠡᠭᠡ ᠵᠠᠩᠭᠢ ᠶᠢ ᠬᠠᠷᠢᠯᠴᠠᠨ ᠦᠵᠡᠬᠦ︾ ᠡᠷᠬᠡ ᠮᠡᠳᠡᠯ ᠢ ᠴᠢᠯᠥᠭᠡᠲᠡᠶ ᠪᠣᠯᠭᠠᠵᠤ᠂ ᠪᠣᠶ ᠪᠦᠬᠦᠢ ᠰᠠᠭᠤᠭᠠᠯᠢ ᠠᠷᠠᠳ ᠴᠥᠮ ᠲᠠᠲᠠᠪᠤᠷᠢᠯᠠᠭᠳᠠᠭᠰᠠᠨ ᠡᠷᠦᠬᠡ ᠶᠢᠨ ᠭᠡᠷ ᠪᠠᠶᠢᠰᠢᠩ ᠤᠨ ᠮᠡᠳᠡᠭᠡ ᠵᠠᠩᠭᠢ ᠶᠢ ᠴᠢᠯᠥᠭᠡᠲᠡᠶ ᠪᠠᠶᠢᠴᠠᠭᠠᠨ ᠦᠵᠡᠵᠦ᠂ ᠲᠠᠲᠠᠪᠤᠷᠢᠯᠠᠭᠳᠠᠭᠰᠠᠨ ᠡᠷᠦᠬᠡ ᠶᠢᠨ ᠬᠤᠭᠤᠷᠣᠨᠳᠣᠬᠢ ᠬᠢᠨᠠᠯᠲᠠ ᠲᠠᠯᠪᠢᠬᠤ ᠳᠤ ᠳᠥᠭᠦᠮ ᠦᠵᠡᠭᠦᠯᠵᠦ᠂ ᠳᠥᠭᠦᠮ  ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠤᠨ ᠳᠥᠭᠦᠮ  ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠎ ᠤᠨ ︽ᠨᠢᠭᠡ ᠠᠶᠠᠭ᠎ᠠ ᠤᠰᠤ ᠶᠢ ᠠᠳᠠᠯᠢ ᠲᠡᠭᠰᠢ ᠪᠠᠶᠢᠯᠭᠠᠬᠤ︾᠎ ᠶᠢ ᠪᠠᠲᠤᠯᠠᠭᠰᠠᠨ ᠪᠠᠶᠢᠨ᠎ᠠ᠃ ᠬᠤᠶᠠᠷ ᠲᠤ ᠳᠣᠲᠣᠭᠠᠳᠤ ᠶᠢᠨ ᠬᠢᠨᠠᠯᠲᠠ ᠲᠠᠯᠪᠢᠨ᠎ᠠ᠃ ᠲᠠᠲᠠᠪᠤᠷᠢᠯᠠᠨ ᠬᠤᠷᠢᠶᠠᠬᠤ ᠠᠵᠢᠯ ᠤᠨ ᠳᠤᠮᠳᠠ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠪᠠ ᠨᠡᠭᠦᠯᠭᠡᠨ ᠰᠢᠯᠵᠢᠭᠦᠯᠬᠦ ᠠᠵᠢᠯᠲᠠᠨ ᠤ ᠳᠤᠭᠤᠶᠢᠯᠠᠩ ᠲᠠᠢ ᠰᠣᠯᠢᠯᠴᠠᠭᠰᠠᠨ ᠪᠥᠭᠡᠳ ᠬᠡᠨ ᠭᠠᠷ ᠤᠨ ᠦᠰᠦᠭ ᠵᠢᠷᠤᠪᠠᠯ ᠬᠡᠨ ᠬᠠᠷᠢᠭᠤᠴᠠᠬᠤ ᠬᠠᠷᠢᠭᠤᠴᠠᠯᠭ᠎ᠠ ᠶᠢᠨ ᠳᠦᠷᠢᠮ  ᠎ ᠢ ᠨᠠᠶᠢᠳᠠᠪᠤᠷᠢᠵᠢᠭᠤᠯᠬᠤ᠂ ᠳᠣᠲᠣᠭᠠᠳᠤ ᠶᠢᠨ ᠠᠵᠢᠯ ᠢᠶᠠᠨ ᠪᠡᠶᠡᠯᠡᠭᠦᠯᠪᠡ᠃ ᠭᠤᠷᠪᠠ ᠳᠤ ᠬᠠᠤᠯᠢ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠬᠢᠨᠠᠯᠲᠠ  ᠲᠠᠯᠪᠢᠨ᠎ᠠ᠃ ᠬᠢᠨᠠᠨ ᠪᠤᠳᠤᠬᠤ ᠰᠠᠯᠠᠭ᠎ᠠ ᠮᠥᠴᠢᠷ ᠲᠤᠬᠠᠶ ᠶᠢᠨ ᠲᠠᠯᠠᠪᠠᠢ ᠳᠤ ᠬᠢᠨᠠᠯᠲᠠ ᠲᠠᠯᠪᠢᠵᠤ᠂ ᠪᠥᠬᠦ ᠶᠠᠪᠤᠴᠠ ᠳᠤ ᠣᠷᠣᠯᠴᠠᠵᠤ᠂ ᠡᠯ᠎ᠡ ᠬᠡᠰᠡᠭ ᠲᠣᠭᠤᠷᠢᠭ ᠤᠨ ᠲᠠᠲᠠᠪᠤᠷᠢᠯᠠᠭᠳᠠᠭᠰᠠᠨ ᠡᠷᠦᠬᠡ ᠶᠢᠨ ᠳᠠᠩᠰᠠ ᠡᠪᠬᠡᠮᠡᠯ ᠢ 30 %᠎ ᠠᠴᠠ ᠳᠣᠤᠷ᠎ᠠ ᠥᠬᠡᠶ ᠬᠠᠷᠢᠴᠠᠯ ᠢᠶᠠᠷ ᠰᠤᠭᠤᠴᠢᠨ ᠪᠠᠶᠢᠴᠠᠭᠠᠵᠤ᠂ ᠡᠷᠬᠡ ᠲᠡᠭᠰᠢ ᠲᠥᠪ ᠭᠤᠤᠯᠴᠢ᠂ ᠢᠯᠡ ᠪᠠᠷ ᠠᠵᠢᠯᠯᠠᠬᠤ ᠶᠢ  ᠦᠨᠡᠨᠬᠦ ᠪᠡᠶᠡᠯᠡᠭᠦᠯᠵᠦ᠂ ᠳᠦᠷᠢᠮ ᠤᠨ ᠲᠠᠯ᠎ᠠ ᠪᠠᠷ ᠭᠤᠤᠯᠴᠢ ᠪᠤᠰᠤ ᠦᠵᠡᠭᠳᠡᠯ ᠭᠠᠷᠬᠤ ᠠᠴᠠ ᠵᠠᠶᠢᠯᠠᠰᠬᠢᠪᠡ᠃          ᠬᠤᠶᠠᠷ᠂ ᠠᠷᠠᠳ ᠤᠨ ᠠᠮᠢᠳᠤᠷᠠᠯ ᠢ ᠪᠠᠲᠤᠯᠠᠵᠤ᠂ ᠠᠷᠠᠳ ᠲᠤ ᠠᠰᠢᠭ ᠬᠦᠷᠲᠡᠭᠡᠨ᠎ᠡ᠃ ᠵᠢᠨᠢᠩ ᠲᠣᠭᠤᠷᠢᠭ ᠤᠨ ᠳᠥᠭᠦᠮ ᠪᠦᠳᠦᠴᠡᠳᠦ ᠣᠷᠣᠨ  ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠨᠢ ︽ᠠᠷᠠᠳ ᠲᠦᠮᠡᠨ ᠤ ᠠᠰᠢᠭ ᠲᠤᠰᠠ ᠠᠯᠢᠪᠠ ᠠᠴᠠ ᠡᠷᠬᠢᠮ︾  ᠎ ᠢ ᠪᠠᠷᠢᠮᠳᠠᠯᠠᠵᠦ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭ ᠬᠦᠷᠲᠡᠭᠡᠭᠰᠡᠨ ᠪᠠᠶᠢᠨ᠎ᠠ᠃ ᠲᠥᠰᠦᠯ ᠢ ᠲᠣᠭᠲᠠᠭᠠᠬᠤ ᠳᠤᠮᠳᠠ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ  ᠎ ᠢ ᠥᠭᠡᠷᠡᠴᠢᠯᠡᠬᠦ ᠰᠠᠭᠤᠭᠠᠯᠢ ᠠᠷᠠᠳ ᠤᠨ ︽ᠬᠥᠮᠦᠨ ᠠᠮᠠ ᠶᠢᠨ ᠨᠢᠭᠲᠠᠴᠠ ᠶᠡᠭᠡ᠂ ᠣᠷᠣᠰᠢᠨ ᠰᠠᠭᠤᠬᠤ ᠨᠥᠬᠦᠴᠡᠯ ᠠᠨᠠᠶ᠂ ᠪᠠᠭᠤᠷᠠᠶᠢᠢᠴᠤᠤᠯ ᠣᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠥᠨᠳᠥᠷ︾ ᠵᠡᠷᠭᠡ ᠠᠯᠢ ᠣᠯᠠᠨ ᠠᠰᠠᠭᠤᠳᠠᠯ ᠢ ᠭᠦᠶᠴᠡᠳ ᠪᠣᠳᠣᠯᠬᠢᠯᠠᠵᠤ᠂ ︽ᠤᠭ ᠭᠠᠵᠠᠷ ᠲᠤᠨᠢ ᠪᠤᠴᠠᠭᠠᠬᠤ᠂ ᠣᠨᠳᠣᠤ ᠭᠠᠵᠠᠷ ᠲᠤ ᠲᠥᠪᠬᠢᠨᠡᠭᠦᠯᠬᠦ᠂ ᠵᠣᠭᠤᠰ ᠢᠶᠠᠷ ᠨᠥᠬᠦᠪᠥᠷᠢᠯᠡᠬᠦ︾ ᠵᠡᠷᠭᠡ ᠣᠯᠠᠨ ᠵᠦᠶᠯ ᠤᠨ ᠲᠥᠪᠬᠢᠨᠡᠭᠦᠯᠬᠦ ᠠᠷᠭ᠎ᠠ ᠬᠡᠯᠪᠡᠷᠢ ᠶᠢ ᠲᠣᠭᠲᠠᠭᠠᠨ ᠨᠡᠶᠢᠲᠡᠯᠡᠵᠦ᠂ ᠣᠯᠠᠨ ᠲᠦᠮᠡᠨ ᠳᠤ ᠰᠠᠶᠢᠨ ᠳᠤᠷ᠎ᠠ ᠠᠴᠠ ᠪᠠᠨ ᠰᠣᠩᠭᠤᠯᠲᠠ ᠬᠢᠬᠦ ᠶᠢᠨ ᠬᠠᠮᠲᠤ ᠭᠡᠷ᠎ᠡ ᠲᠣᠭᠲᠠᠨ ᠱᠠᠩᠨᠠᠬᠤ᠂ ᠨᠡᠭᠦᠯᠭᠡᠨ ᠰᠢᠯᠵᠢᠭᠦᠯᠬᠦ  ᠂ ᠨᠥᠬᠦᠪᠥᠷᠢ ᠥᠭᠬᠦ᠂ ᠰᠢᠯᠵᠢᠯᠲᠡ ᠶᠢᠨ ᠰᠦᠶᠳᠬᠡᠯ ᠲᠠᠷᠬᠠᠭᠠᠬᠤ᠂ ᠣᠨᠴᠠᠭᠠᠢ ᠣᠯᠠᠨ ᠲᠦᠮᠡᠨ ᠳᠤ ᠬᠠᠷᠠᠭᠠᠯᠵᠠᠯ ᠦᠵᠡᠭᠦᠯᠬᠦ ᠵᠡᠷᠭᠡ ᠣᠯᠠᠨ ᠲᠠᠯ᠎ᠠ ᠪᠠᠷ ᠣᠯᠠᠨ ᠲᠦᠮᠡᠨ ᠳᠤ ᠬᠠᠮᠤᠭ ᠤᠨ ᠶᠡᠭᠡ ᠬᠠᠷᠠᠭᠠᠯᠵᠠᠯ ᠦᠵᠡᠭᠦᠯᠪᠡ᠃         ᠵᠢᠱᠢᠶᠡᠯᠡᠪᠡᠯ᠂ ᠪᠢᠳᠡ ᠨᠢᠭᠡ ᠪᠦᠯᠦᠭ ᠣᠯᠠᠨ ᠲᠦᠮᠡᠨ ᠤ ᠣᠳᠣ ᠪᠠᠶᠢᠭ᠎ᠠ ᠣᠷᠣᠨ ᠰᠠᠭᠤᠴᠠ ᠶᠢᠨ ᠲᠠᠯᠠᠪᠠᠢ ᠨᠢ ᠪᠠᠭ᠎ᠠ᠂ ᠭᠡᠷ ᠪᠦᠯᠢ ᠶᠢᠨ ᠠᠵᠤ ᠠᠬᠤᠢ ᠶᠢᠨ ᠨᠥᠬᠦᠴᠡᠯ ᠨᠢ ᠠᠰᠠᠷ ᠪᠠᠶᠢᠰᠢᠩ ᠤᠨ ᠨᠥᠬᠦᠪᠥᠷᠢ ᠵᠥᠷᠢᠶ᠎ᠡ ᠶᠢ ᠳᠠᠭᠠᠭᠠᠵᠤ ᠳᠠᠶᠢᠯᠠᠬᠤ ᠦᠭᠡᠢ ᠶᠢ ᠪᠣᠳᠣᠯᠬᠢᠯᠠᠵᠤ᠂ ︽ᠬᠠᠮᠤᠭ ᠤᠨ ᠪᠠᠭ᠎ᠠ ᠲᠠᠯᠠᠪᠠᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ︾᠎ ᠶᠢ ᠨᠡᠶᠢᠲᠡᠯᠡᠵᠦ᠂ ᠣᠷᠣᠨ ᠰᠠᠭᠤᠴᠠ ᠶᠢᠨ ᠲᠠᠯᠠᠪᠠᠢ ᠨᠢ 50 ᠲᠡᠭᠰᠢ ᠳᠥᠷᠪᠡᠯᠵᠢᠨ ᠮᠧᠲᠷ ᠲᠤ ᠬᠦᠷᠬᠦ ᠥᠬᠡᠶ ᠪᠥᠭᠡᠳ ᠲᠣᠰ ᠭᠠᠵᠠᠷ ᠣᠷᠣᠨ ᠳᠤ ᠵᠥᠪᠬᠡᠨ ᠨᠢᠭᠡ ᠢᠵᠢ ᠣᠷᠣᠨ ᠰᠠᠭᠤᠴᠠ ᠶᠢᠨ ᠳᠥᠭᠦᠮ  ᠪᠦᠳᠦᠴᠡᠳᠦ ᠣᠷᠣᠨ  ᠰᠠᠭᠤᠴᠠ ᠶᠢᠨ ᠲᠣᠭᠤᠷᠢᠭ  ᠎ ᠢ ᠥᠭᠡᠷᠡᠴᠢᠯᠡᠬᠦ ᠰᠠᠭᠤᠭᠠᠯᠢ ᠠᠷᠠᠳ ᠲᠤ ᠴᠥᠮ 50 ᠲᠡᠭᠰᠢ ᠳᠥᠷᠪᠡᠯᠵᠢᠨ ᠮᠧᠲᠷ ᠢᠶᠠᠷ ᠨᠥᠬᠦᠪᠥᠷᠢ ᠥᠭᠭᠦᠨ᠎ᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠵᠡᠮᠳᠡᠭ ᠭᠡᠷ ᠪᠦᠯᠢ ᠵᠡᠷᠭᠡ ᠣᠨᠴᠣᠭᠤᠶ ᠲᠠᠲᠠᠪᠤᠷᠢᠯᠠᠭᠳᠠᠭᠰᠠᠨ ᠡᠷᠦᠬᠡ ᠳᠤ ᠴᠢᠭᠯᠡᠭᠦᠯᠦᠨ 2 ᠲᠡᠭᠰᠢ ᠳᠥᠷᠪᠡᠯᠵᠢᠨ ᠮᠧᠲᠷ ᠪᠤᠶᠤ 5000 ᠲᠥᠭᠦᠷᠢᠭ ᠤᠨ ᠣᠨᠴᠣᠭᠤᠶ ᠨᠥᠬᠦᠪᠥᠷᠢ ᠣᠯᠭᠤᠨ᠎ᠠ᠃       ᠪᠣᠳᠠᠲᠠᠶ ᠠᠵᠢᠯ ᠤᠨ ᠳᠤᠮᠳᠠ᠂ ᠵᠢᠨᠢᠩ ᠲᠣᠭᠤᠷᠢᠭ ᠤᠨ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢᠨ ᠬᠤᠭᠤᠴᠠᠭᠠᠲᠤ ᠭᠡᠷ ᠪᠠᠶᠢᠰᠢᠩ ᠣᠯᠠᠨ᠂ ᠪᠡᠯᠡᠨ ᠭᠡᠷ ᠪᠠᠶᠢᠰᠢᠩ ᠴᠥᠭᠡᠨ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠪᠠᠷ ᠪᠠᠶᠢᠭᠤᠯᠬᠤ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢᠨ ᠠᠳᠠᠭ ᠲᠠᠭᠠᠨ 18 ᠰᠠᠷ᠎ᠠ ᠶᠢᠨ ᠦᠶᠡᠯᠡᠯ ᠤᠨ ᠬᠤᠭᠤᠴᠠᠭ᠎ᠠ ᠬᠡᠷᠡᠭᠰᠡᠨ᠎ᠡ᠃ ᠣᠯᠠᠨ ᠲᠦᠮᠡᠨ ᠤ ᠣᠷᠣᠵᠤ ᠰᠠᠭᠤᠬᠤ ᠶᠢᠨ ᠲᠥᠯᠥᠭᠡ᠂ ᠪᠠᠰᠠ ᠭᠡᠷ ᠪᠠᠶᠢᠰᠢᠩ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠭᠡᠷ ᠪᠠᠶᠢᠰᠢᠩ ᠰᠣᠩᠭᠤᠵᠤ ᠲᠥᠪᠬᠢᠨᠡᠭᠰᠡᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠡᠷᠦᠬᠡ ᠳᠤ ᠠᠷᠠᠯᠵᠢᠶᠠᠨ ᠤ ᠭᠡᠷ᠎ᠡ ᠶᠢᠨ ᠭᠠᠶᠢᠯᠢ ᠶᠢᠨ ᠪᠦᠬᠦ ᠲᠣᠭᠠᠨ ᠤ ᠨᠥᠬᠦᠪᠥᠷᠢ ᠥᠭᠬᠦ ᠠᠴᠠ ᠭᠠᠳᠠᠨ᠎ᠠ᠂ ᠪᠠᠰᠠ ᠤᠤᠯ ᠤᠨ ᠣᠷᠣᠨ ᠰᠠᠭᠤᠴᠠ ᠶᠢᠨ ᠲᠠᠯᠠᠪᠠᠢ ᠶᠢᠨ ᠲᠡᠭᠰᠢ ᠳᠥᠷᠪᠡᠯᠵᠢᠨ ᠮᠧᠲᠷ ᠪᠦᠷᠢ ᠳᠤ ᠨᠥᠬᠦᠪᠥᠷᠢ ᠥᠭᠪᠡ᠃ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠲᠡ ᠨᠢᠭᠡᠨ ᠡᠳᠦᠷ ᠳᠥᠭᠦᠮ ᠪᠦᠳᠦᠴᠡᠳᠦ ᠣᠷᠣᠨ ᠰᠠᠭᠤᠴᠠ ᠠᠴᠠ ᠭᠠᠷᠭᠠᠨ ᠲᠥᠪᠬᠢᠨᠡᠭᠦᠯᠵᠦ᠂ ᠳᠥᠭᠦᠮ  ᠪᠦᠳᠦᠴᠡᠳᠦ  ᠣᠷᠣᠨ  ᠰᠠᠭᠤᠴᠠ  ᠎ ᠶᠢᠨ ᠲᠣᠭᠤᠷᠢᠭ ᠢ ᠥᠭᠡᠷᠡᠴᠢᠯᠡᠬᠦ ᠠᠵᠢᠯ ᠢ ᠦᠨᠡᠨᠬᠦ ᠪᠠᠲᠤᠯᠠᠵᠤ᠂ ᠠᠷᠠᠳ ᠤᠨ ᠰᠠᠨᠠᠭ᠎ᠠ ᠶᠢ ᠬᠦᠨᠳᠦᠳᠬᠡᠭᠰᠡᠨ ᠪᠠᠶᠢᠨ᠎ᠠ᠃      ᠭᠤᠷᠪᠠ᠂ ᠠᠷᠠᠳ ᠲᠤ ᠳᠥᠭᠦᠮ ᠦᠵᠡᠭᠦᠯᠵᠦ  ᠂ ᠠᠷᠠᠳ ᠲᠤ ᠠᠰᠢᠭᠲᠠᠢ ᠪᠣᠯᠭᠠᠵᠤ᠂ ᠠᠷᠠᠳ ᠲᠤ ᠦᠶᠯᠡᠴᠢᠯᠡᠬᠦ ᠬᠡᠷᠡᠭᠲᠡᠶ᠃ ᠣᠯᠠᠨ ᠲᠦᠮᠡᠨ ᠤ ᠲᠥᠯᠥᠭᠡ᠂ ᠪᠢᠳᠡ ᠴᠢᠶᠣᠤ ᠰᠢ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠥᠪᠯᠡᠷᠡᠩᠭᠦᠶ ᠲᠣᠭᠤᠷᠢᠭ ᠲᠤ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠵᠢᠯᠣᠭᠤᠳᠬᠤ ᠲᠢᠩᠬᠢᠮ ᠪᠠᠶᠢᠭᠤᠯᠪᠠ᠃ ᠨᠢᠭᠡ ᠳᠤ 46 ᠦᠶᠯᠡᠴᠢᠯᠡᠭᠡᠨ ᠤ  ᠴᠤᠩᠬᠤ ᠭᠠᠷᠭᠠᠵᠤ᠂ ᠭᠡᠷ ᠪᠠᠶᠢᠰᠢᠩ ᠤᠨ ᠢᠷᠡᠯᠲᠡ ᠶᠢ ᠲᠥᠪᠯᠡᠷᠡᠭᠦᠯᠦᠨ ᠰᠣᠩᠭᠤᠵᠤ ᠠᠪᠬᠤ᠂ ᠬᠡᠯᠡᠯᠴᠡᠭᠡᠷ ᠲᠣᠭᠲᠠᠵᠤ ᠬᠢᠨᠠᠨ ᠪᠤᠳᠤᠬᠤ᠂ ᠲᠠᠲᠠᠪᠤᠷᠢᠯᠠᠬᠤ ᠨᠥᠬᠦᠪᠥᠷᠢ ᠥᠭᠬᠦ᠂ ᠦᠯᠦ ᠬᠥᠳᠡᠯᠬᠦ ᠬᠥᠷᠥᠩᠭᠡ ᠶᠢ ᠪᠠᠶᠢᠴᠠᠭᠠᠨ ᠯᠠᠪᠯᠠᠬᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠵᠡᠮᠳᠡᠭ ᠢ ᠮᠠᠭᠠᠳᠯᠠᠨ ᠲᠣᠭᠲᠠᠭᠠᠬᠤ᠂ ᠡᠵᠡᠩᠨᠡᠯᠲᠡ ᠶᠢᠨ ᠦᠨᠡᠮᠯᠡᠯ ᠢ ᠮᠠᠭᠠᠳᠯᠠᠨ ᠲᠣᠭᠲᠠᠭᠠᠬᠤ᠂ ᠭᠡᠷ ᠪᠠᠶᠢᠰᠢᠩ ᠤᠨ ᠠᠷᠠᠯᠵᠢᠶ᠎ᠠ ᠬᠢᠬᠦ᠂ ᠭᠡᠷ ᠪᠠᠶᠢᠰᠢᠩ ᠲᠦᠷᠢᠶᠡᠰᠦᠯᠡᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠢᠨᠠᠯᠲᠠ ᠲᠠᠯᠪᠢᠬᠤ᠂ ᠪᠠᠩᠬᠢ ᠶᠢᠨ ᠲᠠᠰᠤᠯᠤᠨ ᠪᠤᠳᠤᠬᠤ ᠵᠡᠷᠭᠡ ᠲᠤᠬᠠᠶᠢᠯᠠᠭᠰᠠᠨ ᠠᠵᠢᠯ ᠤᠨ ︽ᠨᠢᠭᠡ ᠲᠢᠩᠬᠢᠮ ᠂ ᠨᠢᠭᠡ  ᠦᠷᠳᠡᠭᠡ︾᠎  ᠎ ᠶᠢᠨ ᠬᠡᠯᠪᠡᠷᠢ ᠪᠠᠷ ᠰᠢᠶᠳᠪᠦᠷᠢᠯᠡᠨ ᠳᠠᠭᠤᠰᠬᠠᠵᠤ᠂ ᠣᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠬᠠᠨᠤᠮᠵᠢᠲᠠᠶ ᠦᠶᠯᠡᠴᠢᠯᠡᠭᠡ ᠬᠠᠩᠭᠠᠪᠠ᠃ ᠬᠤᠶᠠᠷ ᠲᠤ᠂ ᠭᠡᠷ  ᠎ ᠲᠤᠨᠢ ᠣᠴᠢᠵᠤ ᠦᠶᠯᠡᠴᠢᠯᠡᠭᠡ ᠬᠠᠩᠭᠠᠵᠤ᠂ ᠬᠥᠯ ᠭᠠᠷ ᠳᠥᠭᠦᠮ ᠦᠭᠡᠢ᠂ ᠨᠠᠰᠤ ᠠᠬᠢᠭᠰᠠᠨ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠡᠷᠦᠬᠡ ᠳᠤ ᠠᠵᠢᠯᠲᠠᠨ ᠭᠡᠷ ᠪᠠᠶᠢᠰᠢᠩ ᠤᠨ ᠢᠷᠡᠯᠲᠡ ᠶᠢ ᠰᠣᠩᠭᠤᠨ ᠠᠪᠬᠤ᠂ ᠬᠡᠯᠡᠯᠴᠡᠭᠡᠷ ᠲᠣᠭᠲᠠᠬᠤ ᠵᠡᠷᠭᠡ ᠦᠶᠯᠡᠴᠢᠯᠡᠭᠡ ᠬᠠᠩᠭᠠᠨ᠎ᠠ᠃ ᠭᠤᠷᠪᠠ ᠳᠤ ᠢᠨᠲ᠋ᠧᠷ ᠰᠦᠯᠵᠢᠶ᠎ᠡ ᠪᠠᠷ ᠭᠡᠷ ᠪᠠᠶᠢᠰᠢᠩ ᠰᠣᠩᠭᠤᠬᠤ ᠲᠠᠪᠴᠠᠩ  ᠎ ᠢ ᠪᠠᠶᠢᠭᠤᠯᠵᠤ᠂ ᠭᠡᠷ ᠪᠠᠶᠢᠰᠢᠩ ᠤᠨ ᠢᠷᠡᠯᠲᠡ ᠶᠢ ᠨᠢᠭᠡᠳᠦᠯᠲᠡᠶ ᠬᠠᠮᠢᠶᠠᠷᠴᠤ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠺᠣᠮᠫᠢᠦ᠋ᠲ᠋ᠧᠷ ᠪᠤᠶᠤ ᠸᠢᠴᠠᠲ ᠠᠴᠠ ᠰᠢᠭᠤᠳ ᠰᠣᠩᠭᠤᠨ ᠠᠪᠬᠤ ᠶᠢᠨ ᠬᠠᠮᠲᠤ ᠭᠡᠷ ᠪᠠᠶᠢᠰᠢᠩ ᠤᠨ ᠢᠷᠡᠯᠲᠡ ᠶᠢ ᠲᠣᠭᠲᠠᠭᠠᠵᠤ᠂ ᠤᠷᠢᠳ ᠢᠶᠠᠷ ᠭᠠᠷ ᠤᠨ ᠦᠰᠦᠭ ᠵᠢᠷᠤᠵᠤ ᠤᠷᠢᠳ ᠢᠶᠠᠷ ᠰᠣᠩᠭᠤᠵᠤ᠂ ᠤᠷᠢᠳ ᠢᠶᠠᠷ ᠰᠢᠯᠢᠳᠡᠭ ᠢ ᠨᠢ ᠰᠣᠩᠭᠤᠵᠤ᠂ ᠰᠠᠭᠤᠭᠠᠯᠢ ᠠᠷᠠᠳ ᠤᠨ ᠭᠡᠷ ᠪᠠᠶᠢᠰᠢᠩ ᠰᠣᠩᠭᠤᠬᠤ ᠳᠤ ᠳᠥᠭᠦᠮ ᠨᠥᠬᠦᠴᠡᠯ ᠬᠠᠩᠭᠠᠵᠤ ᠪᠣᠯᠤᠨ᠎ᠠ᠃ ᠡᠭᠦᠨ ᠠᠴᠠ ᠭᠠᠳᠠᠨ᠎ᠠ᠂ ᠰᠦᠶᠳᠬᠡᠯ ᠬᠤᠷᠢᠶᠠᠬᠤ ᠦᠭᠡᠢ ᠪᠠᠷ ᠭᠡᠷ ᠪᠠᠶᠢᠰᠢᠩ ᠤᠨ ᠠᠷᠠᠯᠵᠢᠶᠠᠨ ᠤ ᠲᠠᠪᠴᠠᠩ  ᠎ ᠢ  ᠪᠠᠶᠢᠭᠤᠯᠵᠤ᠂ ᠭᠡᠷ ᠪᠠᠶᠢᠰᠢᠩ ᠬᠤᠳᠠᠯᠳᠤᠨ ᠠᠪᠬᠤ ᠪᠤᠶᠤ ᠲᠦᠷᠢᠶᠡᠰᠦᠯᠡᠬᠦ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠡᠷᠦᠬᠡ ᠨᠢ ᠴᠥᠮ ᠶᠡᠭᠡ  ᠲᠢᠩᠬᠢᠮ ᠤᠨ ᠳᠣᠲᠣᠷᠠᠬᠢ ᠮᠡᠳᠡᠭᠡ ᠵᠠᠩᠭᠢ ᠶᠢᠨ ᠲᠠᠪᠴᠠᠩ ᠠᠴᠠ ᠭᠡᠷ ᠪᠠᠶᠢᠰᠢᠩ ᠤᠨ ᠢᠷᠡᠯᠲᠡ ᠶᠢ ᠰᠣᠩᠭᠤᠵᠤ ᠪᠣᠯᠤᠨ᠎ᠠ᠂ ᠡᠭᠦᠨ ᠤ  ᠬᠠᠮᠲᠤ᠂ ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠯᠠᠪᠯᠠᠬᠤ᠂ ᠭᠠᠶᠢᠯᠢ ᠰᠦᠶᠳᠬᠡᠯ ᠲᠤᠰᠢᠶᠠᠬᠤ᠂ ᠥᠮᠴᠢᠯᠡᠬᠦ ᠡᠷᠬᠡ ᠶᠢ ᠬᠤᠪᠢᠷᠠᠭᠤᠯᠬᠤ ᠵᠡᠷᠭᠡ ᠭᠠᠷᠳᠠᠮ ᠢ ᠲᠥᠬᠦᠷᠵᠢᠭᠦᠯᠵᠦ᠂ ᠰᠠᠭᠤᠭᠠᠯᠢ ᠠᠷᠠᠳ ᠤᠨ ᠣᠯᠠᠨ ᠶᠠᠩᠵᠤᠯᠠᠭᠰᠠᠨ ᠣᠷᠣᠨ ᠰᠠᠭᠤᠴᠠ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠭᠰᠠᠨ ᠪᠠᠶᠢᠨ᠎ᠠ᠃       ᠳᠦᠷᠪᠡ᠂ ᠨᠠᠮ ᠤᠨ ᠭᠡᠰᠢᠭᠦᠨ ᠵᠢᠱᠢᠶ᠎ᠡ ᠦᠵᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠨ᠎ᠠ᠃ ︽ᠨᠠᠮ ᠵᠠᠰᠠᠭ ᠴᠡᠷᠢᠭ ᠠᠷᠠᠳ ᠰᠤᠷᠭᠠᠭᠤᠯᠢ᠂ ᠵᠡᠭᠦᠨ ᠪᠠᠷᠠᠭᠤᠨ ᠡᠮᠦᠨ᠎ᠡ ᠬᠤᠶᠢᠨ᠎ᠠ ᠲᠤᠮᠳᠠ ᠣᠷᠣᠨ ᠳᠤ ᠨᠠᠮ ᠠᠯᠢᠪᠠ ᠶᠢ ᠤᠳᠤᠷᠢᠳᠤᠨ᠎ᠠ︾᠂ ᠬᠡᠳᠦᠶ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠠᠵᠢᠯ ᠳᠤ ᠨᠠᠮ ᠤᠨ ᠪᠠᠶᠢᠭᠤᠯᠤᠯᠲᠠ ᠶᠢ ᠲᠡᠳᠦᠶ ᠴᠢᠩᠭᠠᠳᠬᠠᠬᠤ ᠬᠡᠷᠡᠭᠲᠡᠶ᠃ ᠨᠢᠭᠡ ᠳᠤ ᠵᠢᠯᠣᠭᠤᠳᠬᠤ ᠭᠠᠵᠠᠷ ᠲᠤ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠤᠨ ᠲᠦᠷ ᠴᠠᠭ ᠤᠨ ᠨᠠᠮ ᠤᠨ ᠬᠤᠷᠢᠶ᠎ᠠ ᠶᠢ ᠪᠠᠶᠢᠭᠤᠯᠵᠤ᠂ 19 ᠬᠡᠰᠡᠭ ᠣᠷᠣᠨ ᠤ ᠳᠣᠲᠣᠷ᠎ᠠ ᠲᠦᠷ ᠴᠠᠭ ᠤᠨ ᠨᠠᠮ ᠤᠨ ᠡᠭᠦᠷ ᠪᠠ 40 ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠵᠤ᠂ ᠨᠠᠮ ᠤᠨ ᠭᠡᠰᠢᠭᠦᠳ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠤᠨ ᠪᠤᠰᠤᠳ ᠭᠡᠰᠢᠭᠦᠳ ᠲᠠᠢ ᠬᠠᠮᠲᠤ ᠪᠠᠷ ᠠᠵᠢᠯ ᠦᠶᠯᠡᠰ ᠢᠶᠠᠨ ᠳᠡᠭᠡᠳᠦᠯᠡᠬᠦ ᠪᠠ ᠬᠤᠪᠢ ᠨᠡᠮᠡᠷᠢ ᠦᠵᠡᠭᠦᠯᠬᠦ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠬᠤᠰᠢᠭᠤᠴᠢ ᠴᠡᠷᠢᠭ  ᠎ ᠢ ᠪᠠᠳᠠᠷᠠᠭᠤᠯᠵᠤ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ︽ᠵᠢᠨᠢᠩ ᠤᠨ ᠵᠣᠷᠢᠭ ᠰᠠᠨᠠᠭ᠎ᠠ︾᠎ ᠶᠢ ᠪᠢᠴᠢᠭᠯᠡᠭᠰᠡᠨ ᠪᠠᠶᠢᠨ᠎ᠠ᠃ ᠬᠤᠶᠠᠷ ᠲᠤ᠂ ᠲᠠᠲᠠᠪᠤᠷᠢᠯᠠᠭᠳᠠᠭᠰᠠᠨ ᠡᠷᠦᠬᠡ ᠶᠢᠨ ᠳᠣᠲᠣᠷᠠᠬᠢ ᠠᠬᠠᠮᠠᠳ ᠨᠠᠮ ᠤᠨ ᠭᠡᠰᠢᠭᠦᠨ ᠲᠦᠷᠦᠭᠦᠯᠡᠨ ᠵᠢᠱᠢᠶ᠎ᠡ ᠦᠵᠡᠭᠦᠯᠵᠦ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠥᠷᠭᠡᠨ ᠣᠯᠠᠨ ᠲᠠᠲᠠᠪᠤᠷᠢᠯᠠᠭᠳᠠᠭᠰᠠᠨ ᠡᠷᠦᠬᠡ ᠳᠤ ᠢᠯᠠ ᠲᠣᠳᠣ ᠲᠤᠭ ᠲᠡᠮᠳᠡᠭ ᠪᠣᠰᠬᠠᠵᠤ ᠥᠭᠪᠡ᠃ ᠵᠢᠱᠢᠶᠡᠯᠡᠪᠡᠯ ᠠᠷᠪᠠᠳᠤᠭᠠᠷ ᠬᠡᠰᠡᠭ ᠤᠨ ᠲᠣᠭᠤᠷᠢᠭ ᠎ ᠳᠠᠬᠢ ᠯᠢᠦ ᠴᠦᠨ ᠢᠦᠶ ᠪᠣᠯ ᠨᠠᠮ ᠳᠤ ᠣᠷᠣᠭᠠᠳ ᠣᠯᠠᠨ ᠵᠢᠯ ᠪᠣᠯᠵᠤ ᠪᠠᠶᠢᠭ᠎ᠠ ᠨᠢᠭᠡᠨ ᠠᠬᠠᠮᠠᠳ ᠨᠠᠮ ᠤᠨ ᠭᠡᠰᠢᠭᠦᠨ ᠮᠥᠨ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠢ ᠥᠷᠨᠢᠭᠦᠯᠦᠭᠰᠡᠨ ᠤ ᠳᠠᠷᠠᠭ᠎ᠠ᠂ ᠠᠵᠢᠯᠲᠠᠳ ᠲᠠᠢ ᠢᠳᠡᠪᠬᠢᠲᠡᠶ ᠪᠠᠷ ᠬᠠᠮᠵᠢᠯᠴᠠᠨ ᠡᠷᠦᠬᠡ ᠳᠤ ᠣᠷᠣᠵᠤ᠂ ᠪᠠᠶᠢᠳᠠᠯ ᠢ ᠣᠶᠢᠯᠠᠭᠠᠵᠤ᠂ ᠬᠡᠮᠵᠢᠨ ᠵᠢᠷᠤᠭᠯᠠᠵᠤ᠂  ᠲᠥᠪᠬᠢᠨᠡᠭᠦᠯᠬᠦ ᠬᠡᠯᠡᠯᠴᠡᠭᠡᠷ ᠲᠣᠭᠲᠠᠭᠠᠭᠰᠠᠨ ᠪᠥᠭᠡᠳ ᠠᠵᠢᠯᠲᠠᠳ ᠲᠠᠢ ᠬᠠᠮᠵᠢᠯᠴᠠᠨ ᠬᠥᠷᠰᠢ ᠵᠡᠷᠭᠡᠯᠡᠳᠡᠭᠡ ᠠᠶᠢᠯ ᠳᠤ ᠦᠵᠡᠯ ᠰᠠᠨᠠᠭᠠᠨ ᠤ ᠠᠵᠢᠯ ᠬᠢᠵᠦ᠂ ᠨᠢᠭᠡᠨ ᠠᠬᠠᠮᠠᠳ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡᠯᠡᠯ ᠢ ᠭᠦᠶᠴᠡᠳ ᠢᠯᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠪᠤᠢ ᠪᠣᠯᠭᠠᠵᠤ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠵᠠᠶ᠃        ᠲᠠᠪᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠺᠠᠳ᠋ᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠬᠤᠪᠢ ᠬᠥᠮᠦᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠃ ᠬᠥᠮᠦᠨ ᠨᠢᠭᠡᠪᠦᠷᠢ ᠶᠢᠨ ᠦᠵᠡᠯ ᠰᠠᠨᠠᠭ᠎ᠠ ᠨᠢ ᠠᠳᠠᠯᠢ ᠦᠭᠡᠢ᠂ ᠲᠠᠨᠢᠯᠲᠠ ᠨᠢ ᠠᠳᠠᠯᠢ ᠦᠭᠡᠢ᠂ ᠨᠤᠲᠤᠭ ᠤᠰᠤᠨ ᠠᠴᠠ ᠪᠠᠨ ᠰᠠᠯᠵᠤ ᠴᠢᠳᠠᠬᠤ ᠦᠭᠡᠢ᠂ ᠪᠠᠰᠠ ᠬᠦᠰᠡᠯ ᠱᠠᠭᠠᠷᠳᠠᠯᠭ᠎ᠠ ᠦᠨᠳᠦᠷ᠂ ᠪᠠᠰᠠ ᠦᠯᠦ ᠮᠡᠳᠡᠷᠡᠬᠦ ᠦᠯᠦ ᠣᠶᠢᠯᠠᠭᠠᠬᠤ ᠪᠠᠶᠢᠳᠠᠯ ᠲᠠᠢ ᠪᠠᠶᠢᠳᠠᠭ᠂ ᠡᠶᠢᠮᠦ ᠠᠴᠠ᠂ ᠬᠤᠪᠢᠷᠠᠯᠲᠠ ᠨᠢᠭᠡᠪᠦᠷᠢ ᠶᠢᠨ ᠠᠷᠤ ᠳᠤ ᠴᠥᠮ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠪᠠᠶᠢᠵᠤ᠂ ᠨᠡᠭᠦᠬᠦ ᠶᠠᠪᠤᠴᠠ ᠨᠢᠭᠡᠪᠦᠷᠢ ᠨᠢ ᠴᠥᠮ ᠮᠤᠷᠤᠶ ᠰᠠᠷᠤᠶ ᠬᠠᠲᠠᠭᠤ ᠪᠡᠷᠬᠡᠰᠢᠶᠡᠯᠲᠡᠶ ᠥᠩᠭᠡᠷᠡᠯᠲᠡ ᠪᠣᠯᠬᠤ ᠶᠤᠮ᠃ ᠳᠥᠷᠪᠡᠨ ᠶᠡᠭᠡ ᠤᠳᠤᠷᠢᠳᠬᠤ ᠪᠠᠭ ᠪᠦᠬᠦ ᠶᠠᠪᠤᠴᠠ ᠳᠤ ᠣᠷᠣᠯᠴᠠᠵᠤ᠂ ᠬᠡᠰᠡᠭ ᠬᠤᠪᠢᠶᠠᠨ ᠬᠠᠷᠢᠭᠤᠴᠠᠭᠰᠠᠨ ᠢᠶᠠᠷ ᠪᠠᠷᠠᠬᠤ ᠦᠭᠡᠢ ᠪᠠᠰᠠ 45 ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠠᠴᠠ 1300 ᠭᠠᠷᠤᠶ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ᠂ 104 ᠠᠵᠢᠯᠯᠠᠬᠤ ᠳᠤᠭᠤᠶᠢᠯᠠᠩ ᠢ ᠪᠦᠷᠢᠯᠳᠦᠭᠦᠯᠵᠦ᠂ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠨᠢᠭᠡᠳᠦᠭᠡᠷ ᠹᠷᠣᠨᠲ ᠲᠤ ᠬᠦᠷᠴᠦ᠂ ᠡᠳᠦᠷ ᠰᠥᠨᠢ ᠦᠭᠡᠢ ᠬᠠᠲᠠᠭᠤᠵᠢᠯᠲᠠᠶ ᠠᠵᠢᠯᠯᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠠᠴᠠ ᠨᠡᠶᠢᠭᠡᠮ ᠲᠣᠭᠤᠷᠢᠭ ᠤᠨ ᠱᠦᠵᠢ᠂ ᠡᠷᠬᠢᠯᠡᠭᠴᠢ  ᠵᠡᠷᠭᠡ ᠤᠳᠤᠷᠢᠳᠬᠤ ᠺᠠᠳ᠋ᠷ ᠨᠢᠭᠡᠪᠦᠷᠢ ᠴᠥᠮ ᠬᠠᠷᠢᠭᠤᠴᠠᠯᠭ᠎ᠠ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠨᠢᠭᠡ ᠨᠢᠭᠡ ᠲᠥᠰᠦᠯ ᠢᠶᠠᠷ ᠶᠠᠷᠢᠯᠴᠠᠵᠤ᠂ ᠨᠢᠭᠡ ᠨᠢᠭᠡ ᠲᠥᠰᠦᠯ ᠢᠶᠠᠷ ᠶᠠᠷᠢᠯᠴᠠᠵᠤ᠂ ᠨᠢᠭᠡ ᠨᠢᠭᠡ ᠪᠠᠷ ᠳᠠᠭᠠᠵᠤ᠂ ᠨᠢᠭᠡ ᠨᠢᠭᠡ ᠪᠠᠷ ᠶᠠᠷᠢᠯᠴᠠᠵᠤ᠂ ᠨᠢᠭᠡ ᠨᠢᠭᠡ ᠪᠠᠷ ᠶᠠᠷᠢᠯᠴᠠᠵᠤ᠂ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠠᠷᠢᠵᠤ᠂ ᠶᠣᠰᠣ ᠶᠠᠷᠢᠵᠤ᠂ ᠨᠠᠷᠢᠨ ᠳᠠᠩᠰᠠ ᠪᠣᠳᠣᠵᠤ ᠥᠭᠭᠦᠭᠡᠳ ᠬᠠᠶᠢᠷ᠎ᠠ ᠰᠡᠳᠬᠢᠯᠭᠡ ᠪᠠᠨ ᠵᠤᠵᠠᠭᠠᠳᠬᠠᠨ᠂ ᠨᠥᠬᠦᠷᠯᠡᠯ ᠪᠠᠶᠢᠭᠤᠯᠵᠤ᠂  ᠠᠷᠠᠳ ᠲᠦᠮᠡᠨ ᠤ ᠢᠲᠡᠭᠡᠯ ᠢ ᠣᠯᠵᠤ᠂ ᠡᠴᠦᠰ ᠲᠡᠭᠡᠨ ᠬᠠᠮᠲᠤ ᠶᠢᠨ ᠲᠠᠨᠢᠯᠲᠠ ᠲᠠᠢ ᠪᠣᠯᠵᠠᠶ᠃ ᠣᠷᠣᠢ ᠪᠣᠯᠭᠠᠨ ᠳ᠋ᠧᠩ ᠠᠰᠠᠭᠠᠵᠤ ᠰᠥᠨᠢ ᠶᠢᠨ ᠪᠠᠶᠢᠯᠳᠤᠭᠠᠨ ᠬᠢᠵᠦ᠂ ᠨᠡᠭᠦᠯᠭᠡᠭᠰᠡᠨ ᠬᠥᠮᠦᠨ ᠪᠣᠯᠭᠠᠨ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠳᠠᠭ᠃ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ  ᠎ ᠢ ᠥᠭᠡᠷᠡᠴᠢᠯᠡᠨ ᠰᠢᠨᠡᠳᠬᠡᠬᠦ ᠪᠠᠷ ᠳᠠᠮᠵᠢᠨ᠂ ᠪᠢᠳᠡ ᠣᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠢᠳᠬᠦᠯ ᠴᠢᠷᠮᠠᠶᠢᠯᠭ᠎ᠠ ᠭᠠᠷᠭᠠᠬᠤ᠂  ᠪᠤᠳᠠᠳᠠᠢ ᠠᠵᠢᠯ ᠬᠢᠬᠦ᠂ ᠠᠵᠢᠯ ᠬᠢᠵᠦ ᠴᠢᠳᠠᠬᠤ ᠺᠠᠳ᠋ᠷ ᠤᠨ ᠡᠩᠨᠡᠭᠡ ᠶᠢ ᠬᠥᠮᠦᠵᠢᠭᠦᠯᠪᠡ᠃         ᠵᠢᠶ ᠬᠤᠩ ᠢᠯᠡᠷᠬᠡᠶᠢᠯᠡᠬᠦ ᠳᠡᠭᠡᠨ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ  ᠎ ᠢ ᠥᠭᠡᠷᠡᠴᠢᠯᠡᠨ ᠰᠢᠨᠡᠳᠬᠡᠬᠦ ᠪᠠᠷ ᠳᠠᠮᠵᠢᠨ᠂ ᠮᠠᠨ ᠤ ᠲᠤᠭᠤᠷᠢᠭ ᠬᠤᠲᠠ ᠶᠢᠨ ᠳᠦᠷᠰᠦ ᠪᠠᠶᠢᠳᠠᠯ ᠴᠣ᠋ ᠰᠢᠨ᠎ᠡ ᠲᠦᠷᠰᠦ ᠪᠠᠶᠢᠳᠠᠯ ᠲᠠᠢ ᠪᠣᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠨ᠂ ᠬᠤᠲᠠ ᠪᠠᠯᠭᠠᠰᠤᠨ ᠤ ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠶᠡᠭᠡ ᠪᠠᠷ ᠳᠡᠭᠡᠭᠰᠢᠯᠡᠵᠦ᠂ ᠬᠤᠲᠠ ᠶᠢᠨ ᠨᠡᠭᠦᠷᠡᠰᠦ ᠶᠢ ᠲᠠᠷᠠᠬᠠᠶ ᠰᠢᠲᠠᠭᠠᠬᠤ᠂ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠪᠠ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠵᠡᠷᠭᠡ ᠬᠠᠭᠤᠴᠢᠨ ᠪᠡᠷᠬᠡ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠨᠢᠭᠡ ᠪᠦᠯᠦᠭ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠠᠨᠤᠮᠵᠢ ᠶᠢᠨ ᠲᠥᠷᠥᠭᠳᠡᠯ᠂ ᠣᠮᠤᠭ ᠪᠠᠭ᠋ᠠᠳᠤᠯᠲᠤ ᠲᠥᠷᠥᠭᠳᠡᠯ ᠲᠠᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠠᠰᠢᠭ ᠢ ᠥᠷᠭᠡᠨ ᠣᠯᠠᠨ ᠲᠦᠮᠡᠨ ᠳᠤ ᠦᠨᠡᠨ ᠬᠦ ᠬᠦᠷᠲᠡᠭᠡᠪᠡ ᠭᠡᠵᠡᠶ  ᠃                                                     ᠤᠷᠴᠢᠭᠤᠯᠤᠭᠴᠢ᠄ ᠲᠤᠶᠠᠭ᠎ᠠ  
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2