2020 ᠣᠨ ᠳᠤ ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠎ ᠤᠨ ᠱᠠᠩᠨᠠᠯ ᠣᠯᠭᠤᠬᠤ ᠦᠪᠡᠳᠡᠭᠰᠢ ᠶᠣᠰᠣᠯᠠᠯ ᠵᠢᠨᠢᠩ ᠳᠤ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019/9/20
     ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠤᠨ ᠪᠠᠶᠢᠭ᠎ᠠ ᠭᠠᠵᠠᠷ ᠸᠡᠨᠺᠦ᠋ᠸᠧᠷ ᠰᠡᠭᠦᠯᠴᠢ ᠶᠢᠨ ᠬᠤᠭᠤᠴᠠᠭᠠᠨ ᠤ  ᠬᠦᠴᠦᠷᠭᠡᠭ ᠶᠡᠭᠡ ᠵᠤᠬᠢᠶᠠᠨ ᠪᠦᠳᠦᠭᠡᠯ ᠲᠠᠢ ᠲᠡᠷᠢᠭᠦᠨ ᠤ ᠮᠡᠷᠭᠡᠵᠢᠯ ᠢᠶᠠᠷ ︽ᠤᠮᠠᠷᠠᠲᠤ ᠶᠢᠨ ᠾᠤᠯᠢᠸᠤᠤᠳ᠋︾ ᠬᠡᠮᠡᠭᠳᠡᠵᠦ᠂ ᠠᠮᠧᠷᠢᠺᠠ ᠶᠢᠨ ᠯᠤᠰ ᠠᠨᠵᠧᠯᠧᠰ ᠪᠣᠯᠤᠨ ᠨᠢᠦ᠋ ᠶᠣᠷᠺ ᠠᠴᠠ ᠰᠡᠭᠦᠯᠡᠷᠬᠢ ᠺᠢᠨᠣ᠋ ᠲᠧᠯᠸᠢᠰ ᠤᠨ ᠭᠤᠷᠪᠠᠳᠤᠭᠠᠷ ᠲᠣᠮᠣ ᠠᠵᠤ ᠦᠢᠯᠡᠰ ᠤᠨ ᠵᠠᠬ᠎ᠠ ᠳᠡᠯᠭᠡᠭᠦᠷ  ᠪᠤᠯᠵᠠᠢ᠃ ᠺᠠᠨᠠᠳᠠ ᠶᠢᠨ ᠶᠢᠨ ᠹᠸᠡᠭ ᠶᠧ ᠣᠯᠠᠨ ᠤᠯᠤᠰ ᠎ ᠤᠨ ᠺᠢᠨᠣ᠋ ᠶᠢᠨ ᠪᠠᠶᠠᠷ ᠨᠢ ᠺᠢᠨᠣ᠋ ᠶᠢᠨ ᠰᠣᠶᠣᠯ ᠢᠶᠠᠷ ᠬᠤᠯᠪᠣᠭᠠᠰᠤ ᠪᠣᠯᠭᠠᠵᠤ᠂ ᠵᠡᠭᠦᠨ ᠪᠠᠷᠠᠭᠤᠨ ᠣᠷᠣᠨ ᠤ ᠺᠢᠨᠣ᠋ ᠶᠢᠨ ᠰᠣᠶᠣᠯ ᠢ ᠨᠡᠪᠲᠡᠷᠡᠭᠦᠯᠬᠦ ᠬᠥᠭᠦᠷᠭᠡ ᠪᠣᠰᠬᠠᠵᠤ᠂ ᠳᠡᠯᠡᠬᠡᠶ ᠶᠢᠨ ᠡᠯ᠎ᠡ ᠤᠯᠤᠰ ᠤᠨ ᠺᠢᠨᠣ᠋ ᠲᠧᠯᠸᠢᠰ ᠵᠡᠷᠭᠡ ᠰᠣᠶᠣᠯ ᠤᠨ ᠬᠡᠷᠡᠭᠴᠡᠭᠡ ᠶᠢ ᠺᠠᠨᠠᠳᠠ ᠶᠢᠨ ᠸᠡᠨᠺᠦ᠋ᠸᠧᠷ ᠲᠤ ᠰᠢᠯᠵᠢᠭᠦᠯᠦᠨ ᠵᠣᠯᠭᠠᠭᠤᠯᠵᠤ᠂ ᠡᠭᠦᠨ ᠠᠴᠠ ᠳᠠᠷᠠᠭᠠᠴᠢ ᠶᠢᠨ ᠠᠷᠠᠯᠵᠢᠶᠠᠨ ᠤ ᠥᠷᠲᠡᠭ ᠤᠨ ᠬᠡᠯᠬᠢᠶ᠎ᠡ ᠶᠢ ᠤᠷᠲᠤᠳᠬᠠᠵᠤ᠂ ᠺᠢᠨᠣ᠋ ᠶᠢᠨ ᠬᠠᠮᠲᠤᠷᠠᠯᠴᠠᠭ᠎ᠠ ᠠᠴᠠ ᠴᠢᠳᠠᠪᠤᠷᠢᠲᠠᠨ ᠤ ᠪᠣᠯᠪᠠᠰᠤᠷᠠᠯ ᠬᠦᠷᠲᠡᠯ᠎ᠡ᠂ ᠺᠢᠨᠣ᠋ ᠶᠢᠨ ᠰᠣᠶᠣᠯ ᠤᠨ ᠠᠭᠤᠯᠭ᠎ᠠ ᠠᠴᠠ ᠰᠣᠶᠣᠯ ᠤᠨ ᠠᠵᠤ ᠦᠢᠯᠡᠰ ᠤᠨ ᠬᠠᠮᠲᠤᠷᠠᠯᠴᠠᠭ᠎ᠠ ᠬᠦᠷᠲᠡᠯ᠎ᠡ᠂ ᠵᠡᠭᠦᠨ ᠪᠠᠷᠠᠭᠤᠨ ᠣᠷᠣᠨ ᠤ ᠰᠣᠶᠣᠯ ᠤᠨ ᠰᠣᠯᠢᠯᠴᠠᠭ᠎ᠠ ᠠᠴᠠ ᠬᠤᠳᠠᠯᠳᠤᠭᠠᠨ ᠤ ᠲᠥᠷᠥᠯ ᠵᠦᠶᠯ ᠬᠦᠷᠲᠡᠯ᠎ᠡ ᠵᠣᠯᠭᠠᠭᠤᠯᠵᠤ᠂ ᠰᠣᠶᠣᠯ ᠤᠨ ᠬᠠᠮᠲᠤᠷᠠᠯᠴᠠᠭ᠎ᠠ ᠪᠣᠯᠤᠨ ᠬᠥᠭᠵᠢᠯᠲᠡ ᠶᠢᠨ ᠣᠷᠣᠨ  ᠵᠠᠢ ᠪᠣᠯᠤᠨ ᠳᠠᠯᠳᠠ ᠬᠦᠴᠦᠨ ᠢ ᠳᠠᠶᠢᠴᠢᠯᠠᠪᠠ  ᠃      2020 ᠣᠨ ᠳᠤ ᠤᠯᠠᠭᠠᠨᠴᠠᠪ ᠤᠨ ᠵᠢᠨᠢᠩ ᠲᠣᠭᠤᠷᠢᠭ ᠪᠠ ᠺᠠᠨᠠᠳᠠ ᠶᠢᠨ ᠶᠢᠨ ᠹᠧᠩ ᠶᠧ ᠣᠯᠠᠨ ᠤᠯᠤᠰ  ᠎ ᠤᠨ ᠺᠢᠨᠣ᠋ ᠶᠢᠨ ᠪᠠᠶᠠᠷ ᠨᠢ ᠬᠦᠴᠦ ᠬᠠᠮᠳᠤᠷᠠᠨ ᠣᠯᠠᠨ ᠤᠯᠤᠰ ᠤᠨ ᠺᠢᠨᠣ᠋ ᠲᠧᠯᠸᠢᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠎ ᠢ ᠬᠠᠨᠭ᠍ᠭᠠᠵᠦ᠂ ᠬᠤᠲᠠ ᠶᠢᠨ ᠬᠤᠭᠤᠷᠣᠨᠳᠣᠬᠢ ᠤᠬᠠᠭᠤᠯᠭ᠎ᠠ ᠵᠢᠴᠢ ᠵᠢᠭᠤᠯᠴᠢᠯᠠᠯ ᠤᠨ ᠬᠠᠮᠲᠤᠷᠠᠯᠴᠠᠭ᠎ᠠ ᠶᠢ ᠡᠷᠬᠢᠯᠡᠬᠦ ᠪᠣᠯᠤᠨ᠎ᠠ᠂ ᠡᠨᠡ ᠨᠢ ᠮᠠᠨ ᠤ ᠤᠯᠠᠭᠠᠨᠴᠠᠪ ᠬᠤᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ᠂ ᠢᠳᠡᠭᠡᠨ ᠤᠮᠳᠠᠭᠠᠨ᠂ ᠵᠢᠭᠤᠯᠴᠢᠯᠠᠯ᠂ ᠰᠣᠶᠣᠯ ᠢ ᠳᠡᠯᠭᠡᠨ ᠦᠵᠡᠭᠦᠯᠵᠦ ᠴᠢᠳᠠᠬᠤ ᠮᠥᠷᠲᠡᠭᠡᠨ  ᠬᠤᠲᠠ ᠶᠢᠨ ᠠᠵᠤ ᠠᠬᠤᠶᠢᠯᠠᠯ᠂ ᠬᠤᠳᠠᠯᠳᠤᠭ᠎ᠠ᠂ ᠦᠶᠯᠡᠳᠬᠦᠨ ᠵᠡᠷᠭᠡ ᠶᠢ ᠴᠦ  ᠤᠬᠠᠭᠤᠯᠤᠨ ᠳᠡᠯᠭᠡᠷᠡᠭᠦᠯᠬᠦ ᠪᠤᠯᠤᠨ᠎ᠠ᠃       ᠡᠨᠡ ᠬᠦ ᠺᠢᠨᠣ᠋ ᠶᠢᠨ ᠪᠠᠶᠠᠷ ᠤᠨ ᠣᠯᠠᠨ ᠤᠯᠤᠰ ᠤᠨ ᠲᠠᠪᠴᠠᠩ ᠢ ᠠᠮᠧᠷᠢᠺᠡ ᠧᠦ᠋ᠷᠣᠫᠠ ᠲᠢᠪ ᠲᠤ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ᠳᠤᠮᠳᠠᠳᠤ ᠤᠯᠤᠰ ᠲᠤ ᠡᠶᠢᠮᠦ ᠨᠢᠭᠡᠨ ᠦᠵᠡᠰᠬᠦᠯᠡᠩᠲᠦ ᠰᠠᠶᠢᠬᠠᠨ ᠬᠤᠲᠠ ᠪᠠᠶᠢᠬᠤ ᠵᠢᠴᠢ ᠡᠨᠡ ᠬᠤᠲᠠ ᠶᠢᠨ ᠰᠣᠶᠣᠯ ᠵᠢᠭᠤᠯᠴᠢᠯᠠᠯ ᠤᠨ ᠬᠤᠳᠠᠯᠳᠤᠭ᠎ᠠ ᠶᠢ ᠳᠡᠯᠡᠬᠡᠶ ᠳ᠋ᠠᠬᠢᠨ ᠳᠤ ᠦᠵᠡᠭᠦᠯᠬᠦ ᠪᠠ ᠮᠡᠳᠡᠭᠦᠯᠬᠦ ᠪᠣᠯᠤᠨ᠎ᠠ᠃ ᠨᠡᠷᠡᠲᠦ ᠬᠥᠮᠦᠰ ᠤᠨ ᠮᠤᠷᠢᠯᠠᠨ ᠰᠠᠭᠠᠳᠠᠬᠤ ᠪᠠᠷ ᠳᠠᠮᠵᠢᠨ ᠪᠥᠬᠦ ᠤᠯᠤᠰ ᠤᠨ ᠬᠥᠮᠦᠰ ᠲᠤ ᠡᠨᠡ ᠬᠦ ᠬᠤᠲᠠ ᠶᠢ ᠮᠡᠳᠡᠭᠦᠯᠵᠦ᠂  ᠬᠤᠲᠠ ᠶᠢ ᠰᠦᠯᠵᠢᠶᠡᠨ ᠢᠶᠠᠷ ᠨᠡᠷ᠎ᠡ ᠮᠠᠨᠳᠤᠭᠤᠯᠵᠤ᠂ ᠤᠯᠠᠭᠠᠨᠴᠠᠪ ᠬᠤᠲᠠ ᠶᠢᠨ ᠰᠣᠶᠣᠯ ᠢ ᠪᠥᠬᠦ ᠤᠯᠤᠰ ᠵᠢᠴᠢ ᠪᠥᠬᠦ ᠳᠡᠯᠡᠬᠡᠢ ᠳᠤ ᠠᠮᠵᠢᠯᠲᠠ ᠲᠠᠢ ᠪᠠᠷ ᠳᠡᠯᠭᠡᠷᠡᠭᠦᠯᠬᠦ ᠪᠣᠯᠤᠨ᠎ᠠ᠃      2016 — 2017 ᠤᠨ ᠳᠤ᠂ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠨᠢ ᠳᠡᠯᠡᠬᠡᠶ ᠶᠢᠨ ᠡᠯ᠎ᠡ ᠤᠯᠤᠰ ᠤᠨ ᠺᠢᠨᠣ᠋ ᠲᠧᠯᠸᠧᠰ ᠤᠨ ᠠᠯᠳᠠᠷᠳᠦ  ᠬᠦᠮᠦᠰ᠂ ᠰᠣᠶᠣᠯ ᠲᠠᠢ ᠬᠦᠮᠦᠰ᠂ ᠬᠤᠳᠠᠯᠳᠤᠭᠠᠨ ᠤ ᠡᠲᠡᠭᠡᠳ ᠤᠨ ᠰᠣᠳᠣᠨ ᠬᠦᠮᠦᠰ᠂ ᠨᠡᠶᠢᠭᠡᠮ ᠤᠨ ᠰᠤᠳᠤᠨ ᠵᠤᠬᠢᠶᠠᠨ ᠪᠠᠶᠢᠭᠤᠯᠤᠯᠳᠠ᠂ ᠣᠯᠠᠨ ᠤᠯᠤᠰ ᠎ ᠤᠨ ᠰᠢᠯᠢᠳᠡᠭ ᠠᠵᠤ ᠠᠬᠤᠶᠢᠯᠠᠯ ᠤᠨ ᠨᠠᠷᠠᠲᠤ ᠲᠡᠮᠳᠡᠭ ᠵᠡᠷᠭᠡ ᠶᠢ ᠲᠠᠲᠠᠵᠤ ᠰᠢᠷᠢᠰ ᠠᠵᠢᠯᠯᠠᠭ᠎ᠠ ᠳᠤ ᠣᠷᠣᠯᠴᠠᠭᠤᠯᠪᠠ᠃ ᠬᠤᠶᠠᠷ ᠬᠤᠭᠤᠴᠠᠭᠠᠨ ᠤ ᠡᠬᠢᠯᠡᠯᠲᠡ ᠶᠢᠨ ᠶᠣᠰᠣᠯᠠᠯ ᠤᠨ ᠬᠦᠨᠳᠦᠲᠦ ᠵᠣᠴᠢᠳ ᠤᠨ ᠳᠠᠶᠢᠯᠠᠯᠭ᠎ᠠ ᠳᠡᠭᠡᠷ᠎ᠡ᠂  ᠺᠠᠨᠠᠳᠠ ᠶᠢᠨ ᠵᠠᠰᠠᠭ ᠤᠨ ᠣᠷᠳᠣᠨ ᠤ ᠲᠤᠰᠢᠶᠠᠯᠲᠠᠨ᠂ ᠳᠤᠮᠳᠠᠳᠤ ᠭᠠᠳᠠᠭᠠᠳᠤ ᠶᠢᠨ ᠨᠡᠷᠡᠲᠦ ᠺᠢᠨᠣ᠋ ᠶᠢᠨ ᠣᠳᠣᠨ᠂ ᠬᠤᠳᠠᠯᠳᠤᠭᠠᠨ ᠤ ᠡᠲᠡᠭᠡᠳ ᠤᠨ ᠣᠬᠢ ᠰᠣᠳᠣ 2000 ᠭᠠᠷᠤᠶ ᠬᠥᠮᠦᠨ ᠣᠷᠣᠯᠴᠠᠪᠠ᠃ ᠡᠭᠦᠨ ᠤ ᠳᠣᠲᠣᠷ᠎ᠠ ᠾᠤᠯᠢᠸᠤᠤᠳ᠋ ᠤᠨ ᠨᠢᠭᠡᠳᠦᠭᠡᠷ ᠱᠤᠭᠤᠮ ᠤᠨ ᠺᠢᠨᠣ᠋ ᠶᠢᠨ ᠣᠳᠣᠨ᠂ ᠤᠳᠤᠷᠢᠳᠤᠭᠠᠴᠢ ᠵᠡᠷᠭᠡ ᠨᠢ ᠴᠥᠮ ᠺᠠᠨᠠᠳᠠ ᠶᠢᠨ ᠶᠢᠨ ᠹᠧᠩ ᠶᠧ ᠶᠢᠨ ᠬᠦᠨᠳᠦᠳᠦ ᠵᠣᠴᠢᠨ ᠪᠣᠯᠤᠨ᠎ᠠ᠃      2017 ᠣᠨ ᠳᠤ᠂ ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠨᠠᠶᠢᠷ ᠨᠢ ᠡᠯ᠎ᠡ ᠤᠯᠤᠰ  ᠎ ᠤᠨ ᠺᠤᠨᠰᠦ᠋ᠯ ᠤᠨ ᠭᠠᠵᠠᠷ ᠤᠨ ᠴᠢᠬᠤᠯᠠ ᠵᠠᠬᠢᠳᠠᠯ  33 ᠬᠤᠪᠢ ᠶᠢ ᠣᠯᠵᠤ᠂ 8 ᠤᠯᠤᠰ ᠎ ᠤᠨ ᠶᠡᠷᠦᠩᠬᠡᠶ ᠺᠤᠨᠰᠦ᠋ᠯ ᠡᠬᠢᠯᠡᠬᠦ ᠶᠣᠰᠣᠯᠠᠯ ᠳᠤ ᠣᠷᠣᠯᠴᠠᠪᠠ  ᠃ ᠺᠠᠨᠠᠳᠠ ᠶᠢᠨ ᠭᠤᠷᠪᠠᠨ ᠱᠠᠲᠤᠨ ᠤ ᠵᠠᠰᠠᠭ ᠤᠨ ᠣᠷᠳᠣᠨ ᠤ ᠲᠤᠰᠢᠶᠠᠯᠲᠠᠨ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃      2018 ᠣᠨ ᠳᠤ᠂ ᠺᠠᠨᠠᠳᠠ ᠶᠢᠨ ᠶᠢᠨ ᠹᠸᠡᠭ ᠶᠧ ᠣᠯᠠᠨ ᠤᠯᠤᠰ ᠤᠨ ᠺᠢᠨᠣ᠋ ᠶᠢᠨ ᠪᠠᠶᠠᠷ ᠲᠤ ᠡᠯ᠎ᠡ ᠤᠯᠤᠰ  ᠎ ᠤᠨ ᠺᠢᠨᠣ᠋ ᠶᠢᠨ ᠣᠷᠳᠣᠨ ᠤ ᠵᠠᠰᠠᠭ ᠤᠨ ᠴᠢᠬᠤᠯᠠ ᠪᠠᠶᠠᠷ ᠤᠨ ᠵᠠᠬᠢᠳᠠᠯ  ᠎ ᠢ 48 ᠬᠤᠪᠢ ᠣᠯᠵᠤ᠂  ᠳᠡᠭᠡᠳᠦ ᠲᠡᠰ ᠤᠨ ᠪᠠᠶᠢᠷᠢ ᠲᠣᠭᠲᠠᠭᠠᠯᠲᠠ ᠪᠠᠷ ᠥᠨᠳᠥᠷ ᠰᠤᠷᠤᠯᠭ᠎ᠠ ᠶᠢᠨ ᠨᠠᠮᠲᠠᠷ ᠥᠨᠳᠥᠷ ᠣᠷᠣᠯᠭ᠎ᠠ  ᠎ ᠲᠠᠢ ᠦᠡᠭᠭᠡ ᠵᠢᠰᠦᠯᠢᠭ  ᠨᠠᠷᠡᠳᠦ ᠬᠥᠮᠦᠰ ᠤᠨ ᠠᠩᠬᠠᠷᠤᠯ ᠢ ᠳᠠᠳᠠᠵᠠᠢ᠂  ᠬᠦᠨᠳᠦᠳᠦ  ᠵᠤᠴᠢᠳ ᠤᠨ ᠳᠤᠳᠤᠷ᠎ᠠ᠄ ᠺᠠᠨᠠᠳᠠ ᠶᠢᠨ ᠬᠤᠯᠪᠣᠭᠠᠨ ᠤ ᠤᠯᠤᠰ / ᠮᠣᠵᠢ / ᠬᠤᠲᠠ ᠵᠡᠷᠭᠡ ᠡᠯ᠎ᠡ ᠱᠠᠲᠤᠨ ᠤ ᠵᠠᠰᠠᠭ ᠤᠨ ᠴᠢᠬᠤᠯᠠ ᠬᠥᠮᠦᠰ᠂ ᠡᠯ᠎ᠡ ᠤᠯᠤᠰ ᠲᠤ ᠰᠠᠭᠤᠭ᠎ᠠ ᠶᠡᠷᠦᠩᠬᠡᠶ ᠺᠤᠨᠰᠦ᠋ᠯ / ᠰᠣᠶᠣᠯ ᠤᠨ ᠺᠤᠨᠰᠦ᠋ᠯ ᠪᠠᠭᠲᠠᠨ᠎ᠠ  ᠃  ᠳᠡᠯᠡᠬᠡᠶ ᠶᠢᠨ ᠠᠪᠠᠭ᠋ᠠᠢ / ᠲᠠᠪᠤᠨ ᠲᠢᠪ ᠤᠨ ᠠᠪᠠᠭ᠋ᠠᠢ᠂ ᠲᠡᠷᠢᠭᠦᠨ ᠳᠡᠳ᠋  ᠭᠤᠳᠠᠭᠠᠷ ᠠᠪᠠᠭ᠋ᠠᠢ ᠥᠩᠭᠡᠷᠡᠭᠰᠡᠨ ᠵᠢᠯ ᠤᠳ ᠤᠨ ᠰᠤᠳᠤᠨ ᠠᠪᠠᠭ᠋ᠠᠢ ᠵᠡᠷᠭᠡ ᠤᠷᠤᠯᠴᠠᠭᠰᠠᠨ ᠪᠠᠶᠢᠨ᠎ᠠ᠃ ᠾᠤᠯᠢᠸᠤᠤᠳ᠋ ᠤᠨ ᠦᠨᠳᠦᠷ ᠲᠡᠰ ᠤᠨ ᠤᠳᠤᠷᠢᠳᠤᠭᠠᠴᠢ / ᠺᠢᠨᠣ᠋ ᠦᠶᠯᠡᠳᠦᠭᠴᠢ᠂ ᠡᠯ᠎ᠡ ᠤᠯᠤᠰ ᠎ ᠤᠨ ᠨᠡᠷᠡᠲᠦ ᠣᠳᠣᠨ ᠤᠷᠤᠯᠴᠠᠵᠠᠢ᠃ ᠬᠤᠳᠠᠯᠳᠤᠭᠠᠨ ᠤ ᠡᠲᠡᠭᠡᠳ ᠤᠨ ᠣᠬᠢ ᠰᠣᠳᠣ ᠠᠵᠤ ᠠᠬᠤᠶᠢᠯᠠᠯ ᠤᠨ ᠡᠵᠡᠨ᠂ ᠤᠷᠠᠯᠢᠭᠴᠢᠨ᠂ ᠬᠠᠷᠢᠶᠠᠲᠤ ᠨᠠᠷ ᠤᠨ ᠪᠦᠯᠬᠦᠮ ᠤᠨ ᠤᠳᠤᠷᠢᠳᠤᠭᠴᠢ᠂ ᠭᠡᠷ ᠪᠦᠯᠢ ᠵᠡᠷᠭᠡ ᠨᠢ ᠰᠣᠶᠣᠯ ᠤᠷᠠᠯᠢᠭ ᠬᠤᠳᠠᠯᠳᠤᠭᠠᠨ ᠤ ᠣᠬᠢ ᠰᠣᠳᠣ ᠨᠠᠶᠢᠵᠠ ᠶᠢᠨ ᠲᠣᠭᠤᠷᠢᠭ ᠲᠤ  ︽ᠣᠬᠢ ᠰᠣᠳᠣ ᠰᠣᠶᠣᠯ  ᠎ ᠤᠨ ᠦᠪᠡᠳᠡᠭᠰᠢ ᠨᠠᠶᠢᠷ︾᠎ ᠤᠨ ᠨᠡᠷᠡᠲᠦ ᠲᠡᠮᠳᠡᠭ ᠢ  ᠪᠦᠷᠢᠯᠳᠦᠬᠦᠯᠵᠡᠢ᠃      ᠺᠠᠨᠠᠳᠠ ᠶᠢᠨ ᠲᠣᠰ ᠭᠠᠵᠠᠷ ᠪᠣᠯᠤᠨ ᠠᠮᠧᠷᠢᠺᠠ ᠶᠢᠨ ᠡᠯ᠎ᠡ ᠤᠯᠤᠰ ᠎ ᠤᠨ ᠵᠠᠭᠤᠴᠢᠯᠠᠭᠤᠷ ᠤᠨ 500 ᠭᠠᠷᠤᠶ ᠵᠠᠭᠤᠴᠢᠯᠠᠭᠤᠷ ᠤᠨ ᠬᠢᠨ ᠵᠢᠯ ᠪᠦᠷᠢ᠂ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠤᠨ ᠬᠤᠭᠤᠴᠠᠭᠠᠨ ᠳᠤ ᠂ ᠺᠢᠨᠣ᠋ ᠶᠢᠨ ᠪᠠᠶᠠᠷ ᠤᠨ ᠦᠪᠡᠳᠡᠭᠰᠢ ᠪᠠᠶᠢᠳᠠᠯ ᠢ ᠶᠡᠬᠡᠪᠡᠷ ᠮᠡᠳᠡᠭᠡᠯᠡᠪᠡ᠃ ᠰᠦᠯᠵᠢᠶ᠎ᠡ ᠠᠴᠠ ᠸᠢᠳᠢᠣ᠋ ᠬᠦᠷᠲᠡᠯ᠎ᠡ  ᠂  ᠰᠤᠨᠢᠨ ᠮᠡᠳᠡᠭᠡ ᠠᠴᠠ ᠵᠢᠷᠭᠢᠶ᠎ᠡ ᠶᠢᠨ ᠬᠤᠪᠢ ᠬᠥᠮᠦᠨ ᠤ ᠵᠠᠭᠤᠴᠢᠯᠠᠭᠤᠷ ᠬᠦᠷᠲᠡᠯ᠎ᠡ᠂ ᠪᠦᠬᠦ ᠲᠠᠯ᠎ᠠ ᠪᠠᠷ ᠤᠬᠠᠭᠤᠯᠵᠤ ᠂ ᠨᠥᠯᠥᠭᠡᠯᠡᠬᠦ ᠬᠦᠴᠦᠨ ᠲᠤᠶᠢᠯ ᠤᠨ ᠥᠷᠭᠡᠨ ᠳᠡᠯᠭᠡᠷ ᠪᠠᠶᠢᠳᠠᠭ᠃                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2