ᠲᠥᠮᠥᠰᠥᠨ ᠤ ᠮᠦᠽᠧᠶ
ᠨᠡᠶᠢᠲᠡᠯᠡᠭᠰᠡᠨ ᠴᠠᠭ᠄
2019/8/5
                          ᠤᠯᠠᠭᠠᠨᠴᠠᠪ ᠤᠨ ᠲᠥᠮᠥᠰᠥᠨ ᠤ ᠮᠦᠽᠧᠶ ᠪᠣᠯ ᠲᠦᠮᠦᠰᠦᠨ ᠤ ᠡᠭᠦᠰᠦᠯ᠂ ᠲᠡᠤᠬᠡ᠂ ᠬᠥᠭᠵᠢᠯᠲᠡ᠂ ᠰᠣᠶᠣᠯ ᠵᠢᠴᠢ ᠲᠦᠮᠦᠰᠦᠨ ᠤ ᠬᠦᠭᠵᠢᠯᠳᠡ ᠶᠢ ᠤᠯᠠᠭᠠᠨᠴᠠᠪ ᠴᠢᠨᠠᠭᠰᠢᠯᠠᠪᠠᠯ ᠳᠤᠮᠳᠠᠳᠤ ᠤᠯᠤᠰ ᠳᠠᠬᠢ ᠣᠳᠣᠬᠢ ᠬᠦᠭᠵᠢᠯᠳᠡ ᠶᠢᠨ ᠪᠠᠶᠢᠳᠠᠯ ᠎ ᠢ ᠲᠤᠰᠬᠠᠭᠰᠠᠨ ᠮᠦᠽᠧᠶ ᠪᠣᠯᠤᠨ᠎ᠠ᠃ ᠮᠦᠽᠧᠶ ᠶᠢᠨ ᠲᠥᠯᠥᠪᠵᠢᠭᠦᠯᠭᠡ ᠶᠢᠨ ᠳᠡᠯᠭᠡᠨ ᠦᠵᠡᠭᠦᠯᠬᠦ ᠲᠠᠯᠠᠪᠠᠢ 3000 ᠲᠡᠭᠰᠢ ᠳᠥᠷᠪᠡᠯᠵᠢᠨ ᠮᠧᠲᠷ᠂ ᠨᠢᠭᠡᠳᠦᠭᠡᠷ ᠬᠤᠭᠤᠴᠠᠭᠠᠨ ᠤ ᠳᠡᠯᠭᠡᠨ ᠦᠵᠡᠭᠦᠯᠬᠦ ᠲᠠᠯᠠᠪᠠᠢ 1000 ᠲᠡᠭᠰᠢ ᠳᠥᠷᠪᠡᠯᠵᠢᠨ ᠮᠧᠲᠷ ᠪᠠᠶᠢᠵᠤ᠂ ᠳᠥᠷᠪᠡᠨ ᠦᠵᠡᠭᠦᠯᠦᠯᠭᠡ ᠶᠢᠨ ᠲᠣᠭᠤᠷᠢᠭ  ᠬᠤᠪᠢᠶᠠᠵᠠᠢ᠂ ᠲᠤᠬᠠᠶᠢᠯᠠᠪᠠᠯ᠄ ︽ᠬᠠᠯᠠᠮᠵᠢᠯᠠᠨ ᠳᠡᠮᠵᠢᠬᠦ︾ ︽ᠰᠣᠶᠣᠯ ᠬᠢᠭᠡᠳ ᠠᠵᠤ ᠦᠢᠯᠡᠰ︾ ︽ᠲᠠᠪᠴᠠᠩ ᠬᠢᠭᠡᠳ ᠠᠵᠤ ᠠᠬᠤᠶᠢᠯᠠᠯ︾ ︽ᠰᠢᠨ᠎ᠡ ᠶᠢ ᠡᠭᠦᠳᠴᠦ ᠢᠷᠡᠭᠡᠳᠦᠶ ᠶᠢ ᠢᠯᠠᠬᠤ︾ ᠪᠣᠯᠤᠨ᠎ᠠ᠃ ᠦᠵᠡᠭᠦᠯᠦᠯᠭᠡ ᠶᠢᠨ ᠲᠣᠭᠤᠷᠢᠭ ᠨᠢ ᠦᠰᠦᠭ ᠪᠢᠴᠢᠭ᠂ ᠵᠢᠷᠤᠭ ᠳᠦᠷᠰᠦ᠂ ᠡᠳ᠋ ᠪᠣᠳᠠᠰ᠂ ᠵᠠᠭᠪᠤᠷ᠂  ᠲᠦᠷᠰᠦ ᠰᠢᠩᠭᠡᠭᠡᠯᠳᠡ ᠵᠡᠷᠭᠡ ᠶᠡᠷᠦᠩᠬᠡᠶᠢᠯᠡᠭᠰᠡᠨ ᠳᠡᠯᠭᠡᠨ ᠦᠵᠡᠬᠦᠯᠬᠦ ᠠᠷᠭ᠎ᠠ ᠪᠠᠷᠢᠯ ᠢᠶᠠᠷ ᠳᠠᠮᠵᠢᠨ᠂  ᠲᠦᠮᠦᠰᠦᠨ ᠤ ᠡᠭᠦᠰᠦᠯ ᠪᠠ ᠲᠡᠤᠬᠡ᠂ ᠳᠠᠮᠵᠢᠭᠤᠯᠭ᠎ᠠ ᠪᠠ ᠬᠥᠭᠵᠢᠯᠲᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠤᠯᠠᠭᠠᠨᠴᠠᠪ ᠬᠤᠲᠠ ᠶᠢᠨ ᠲᠦᠮᠦᠰᠦᠨ ᠤ ᠠᠵᠤ ᠦᠢᠯᠡᠰ ᠤᠨ ᠬᠥᠭᠵᠢᠯᠲᠡ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠭᠤᠤᠯ ᠴᠣᠭᠴᠠ᠂ ᠴᠢᠳᠠᠪᠤᠷᠢᠲᠠᠨ ᠤ ᠪᠠᠶᠢᠭᠤᠯᠤᠯᠲᠠ᠂ ᠨᠡᠶᠢᠭᠡᠮ ᠤᠨ ᠠᠵᠤ ᠠᠬᠤᠢ ᠶᠢᠨ ᠦᠷ᠎ᠡ ᠠᠰᠢᠭ ᠵᠡᠷᠭᠡ ᠲᠠᠯ᠎ᠠ ᠪᠠᠷ ᠣᠯᠤᠭᠰᠠᠨ  ᠠᠮᠵᠢᠯᠳᠠ ᠶᠢ ᠳᠡᠯᠭᠡᠨ ᠦᠵᠡᠭᠦᠯᠵᠡᠶ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2