ᠤᠯᠠᠭᠠᠨᠴᠠᠪ ᠮᠦᠽᠧᠶ
ᠨᠡᠶᠢᠲᠡᠯᠡᠭᠰᠡᠨ ᠴᠠᠭ᠄
2019/8/7
                  ᠤᠯᠠᠭᠠᠨᠴᠠᠪ ᠮᠦᠽᠧᠶ 1992᠎  ︵ᠠᠶᠢᠮᠠᠭ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠥᠷᠲᠡᠭᠡ︶᠎ ᠳᠤ ᠪᠠᠶᠢᠭᠤᠯᠤᠭᠳᠠᠵᠤ᠂ ᠤᠳᠤ ᠵᠢᠨᠢᠩ ᠰᠢᠨ᠎ᠡ ᠲᠣᠭᠤᠷᠢᠭ ᠤᠨ ᠵᠠᠰᠠᠭ ‍ᠤᠨ‌ᠤᠷᠳᠤᠨ ᠤ ᠠᠭᠤᠳᠠᠮ ᠲᠠᠯᠠᠪᠠᠢ ᠶᠢᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠵᠤ᠂ ᠶᠡᠷᠤᠩᠬᠡᠢ ᠲᠠᠯᠠᠪᠠᠢ ᠨᠢ 48570 ᠲᠡᠭᠰᠢ ᠳᠥᠷᠪᠡᠯᠵᠢᠨ ᠮᠧᠲᠷ ᠡᠵᠡᠯᠡᠵᠦ᠂ ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ 20716.81 ᠲᠡᠭᠰᠢ ᠳᠥᠷᠪᠡᠯᠵᠢᠨ ᠮᠧᠲᠷ ᠪᠠᠶᠢᠵᠤ᠂ ᠤᠯᠠᠭᠠᠨᠴᠠᠪ ᠬᠤᠲᠠ ᠶᠢᠨ ᠴᠣᠷ ᠤᠨ ᠭᠠᠭᠴᠠ ᠣᠷᠣᠨ ᠤ ᠲᠡᠰ ᠤᠨ ᠮᠦᠽᠧᠶ ᠪᠠᠶᠢᠵᠤ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠬᠤ᠂ ᠡᠷᠳᠡᠨ ᠤ ᠪᠤᠳᠠᠰ ᠢ ᠠᠭᠤᠳᠠᠯᠠᠨ ᠢᠯᠡᠷᠡᠭᠦᠯᠬᠦ᠂ ᠲᠤᠷᠡᠰᠬᠠᠯᠳᠦ ᠡᠳ᠋ ᠪᠣᠳᠠᠰ ᠢ ᠬᠠᠳᠠᠭᠠᠯᠠᠨ ᠬᠠᠮᠢᠶᠠᠷᠬᠤ᠂ ᠳᠡᠯᠭᠡᠨ ᠦᠵᠡᠭᠦᠯᠵᠦ ᠤᠬᠠᠭᠤᠯᠤᠨ ᠬᠥᠮᠦᠵᠢᠭᠦᠯᠬᠦ ᠵᠡᠷᠭᠡ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠬᠠᠷᠢᠭᠤᠴᠠᠵᠦ ᠪᠠᠶᠢᠳᠠᠭ᠃ ᠲᠤᠰ ᠣᠷᠳᠣᠨ ᠤ ᠪᠠᠷᠢᠯᠭ᠎ᠠ ᠶᠢᠨ ᠬᠡᠪ ᠨᠠᠮᠪᠠ ᠨᠢ ᠬᠤᠷᠴᠠ ᠴᠢᠩᠭ᠎ᠠ ᠴᠠᠭ ᠦᠶ᠎ᠡ ᠶᠢᠨ ᠠᠭᠤᠷ ᠠᠮᠢᠰᠬᠤᠯ᠂ ᠬᠤᠷᠴᠠ ᠲᠣᠳᠣ ᠦᠨᠳᠦᠰᠦᠲᠡᠨ ᠤ ᠤᠡᠴᠠᠯᠢᠭ ᠢ ᠢᠯᠡᠷᠡᠭᠦᠯᠵᠦ  ᠪᠠᠶᠢᠳᠠᠭ  ᠃ ᠳᠣᠲᠣᠷ᠎ᠠ ᠨᠢ ᠦᠨᠳᠦᠰᠦᠨ ᠲᠢᠩᠬᠢᠮ᠂ ᠲᠦᠷ ᠴᠠᠭ ᠤᠨ ᠦᠵᠡᠭᠦᠯᠦᠯᠭᠡ ᠶᠢᠨ ᠲᠢᠩᠬᠢᠮ᠂ ᠣᠯᠠᠨ ᠴᠢᠳᠠᠮᠵᠢᠲᠤ ᠲᠢᠩᠬᠢᠮ᠂ ᠬᠡᠤᠬᠡᠳ ᠪᠠᠭᠠᠴᠤᠳ ᠤᠨ ᠬᠠᠷᠢᠯᠴᠠᠨ  ᠤᠶᠢᠯᠠᠭᠠᠯᠴᠠᠬᠤ ᠲᠤᠭᠤᠷᠢᠭ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠳᠠᠭᠠᠯᠠᠮᠵᠢ ᠶᠢᠨ ᠬᠥᠮᠥᠷᠭᠡ ᠵᠢᠴᠢ ᠠᠵᠢᠯᠯᠠᠬᠤ ᠭᠠᠵᠠᠷ ᠪᠠᠶᠢᠨ᠎ᠠ᠃ ᠮᠦᠽᠧᠶ ᠨᠢ ᠲᠡᠤᠬᠡ ᠶᠢᠨ ᠳᠤᠷᠠᠰᠬᠠᠯᠲᠤ ᠵᠦᠶᠯᠡᠰ ᠢ ᠬᠤᠷᠢᠶᠠᠨ ᠬᠠᠳᠠᠭᠠᠯᠠᠬᠤ ᠶᠢᠨ ᠬᠠᠮᠲᠤ᠂ ᠳᠡᠯᠭᠡᠨ ᠦᠵᠡᠭᠦᠯᠬᠦ ᠣᠷᠣᠨ ᠵᠠᠶ ᠬᠠᠩᠭᠠᠵᠤ᠂ ᠭᠠᠳᠠᠭᠠᠳᠤ ᠬᠠᠷᠢᠯᠴᠠᠭ᠎ᠠ᠂ ᠰᠤᠷᠭᠠᠨ ᠬᠥᠮᠦᠵᠢᠭᠦᠯᠬᠦ ᠪᠠ ᠰᠣᠶᠣᠯ ᠢ ᠤᠯᠠᠮᠵᠢᠯᠠᠨ ᠳᠡᠯᠭᠡᠷᠡᠭᠦᠯᠬᠦ ᠴᠢᠳᠠᠮᠵᠢ ᠶᠢ ᠭᠦᠶᠴᠡᠳ ᠢᠯᠡᠷᠡᠭᠦᠯᠵᠦ ᠪᠠᠶᠢᠳᠠᠭ᠃ ᠤᠯᠠᠭᠠᠨᠴᠠᠪ ᠮᠦᠽᠧᠶ ᠨᠢ ᠲᠡᠤᠬᠡ ᠶᠢᠨ ᠳᠤᠷᠠᠰᠬᠠᠯᠲᠤ ᠵᠦᠶᠯᠡᠰ ᠢᠶᠠᠷ ᠭᠤᠤᠯ ᠴᠣᠭᠴᠠ ᠪᠣᠯᠭᠠᠵᠤ᠂ ᠤᠯᠠᠭᠠᠨᠴᠠᠪ ᠬᠤᠲᠠ ᠶᠢᠨ ᠬᠢᠯᠢ ᠳᠣᠲᠣᠷᠠᠬᠢ ᠬᠠᠭᠤᠴᠢᠨ ᠴᠢᠯᠠᠭᠤᠨ ᠵᠡᠪᠰᠡᠭ ᠤᠨ ᠦᠶ᠎ᠡ ᠠᠴᠠ ᠨᠠᠭᠠᠰᠢᠬᠢ ᠣᠯᠳᠠᠭᠰᠠᠨ ᠪᠠ ᠴᠤᠭᠯᠠᠭᠤᠯᠤᠭᠰᠠᠨ ᠲᠡᠤᠬᠡ ᠶᠢᠨ ᠳᠤᠷᠠᠰᠬᠠᠯᠲᠤ ᠵᠦᠶᠯᠡᠰ᠂ ᠪᠠᠭᠤᠷᠢ ᠶᠢᠨ ᠰᠡᠭᠦᠳᠡᠷ ᠵᠢᠴᠢ ᠬᠤᠯᠪᠣᠭᠳᠠᠯ ᠪᠦᠬᠦᠢ ᠲᠣᠪᠴᠢ ᠲᠠᠨᠢᠯᠴᠠᠭᠤᠯᠭ᠎ᠠ ᠲᠠᠢ ᠪᠠᠶᠢᠵᠤ᠂ ᠤᠮᠠᠷᠠᠲᠤ ᠶᠢᠨ ᠦᠨᠳᠦᠰᠦᠲᠡᠨ ᠤ ᠠᠮᠢᠳᠤᠷᠠᠯ᠂ ᠦᠶᠯᠡᠳᠪᠦᠷᠢᠯᠡᠯ ᠵᠢᠴᠢ ᠪᠦᠲᠦᠭᠡᠨ ᠪᠠᠶᠢᠭᠤᠯᠤᠯᠲᠠ ᠶᠢᠨ ᠤᠨᠴᠠᠯᠢᠭ ᠢ ᠭᠦᠶᠴᠡᠳ ᠲᠤᠰᠬᠠᠭᠰᠠᠨ ᠪᠠᠶᠢᠨ᠎ᠠ᠃      ᠬᠠᠶ᠋ᠢᠭ᠄ ᠵᠢᠨᠢᠩ ᠰᠢᠨ᠎ᠡ ᠲᠣᠭᠤᠷᠢᠭ ᠤᠨ ᠶᠦᠩ ᠨᠢᠩ ᠵᠠᠮ      ᠤᠲᠠᠰᠤ᠄ 0474 — 8309553
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2