ᠳ᠋ᠥᠸᠧ ᠮᠧᠩ ᠳ᠋ᠧ ᠬᠤᠤ ᠱᠧᠩ ᠶᠡᠭᠡ ᠪᠠᠭᠤᠳᠠᠯ
ᠨᠡᠶᠢᠲᠡᠯᠡᠭᠰᠡᠨ ᠴᠠᠭ᠄
2019/9/2
             ᠤᠯᠠᠭᠠᠨᠴᠠᠪ ᠤᠨ ᠳ᠋ᠥᠸᠧ ᠮᠧᠩ ᠳ᠋ᠧ ᠬᠤᠤ ᠱᠧᠩ ᠶᠡᠭᠡ ᠪᠠᠭᠤᠳᠠᠯ ᠨᠢ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠫᠢᠩ ᠳ᠋ᠢ ᠴᠢᠤᠸᠠᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠥᠪᠥᠷ ᠮᠣᠩᠭᠤᠯ ᠤᠨ ᠪᠥᠸᠧ ᠴᠧᠩ ᠭᠤᠸᠠᠩ ᠢᠦᠶ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠪᠦᠬᠦ ᠪᠥᠮᠪᠥᠷᠴᠡᠭ ᠤᠨ ᠲᠡᠷᠢᠭᠦᠨ ᠲᠡᠰ ᠤᠨ ᠪᠠᠭᠤᠳᠠᠯ ᠤᠨ ᠨᠠᠷᠠᠲᠤ ᠲᠡᠮᠳᠡᠭ — ᠬᠤᠤ ᠱᠧᠩ ᠣᠯᠠᠨ ᠤᠯᠤᠰ ᠤᠨ ᠪᠠᠭᠤᠳᠠᠯ ᠤᠨ ᠪᠦᠯᠦᠭᠯᠡᠯ ᠠᠴᠠ ᠡᠵᠡᠩᠨᠡᠨ ᠬᠠᠮᠢᠶᠠᠷᠠᠵᠦ᠂ ᠮᠠᠨ ᠤ ᠬᠤᠲᠠ ᠶᠢᠨ ᠳᠠᠪᠤᠨ ᠤᠳᠤᠨ ᠲᠡᠰ ᠤᠨ ᠣᠯᠠᠨ ᠤᠯᠤᠰ ᠎ ᠤᠨ ᠨᠠᠷᠠᠲᠤ ᠲᠡᠮᠳᠡᠭ ᠤᠨ ᠪᠠᠭᠤᠳᠠᠯ ᠪᠣᠯᠤᠨ᠎ᠠ᠃      ᠵᠣᠴᠢᠳ ᠤᠨ ᠪᠠᠭᠤᠳᠠᠯ ᠢ ᠭᠤᠤᠯ ᠠᠰᠠᠷ ᠪᠣᠯᠤᠨ ᠡᠷᠬᠢᠮ ᠵᠣᠴᠢᠳ ᠤᠨ ᠠᠰᠠᠷ᠂ 6 ᠴᠢᠳᠠᠮᠵᠢᠲᠤ ᠣᠷᠣᠨ ᠭᠡᠵᠦ ᠬᠤᠪᠢᠶᠠᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 9.3 ᠲᠦᠮᠡᠨ ᠲᠡᠭᠰᠢ ᠳᠥᠷᠪᠡᠯᠵᠢᠨ ᠮᠧᠲᠷ᠂ 500 ᠲᠠᠰᠤᠯᠭ᠎ᠠ ᠲᠠᠰᠤᠯᠭ᠎ᠠ ᠵᠣᠴᠢᠳ ᠤᠨ ᠥᠷᠥᠭᠡ ᠲᠠᠢ᠂ 5 ᠲᠦᠷᠦᠯ ᠤᠨ ᠬᠡᠪ ᠨᠠᠮᠪᠠ ᠲᠠᠢ ᠬᠤᠭᠤᠯᠠᠨ ᠭᠡᠷ ᠵᠢᠴᠢ 1 ᠬᠤᠷᠠᠯ ᠤᠨ ᠮᠡᠳᠡᠭᠦᠯᠦᠯᠲᠡ ᠶᠢᠨ ᠲᠢᠩᠬᠢᠮ᠂ 5 ᠶᠡᠭᠡ ᠬᠤᠷᠠᠯ ᠤᠨ ᠬᠡᠷ ᠲᠠᠢ ᠪᠠᠶᠢᠵᠤ᠂ ᠨᠢᠭᠡ ᠤᠳᠠᠭ᠎ᠠ ᠳᠤ 800 ᠭᠠᠷᠤᠶ ᠬᠥᠮᠦᠨ ᠬᠤᠨᠣᠭᠯᠠᠵᠤ᠂ 1800 ᠭᠠᠷᠤᠶ ᠬᠥᠮᠦᠨ ᠬᠤᠭᠤᠯᠠ ᠢᠳᠡᠵᠦ᠂ 800 ᠭᠠᠷᠤᠶ ᠬᠥᠮᠦᠨ ᠡᠯ᠎ᠡ ᠲᠥᠷᠥᠯ ᠤᠨ ᠬᠤᠷᠠᠯ ᠬᠢᠵᠦ ᠪᠣᠯᠤᠨ᠎ᠠ᠃ ᠡᠭᠦᠨ ᠳᠤ᠄ ᠭᠤᠣᠯ ᠠᠰᠠᠷ ᠤᠨ ᠶᠡᠷᠦᠩᠬᠡᠢ ᠪᠠᠷᠢᠯᠭ᠎ᠠ ᠶᠢᠨ ᠲᠠᠯᠠᠪᠠᠢ 47506 ᠲᠡᠭᠰᠢ ᠳᠥᠷᠪᠡᠯᠵᠢᠨ ᠮᠧᠲᠷ  ᠂ ᠣᠳᠣ ᠨᠢᠭᠡᠨᠲᠡ ᠠᠰᠢᠭᠯᠠᠯᠲᠠ ᠳᠤ ᠣᠷᠣᠵᠠᠢ᠃ A᠂ B᠂ C᠂ D᠂ E ᠲᠠᠪᠤᠨ ᠴᠢᠳᠠᠮᠵᠢᠲᠤ ᠣᠷᠣᠨ ᠭᠡᠵᠦ ᠬᠤᠪᠢᠶᠠᠨ᠎ᠠ᠃ A ᠲᠣᠭᠤᠷᠢᠭ ︵ᠭᠠᠵᠠᠷ ᠳᠣᠤᠷᠠᠬᠢ 1 ᠳᠠᠪᠬᠤᠷᠭ᠎ᠠ᠂ ᠭᠠᠵᠠᠷ ᠳᠡᠭᠡᠷᠡᠬᠢ 3 ᠳᠠᠪᠬᠤᠷᠭ᠎ᠠ︶᠎ ᠨᠢ ᠰᠣᠶᠣᠯ ᠴᠡᠩᠭᠡᠯ ᠤᠨ ᠬᠥᠳᠡᠯᠭᠡᠭᠡᠨ ᠤ ᠲᠥᠪ ᠪᠠᠶᠢᠵᠤ᠂ ᠪᠠᠷᠢᠯᠭ᠎ᠠ ᠶᠢᠨ ᠲᠠᠯᠠᠪᠠᠢ ᠨᠢ 10 ᠺᠦᠪ ᠲᠡᠭᠰᠢ ᠳᠥᠷᠪᠡᠯᠵᠢᠨ ᠮᠧᠲᠷ ᠪᠠᠶᠢᠵᠤ᠂ ᠥᠨᠳᠥᠷ ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ ᠲᠥᠪ᠂ ᠭᠡᠷ ᠳᠣᠲᠣᠷᠠᠬᠢ ᠤᠮᠪᠠᠯᠲᠠ ᠶᠢᠨ ᠴᠥᠭᠦᠷᠥᠮ᠂ ᠲᠣᠤᠷ ᠰᠦᠯᠵᠢᠶ᠎ᠡ᠂ ᠪᠡᠶ᠎ᠡ ᠤᠬᠢᠶᠠᠬᠤ ᠲᠥᠪ ᠪᠠ K T V ᠵᠡᠷᠭᠡ ᠲᠠᠯᠠᠪᠤᠷ ᠭᠠᠵᠠᠷ ᠲᠠᠢ  ᠃ B ᠲᠣᠭᠤᠷᠢᠭ ︵ᠭᠠᠵᠠᠷ ᠳᠣᠤᠷᠠᠬᠢ 1 ᠳᠠᠪᠬᠤᠷᠭ᠎ᠠ᠂ ᠭᠠᠵᠠᠷ ᠳᠡᠭᠡᠷᠡᠬᠢ 15 ᠳᠠᠪᠬᠤᠷᠭ᠎ᠠ︶᠎ ᠨᠢ ᠵᠣᠴᠢᠨ ᠤ ᠥᠷᠥᠭᠡ ᠶᠢᠨ ᠦᠶᠯᠡᠴᠢᠯᠡᠭᠡᠨ ᠤ ᠲᠥᠪ ᠪᠣᠯᠵᠤ᠂ ᠪᠠᠷᠢᠯᠭ᠎ᠠ ᠶᠢᠨ ᠲᠠᠯᠠᠪᠠᠢ ᠨᠢ 2142 ᠲᠡᠭᠰᠢ ᠳᠥᠷᠪᠡᠯᠵᠢᠨ ᠮᠧᠲᠷ ᠪᠠᠶᠢᠵᠤ᠂ 210 ᠲᠠᠰᠤᠯᠭ᠎ᠠ ᠵᠣᠴᠢᠨ ᠤ ᠥᠷᠥᠭᠡ ︵20 ᠲᠠᠰᠤᠯᠭ᠎ᠠ︶ ᠲᠣᠬᠢᠷᠠᠭᠤᠯᠵᠤ᠂ 400 ᠭᠠᠷᠤᠶ ᠬᠥᠮᠦᠨ ᠬᠤᠨᠣᠵᠤ ᠪᠣᠯᠤᠨ᠎ᠠ  ᠃ C ᠲᠣᠭᠤᠷᠢᠭ ︵ᠭᠠᠵᠠᠷ ᠳᠣᠤᠷᠠᠬᠢ 1 ᠳᠠᠪᠬᠤᠷᠭ᠎ᠠ᠂ ᠭᠠᠵᠠᠷ ᠳᠡᠭᠡᠷᠡᠬᠢ 3 ᠳᠠᠪᠬᠤᠷᠭ᠎ᠠ︶᠎ ᠨᠢ ᠳᠠᠶᠢᠯᠠᠯᠭ᠎ᠠ ᠶᠢᠨ ᠲᠥᠪ ᠪᠣᠯᠵᠤ᠂ ᠪᠠᠷᠢᠯᠭ᠎ᠠ ᠶᠢᠨ ᠲᠠᠯᠠᠪᠠᠢ ᠨᠢ 10916 ᠲᠡᠭᠰᠢ ᠳᠥᠷᠪᠡᠯᠵᠢᠨ ᠮᠧᠲᠷ᠂ ᠲᠠᠯᠠᠪᠠᠢ ᠨᠢ 950 ᠲᠡᠭᠰᠢ ᠳᠥᠷᠪᠡᠯᠵᠢᠨ ᠮᠧᠲᠷ ᠪᠦᠬᠦᠢ ᠲᠤᠯᠭᠠᠭᠤᠷᠢ ᠦᠭᠡᠢ ᠬᠡᠯᠪᠡᠷᠢ ᠶᠢᠨ ᠳᠠᠶᠢᠯᠠᠯᠭ᠎ᠠ ᠶᠢᠨ ᠲᠢᠩᠬᠢᠮ᠂ 2 ᠣᠯᠠᠨ ᠴᠢᠳᠠᠮᠵᠢᠲᠤ ᠲᠢᠩᠬᠢᠮ ᠪᠠ 1 ᠬᠦᠨᠳᠦᠲᠦ ᠵᠣᠴᠢᠳ ᠤᠨ ᠲᠢᠩᠬᠢᠮ ᠲᠠᠢ᠂ ᠨᠢᠭᠡ ᠤᠳᠠᠭ᠎ᠠ 1000 ᠬᠥᠮᠦᠨ ᠬᠤᠭᠤᠯᠠ ᠢᠳᠡᠵᠦ ᠪᠣᠯᠤᠨ᠎ᠠ᠃ D ᠲᠣᠭᠤᠷᠢᠭ ︵ᠭᠠᠵᠠᠷ ᠳᠡᠭᠡᠷᠡᠬᠢ 2 ᠳ᠋ᠤᠭᠠᠷ ᠳᠠᠪᠬᠤᠷᠭ᠎ᠠ︶᠎ ᠢᠶᠠᠷ ᠬᠤᠷᠠᠯ ᠤᠨ ᠲᠥᠪ ᠪᠣᠯᠭᠠᠵᠤ᠂ ᠪᠠᠷᠢᠯᠭ᠎ᠠ ᠶᠢᠨ ᠲᠠᠯᠠᠪᠠᠢ ᠨᠢ 3898 ᠲᠡᠭᠰᠢ ᠳᠥᠷᠪᠡᠯᠵᠢᠨ ᠮᠧᠲᠷ᠂ 1 ᠮᠡᠳᠡᠭᠦᠯᠦᠯᠲᠡ ᠶᠢᠨ ᠲᠢᠩᠬᠢᠮ᠂ 5 ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡ ᠯᠡ ᠤᠳᠠᠭ᠎ᠠ ᠳᠡᠭᠡᠷ᠎ᠡ 840 ᠬᠥᠮᠦᠨ ᠢ ᠰᠣᠩᠭᠤᠵᠤ ᠪᠣᠯᠤᠨ᠎ᠠ᠃ E ᠲᠣᠭᠤᠷᠢᠭ ᠨᠢ ᠬᠤᠭᠤᠯᠠ ᠤᠮᠳᠠᠭᠠᠨ ᠤ ᠣᠷᠣᠨ ᠪᠠᠶᠢᠵᠤ᠂ ᠪᠠᠷᠢᠯᠭ᠎ᠠ ᠶᠢᠨ ᠲᠠᠯᠠᠪᠠᠢ ᠨᠢ 7494 ᠲᠡᠭᠰᠢ ᠳᠥᠷᠪᠡᠯᠵᠢᠨ ᠮᠧᠲᠷ ᠪᠠᠶᠢᠵᠤ᠂ 1ᠳᠠᠶᠢᠯᠠᠯᠭ᠎ᠠ ᠶᠢᠨ ᠲᠢᠩᠬᠢᠮ᠂ 39 ᠲᠤᠰᠬᠠᠶ ᠥᠷᠥᠭᠡ ᠲᠣᠬᠢᠷᠠᠭᠤᠯᠵᠤ᠂ 800 ᠬᠥᠮᠦᠨ ᠬᠤᠭᠤᠯᠠ ᠢᠳᠡᠵᠦ ᠪᠣᠯᠤᠨ᠎ᠠ᠃ ᠡᠷᠬᠢᠮ ᠵᠣᠴᠢᠳ ᠤᠨ ᠠᠰᠠᠷ ᠨᠢ F ᠲᠣᠭᠤᠷᠢᠭ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 33000 ᠲᠡᠭᠰᠢ ᠳᠥᠷᠪᠡᠯᠵᠢᠨ ᠮᠧᠲᠷ ᠪᠠᠶᠢᠵᠤ᠂  ᠬᠦᠨᠳᠦᠳᠦ ᠵᠤᠴᠢᠳ ᠤᠨ ᠲᠠᠰᠤᠯᠭ᠎ᠠ 290᠎  ᠪᠠᠶᠢᠵᠦ 5000 ᠲᠡᠭᠰᠢ ᠳᠥᠷᠪᠡᠯᠵᠢᠨ ᠮᠧᠲᠷ ᠤᠨ ᠠᠵᠢᠯᠲᠠᠨ ᠤ ᠪᠠᠶᠢᠷᠢ ᠪᠠ ᠠᠯᠪᠠᠯᠠᠬᠤ ᠠᠰᠠᠷ ᠲᠠᠢ ᠪᠠᠶᠢᠳᠠᠭ᠃        ᠤᠲᠠᠰᠤ᠄ 0474 - 3688889
                                          ᠤᠷᠴᠢᠭᠤᠯᠤᠭᠴᠢ᠄ ᠲᠤᠶᠠᠭ᠎ᠠ                                           ᠬᠢᠨᠠᠭᠴᠢ᠄ ᠲᠠᠷᠬᠢᠯ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2