2020 ᠣᠨ ᠳᠤ ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ  ᠤᠨ ᠱᠠᠩᠨᠠᠯ ᠣᠯᠭᠤᠬᠤ ᠦᠪᠡᠳᠡᠭᠰᠢ ᠶᠣᠰᠣᠯᠠᠯ ᠵᠢᠨᠢᠩ ᠳᠤ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019/9/20
     ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠤᠨ ᠪᠠᠶᠢᠭ᠎ᠠ ᠭᠠᠵᠠᠷ ᠸᠡᠨᠺᠦ᠋ᠸᠧᠷ ᠰᠡᠭᠦᠯᠴᠢ ᠶᠢᠨ ᠬᠤᠭᠤᠴᠠᠭᠠᠨ ᠤ  ᠬᠦᠴᠦᠷᠭᠡᠭ ᠶᠡᠭᠡ ᠵᠤᠬᠢᠶᠠᠨ ᠪᠦᠳᠦᠭᠡᠯ ᠲᠠᠢ ᠲᠡᠷᠢᠭᠦᠨ ᠤ ᠮᠡᠷᠭᠡᠵᠢᠯ ᠢᠶᠠᠷ ︽ᠤᠮᠠᠷᠠᠲᠤ ᠶᠢᠨ ᠾᠤᠯᠢᠸᠤᠤᠳ᠋︾ ᠬᠡᠮᠡᠭᠳᠡᠵᠦ᠂ ᠠᠮᠧᠷᠢᠺᠠ ᠶᠢᠨ ᠯᠤᠰ ᠠᠨᠵᠧᠯᠧᠰ ᠪᠣᠯᠤᠨ ᠨᠢᠦ᠋ ᠶᠣᠷᠺ ᠠᠴᠠ ᠰᠡᠭᠦᠯᠡᠷᠬᠢ ᠺᠢᠨᠣ᠋ ᠲᠧᠯᠸᠢᠰ ᠤᠨ ᠭᠤᠷᠪᠠᠳᠤᠭᠠᠷ ᠲᠣᠮᠣ ᠠᠵᠤ ᠦᠢᠯᠡᠰ ᠤᠨ ᠵᠠᠬ᠎ᠠ ᠳᠡᠯᠭᠡᠭᠦᠷ  ᠪᠤᠯᠵᠠᠢ᠃ ᠺᠠᠨᠠᠳᠠ ᠶᠢᠨ ᠶᠢᠨ ᠹᠸᠡᠭ ᠶᠧ ᠣᠯᠠᠨ ᠤᠯᠤᠰ  ᠤᠨ ᠺᠢᠨᠣ᠋ ᠶᠢᠨ ᠪᠠᠶᠠᠷ ᠨᠢ ᠺᠢᠨᠣ᠋ ᠶᠢᠨ ᠰᠣᠶᠣᠯ ᠢᠶᠠᠷ ᠬᠤᠯᠪᠣᠭᠠᠰᠤ ᠪᠣᠯᠭᠠᠵᠤ᠂ ᠵᠡᠭᠦᠨ ᠪᠠᠷᠠᠭᠤᠨ ᠣᠷᠣᠨ ᠤ ᠺᠢᠨᠣ᠋ ᠶᠢᠨ ᠰᠣᠶᠣᠯ ᠢ ᠨᠡᠪᠲᠡᠷᠡᠭᠦᠯᠬᠦ ᠬᠥᠭᠦᠷᠭᠡ ᠪᠣᠰᠬᠠᠵᠤ᠂ ᠳᠡᠯᠡᠬᠡᠶ ᠶᠢᠨ ᠡᠯ᠎ᠡ ᠤᠯᠤᠰ ᠤᠨ ᠺᠢᠨᠣ᠋ ᠲᠧᠯᠸᠢᠰ ᠵᠡᠷᠭᠡ ᠰᠣᠶᠣᠯ ᠤᠨ ᠬᠡᠷᠡᠭᠴᠡᠭᠡ ᠶᠢ ᠺᠠᠨᠠᠳᠠ ᠶᠢᠨ ᠸᠡᠨᠺᠦ᠋ᠸᠧᠷ ᠲᠤ ᠰᠢᠯᠵᠢᠭᠦᠯᠦᠨ ᠵᠣᠯᠭᠠᠭᠤᠯᠵᠤ᠂ ᠡᠭᠦᠨ ᠠᠴᠠ ᠳᠠᠷᠠᠭᠠᠴᠢ ᠶᠢᠨ ᠠᠷᠠᠯᠵᠢᠶᠠᠨ ᠤ ᠥᠷᠲᠡᠭ ᠤᠨ ᠬᠡᠯᠬᠢᠶ᠎ᠡ ᠶᠢ ᠤᠷᠲᠤᠳᠬᠠᠵᠤ᠂ ᠺᠢᠨᠣ᠋ ᠶᠢᠨ ᠬᠠᠮᠲᠤᠷᠠᠯᠴᠠᠭ᠎ᠠ ᠠᠴᠠ ᠴᠢᠳᠠᠪᠤᠷᠢᠲᠠᠨ ᠤ ᠪᠣᠯᠪᠠᠰᠤᠷᠠᠯ ᠬᠦᠷᠲᠡᠯ᠎ᠡ᠂ ᠺᠢᠨᠣ᠋ ᠶᠢᠨ ᠰᠣᠶᠣᠯ ᠤᠨ ᠠᠭᠤᠯᠭ᠎ᠠ ᠠᠴᠠ ᠰᠣᠶᠣᠯ ᠤᠨ ᠠᠵᠤ ᠦᠢᠯᠡᠰ ᠤᠨ ᠬᠠᠮᠲᠤᠷᠠᠯᠴᠠᠭ᠎ᠠ ᠬᠦᠷᠲᠡᠯ᠎ᠡ᠂ ᠵᠡᠭᠦᠨ ᠪᠠᠷᠠᠭᠤᠨ ᠣᠷᠣᠨ ᠤ ᠰᠣᠶᠣᠯ ᠤᠨ ᠰᠣᠯᠢᠯᠴᠠᠭ᠎ᠠ ᠠᠴᠠ ᠬᠤᠳᠠᠯᠳᠤᠭᠠᠨ ᠤ ᠲᠥᠷᠥᠯ ᠵᠦᠶᠯ ᠬᠦᠷᠲᠡᠯ᠎ᠡ ᠵᠣᠯᠭᠠᠭᠤᠯᠵᠤ᠂ ᠰᠣᠶᠣᠯ ᠤᠨ ᠬᠠᠮᠲᠤᠷᠠᠯᠴᠠᠭ᠎ᠠ ᠪᠣᠯᠤᠨ ᠬᠥᠭᠵᠢᠯᠲᠡ ᠶᠢᠨ ᠣᠷᠣᠨ  ᠵᠠᠢ ᠪᠣᠯᠤᠨ ᠳᠠᠯᠳᠠ ᠬᠦᠴᠦᠨ ᠢ ᠳᠠᠶᠢᠴᠢᠯᠠᠪᠠ  ᠃      2020 ᠣᠨ ᠳᠤ ᠤᠯᠠᠭᠠᠨᠴᠠᠪ ᠤᠨ ᠵᠢᠨᠢᠩ ᠲᠣᠭᠤᠷᠢᠭ ᠪᠠ ᠺᠠᠨᠠᠳᠠ ᠶᠢᠨ ᠶᠢᠨ ᠹᠧᠩ ᠶᠧ ᠣᠯᠠᠨ ᠤᠯᠤᠰ   ᠤᠨ ᠺᠢᠨᠣ᠋ ᠶᠢᠨ ᠪᠠᠶᠠᠷ ᠨᠢ ᠬᠦᠴᠦ ᠬᠠᠮᠳᠤᠷᠠᠨ ᠣᠯᠠᠨ ᠤᠯᠤᠰ ᠤᠨ ᠺᠢᠨᠣ᠋ ᠲᠧᠯᠸᠢᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ  ᠢ ᠬᠠᠨᠭ᠍ᠭᠠᠵᠦ᠂ ᠬᠤᠲᠠ ᠶᠢᠨ ᠬᠤᠭᠤᠷᠣᠨᠳᠣᠬᠢ ᠤᠬᠠᠭᠤᠯᠭ᠎ᠠ ᠵᠢᠴᠢ ᠵᠢᠭᠤᠯᠴᠢᠯᠠᠯ ᠤᠨ ᠬᠠᠮᠲᠤᠷᠠᠯᠴᠠᠭ᠎ᠠ ᠶᠢ ᠡᠷᠬᠢᠯᠡᠬᠦ ᠪᠣᠯᠤᠨ᠎ᠠ᠂ ᠡᠨᠡ ᠨᠢ ᠮᠠᠨ ᠤ ᠤᠯᠠᠭᠠᠨᠴᠠᠪ ᠬᠤᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ᠂ ᠢᠳᠡᠭᠡᠨ ᠤᠮᠳᠠᠭᠠᠨ᠂ ᠵᠢᠭᠤᠯᠴᠢᠯᠠᠯ᠂ ᠰᠣᠶᠣᠯ ᠢ ᠳᠡᠯᠭᠡᠨ ᠦᠵᠡᠭᠦᠯᠵᠦ ᠴᠢᠳᠠᠬᠤ ᠮᠥᠷᠲᠡᠭᠡᠨ  ᠬᠤᠲᠠ ᠶᠢᠨ ᠠᠵᠤ ᠠᠬᠤᠶᠢᠯᠠᠯ᠂ ᠬᠤᠳᠠᠯᠳᠤᠭ᠎ᠠ᠂ ᠦᠶᠯᠡᠳᠬᠦᠨ ᠵᠡᠷᠭᠡ ᠶᠢ ᠴᠦ  ᠤᠬᠠᠭᠤᠯᠤᠨ ᠳᠡᠯᠭᠡᠷᠡᠭᠦᠯᠬᠦ ᠪᠤᠯᠤᠨ᠎ᠠ᠃       ᠡᠨᠡ ᠬᠦ ᠺᠢᠨᠣ᠋ ᠶᠢᠨ ᠪᠠᠶᠠᠷ ᠤᠨ ᠣᠯᠠᠨ ᠤᠯᠤᠰ ᠤᠨ ᠲᠠᠪᠴᠠᠩ ᠢ ᠠᠮᠧᠷᠢᠺᠡ ᠧᠦ᠋ᠷᠣᠫᠠ ᠲᠢᠪ ᠲᠤ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ᠳᠤᠮᠳᠠᠳᠤ ᠤᠯᠤᠰ ᠲᠤ ᠡᠶᠢᠮᠦ ᠨᠢᠭᠡᠨ ᠦᠵᠡᠰᠬᠦᠯᠡᠩᠲᠦ ᠰᠠᠶᠢᠬᠠᠨ ᠬᠤᠲᠠ ᠪᠠᠶᠢᠬᠤ ᠵᠢᠴᠢ ᠡᠨᠡ ᠬᠤᠲᠠ ᠶᠢᠨ ᠰᠣᠶᠣᠯ ᠵᠢᠭᠤᠯᠴᠢᠯᠠᠯ ᠤᠨ ᠬᠤᠳᠠᠯᠳᠤᠭ᠎ᠠ ᠶᠢ ᠳᠡᠯᠡᠬᠡᠶ ᠳ᠋ᠠᠬᠢᠨ ᠳᠤ ᠦᠵᠡᠭᠦᠯᠬᠦ ᠪᠠ ᠮᠡᠳᠡᠭᠦᠯᠬᠦ ᠪᠣᠯᠤᠨ᠎ᠠ᠃ ᠨᠡᠷᠡᠲᠦ ᠬᠥᠮᠦᠰ ᠤᠨ ᠮᠤᠷᠢᠯᠠᠨ ᠰᠠᠭᠠᠳᠠᠬᠤ ᠪᠠᠷ ᠳᠠᠮᠵᠢᠨ ᠪᠥᠬᠦ ᠤᠯᠤᠰ ᠤᠨ ᠬᠥᠮᠦᠰ ᠲᠤ ᠡᠨᠡ ᠬᠦ ᠬᠤᠲᠠ ᠶᠢ ᠮᠡᠳᠡᠭᠦᠯᠵᠦ᠂  ᠬᠤᠲᠠ ᠶᠢ ᠰᠦᠯᠵᠢᠶᠡᠨ ᠢᠶᠠᠷ ᠨᠡᠷ᠎ᠡ ᠮᠠᠨᠳᠤᠭᠤᠯᠵᠤ᠂ ᠤᠯᠠᠭᠠᠨᠴᠠᠪ ᠬᠤᠲᠠ ᠶᠢᠨ ᠰᠣᠶᠣᠯ ᠢ ᠪᠥᠬᠦ ᠤᠯᠤᠰ ᠵᠢᠴᠢ ᠪᠥᠬᠦ ᠳᠡᠯᠡᠬᠡᠢ ᠳᠤ ᠠᠮᠵᠢᠯᠲᠠ ᠲᠠᠢ ᠪᠠᠷ ᠳᠡᠯᠭᠡᠷᠡᠭᠦᠯᠬᠦ ᠪᠣᠯᠤᠨ᠎ᠠ᠃      2016 — 2017 ᠤᠨ ᠳᠤ᠂ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠨᠢ ᠳᠡᠯᠡᠬᠡᠶ ᠶᠢᠨ ᠡᠯ᠎ᠡ ᠤᠯᠤᠰ ᠤᠨ ᠺᠢᠨᠣ᠋ ᠲᠧᠯᠸᠧᠰ ᠤᠨ ᠠᠯᠳᠠᠷᠳᠦ  ᠬᠦᠮᠦᠰ᠂ ᠰᠣᠶᠣᠯ ᠲᠠᠢ ᠬᠦᠮᠦᠰ᠂ ᠬᠤᠳᠠᠯᠳᠤᠭᠠᠨ ᠤ ᠡᠲᠡᠭᠡᠳ ᠤᠨ ᠰᠣᠳᠣᠨ ᠬᠦᠮᠦᠰ᠂ ᠨᠡᠶᠢᠭᠡᠮ ᠤᠨ ᠰᠤᠳᠤᠨ ᠵᠤᠬᠢᠶᠠᠨ ᠪᠠᠶᠢᠭᠤᠯᠤᠯᠳᠠ᠂ ᠣᠯᠠᠨ ᠤᠯᠤᠰ  ᠤᠨ ᠰᠢᠯᠢᠳᠡᠭ ᠠᠵᠤ ᠠᠬᠤᠶᠢᠯᠠᠯ ᠤᠨ ᠨᠠᠷᠠᠲᠤ ᠲᠡᠮᠳᠡᠭ ᠵᠡᠷᠭᠡ ᠶᠢ ᠲᠠᠲᠠᠵᠤ ᠰᠢᠷᠢᠰ ᠠᠵᠢᠯᠯᠠᠭ᠎ᠠ ᠳᠤ ᠣᠷᠣᠯᠴᠠᠭᠤᠯᠪᠠ᠃ ᠬᠤᠶᠠᠷ ᠬᠤᠭᠤᠴᠠᠭᠠᠨ ᠤ ᠡᠬᠢᠯᠡᠯᠲᠡ ᠶᠢᠨ ᠶᠣᠰᠣᠯᠠᠯ ᠤᠨ ᠬᠦᠨᠳᠦᠲᠦ ᠵᠣᠴᠢᠳ ᠤᠨ ᠳᠠᠶᠢᠯᠠᠯᠭ᠎ᠠ ᠳᠡᠭᠡᠷ᠎ᠡ᠂  ᠺᠠᠨᠠᠳᠠ ᠶᠢᠨ ᠵᠠᠰᠠᠭ ᠤᠨ ᠣᠷᠳᠣᠨ ᠤ ᠲᠤᠰᠢᠶᠠᠯᠲᠠᠨ᠂ ᠳᠤᠮᠳᠠᠳᠤ ᠭᠠᠳᠠᠭᠠᠳᠤ ᠶᠢᠨ ᠨᠡᠷᠡᠲᠦ ᠺᠢᠨᠣ᠋ ᠶᠢᠨ ᠣᠳᠣᠨ᠂ ᠬᠤᠳᠠᠯᠳᠤᠭᠠᠨ ᠤ ᠡᠲᠡᠭᠡᠳ ᠤᠨ ᠣᠬᠢ ᠰᠣᠳᠣ 2000 ᠭᠠᠷᠤᠶ ᠬᠥᠮᠦᠨ ᠣᠷᠣᠯᠴᠠᠪᠠ᠃ ᠡᠭᠦᠨ ᠤ ᠳᠣᠲᠣᠷ᠎ᠠ ᠾᠤᠯᠢᠸᠤᠤᠳ᠋ ᠤᠨ ᠨᠢᠭᠡᠳᠦᠭᠡᠷ ᠱᠤᠭᠤᠮ ᠤᠨ ᠺᠢᠨᠣ᠋ ᠶᠢᠨ ᠣᠳᠣᠨ᠂ ᠤᠳᠤᠷᠢᠳᠤᠭᠠᠴᠢ ᠵᠡᠷᠭᠡ ᠨᠢ ᠴᠥᠮ ᠺᠠᠨᠠᠳᠠ ᠶᠢᠨ ᠶᠢᠨ ᠹᠧᠩ ᠶᠧ ᠶᠢᠨ ᠬᠦᠨᠳᠦᠳᠦ ᠵᠣᠴᠢᠨ ᠪᠣᠯᠤᠨ᠎ᠠ᠃      2017 ᠣᠨ ᠳᠤ᠂ ᠺᠠᠨᠠᠳᠠ ᠶᠢᠨ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠨᠠᠶᠢᠷ ᠨᠢ ᠡᠯ᠎ᠡ ᠤᠯᠤᠰ   ᠤᠨ ᠺᠤᠨᠰᠦ᠋ᠯ ᠤᠨ ᠭᠠᠵᠠᠷ ᠤᠨ ᠴᠢᠬᠤᠯᠠ ᠵᠠᠬᠢᠳᠠᠯ  33 ᠬᠤᠪᠢ ᠶᠢ ᠣᠯᠵᠤ᠂ 8 ᠤᠯᠤᠰ  ᠤᠨ ᠶᠡᠷᠦᠩᠬᠡᠶ ᠺᠤᠨᠰᠦ᠋ᠯ ᠡᠬᠢᠯᠡᠬᠦ ᠶᠣᠰᠣᠯᠠᠯ ᠳᠤ ᠣᠷᠣᠯᠴᠠᠪᠠ  ᠃ ᠺᠠᠨᠠᠳᠠ ᠶᠢᠨ ᠭᠤᠷᠪᠠᠨ ᠱᠠᠲᠤᠨ ᠤ ᠵᠠᠰᠠᠭ ᠤᠨ ᠣᠷᠳᠣᠨ ᠤ ᠲᠤᠰᠢᠶᠠᠯᠲᠠᠨ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃      2018 ᠣᠨ ᠳᠤ᠂ ᠺᠠᠨᠠᠳᠠ ᠶᠢᠨ ᠶᠢᠨ ᠹᠸᠡᠭ ᠶᠧ ᠣᠯᠠᠨ ᠤᠯᠤᠰ ᠤᠨ ᠺᠢᠨᠣ᠋ ᠶᠢᠨ ᠪᠠᠶᠠᠷ ᠲᠤ ᠡᠯ᠎ᠡ ᠤᠯᠤᠰ   ᠤᠨ ᠺᠢᠨᠣ᠋ ᠶᠢᠨ ᠣᠷᠳᠣᠨ ᠤ ᠵᠠᠰᠠᠭ ᠤᠨ ᠴᠢᠬᠤᠯᠠ ᠪᠠᠶᠠᠷ ᠤᠨ ᠵᠠᠬᠢᠳᠠᠯ   ᠢ 48 ᠬᠤᠪᠢ ᠣᠯᠵᠤ᠂  ᠳᠡᠭᠡᠳᠦ ᠲᠡᠰ ᠤᠨ ᠪᠠᠶᠢᠷᠢ ᠲᠣᠭᠲᠠᠭᠠᠯᠲᠠ ᠪᠠᠷ ᠥᠨᠳᠥᠷ ᠰᠤᠷᠤᠯᠭ᠎ᠠ ᠶᠢᠨ ᠨᠠᠮᠲᠠᠷ ᠥᠨᠳᠥᠷ ᠣᠷᠣᠯᠭ᠎ᠠ   ᠲᠠᠢ ᠦᠡᠭᠭᠡ ᠵᠢᠰᠦᠯᠢᠭ  ᠨᠠᠷᠡᠳᠦ ᠬᠥᠮᠦᠰ ᠤᠨ ᠠᠩᠬᠠᠷᠤᠯ ᠢ ᠳᠠᠳᠠᠵᠠᠢ᠂  ᠬᠦᠨᠳᠦᠳᠦ  ᠵᠤᠴᠢᠳ ᠤᠨ ᠳᠤᠳᠤᠷ᠎ᠠ᠄ ᠺᠠᠨᠠᠳᠠ ᠶᠢᠨ ᠬᠤᠯᠪᠣᠭᠠᠨ ᠤ ᠤᠯᠤᠰ / ᠮᠣᠵᠢ / ᠬᠤᠲᠠ ᠵᠡᠷᠭᠡ ᠡᠯ᠎ᠡ ᠱᠠᠲᠤᠨ ᠤ ᠵᠠᠰᠠᠭ ᠤᠨ ᠴᠢᠬᠤᠯᠠ ᠬᠥᠮᠦᠰ᠂ ᠡᠯ᠎ᠡ ᠤᠯᠤᠰ ᠲᠤ ᠰᠠᠭᠤᠭ᠎ᠠ ᠶᠡᠷᠦᠩᠬᠡᠶ ᠺᠤᠨᠰᠦ᠋ᠯ / ᠰᠣᠶᠣᠯ ᠤᠨ ᠺᠤᠨᠰᠦ᠋ᠯ ᠪᠠᠭᠲᠠᠨ᠎ᠠ  ᠃  ᠳᠡᠯᠡᠬᠡᠶ ᠶᠢᠨ ᠠᠪᠠᠭ᠋ᠠᠢ / ᠲᠠᠪᠤᠨ ᠲᠢᠪ ᠤᠨ ᠠᠪᠠᠭ᠋ᠠᠢ᠂ ᠲᠡᠷᠢᠭᠦᠨ ᠳᠡᠳ᠋  ᠭᠤᠳᠠᠭᠠᠷ ᠠᠪᠠᠭ᠋ᠠᠢ ᠥᠩᠭᠡᠷᠡᠭᠰᠡᠨ ᠵᠢᠯ ᠤᠳ ᠤᠨ ᠰᠤᠳᠤᠨ ᠠᠪᠠᠭ᠋ᠠᠢ ᠵᠡᠷᠭᠡ ᠤᠷᠤᠯᠴᠠᠭᠰᠠᠨ ᠪᠠᠶᠢᠨ᠎ᠠ᠃ ᠾᠤᠯᠢᠸᠤᠤᠳ᠋ ᠤᠨ ᠦᠨᠳᠦᠷ ᠲᠡᠰ ᠤᠨ ᠤᠳᠤᠷᠢᠳᠤᠭᠠᠴᠢ / ᠺᠢᠨᠣ᠋ ᠦᠶᠯᠡᠳᠦᠭᠴᠢ᠂ ᠡᠯ᠎ᠡ ᠤᠯᠤᠰ  ᠤᠨ ᠨᠡᠷᠡᠲᠦ ᠣᠳᠣᠨ ᠤᠷᠤᠯᠴᠠᠵᠠᠢ᠃ ᠬᠤᠳᠠᠯᠳᠤᠭᠠᠨ ᠤ ᠡᠲᠡᠭᠡᠳ ᠤᠨ ᠣᠬᠢ ᠰᠣᠳᠣ ᠠᠵᠤ ᠠᠬᠤᠶᠢᠯᠠᠯ ᠤᠨ ᠡᠵᠡᠨ᠂ ᠤᠷᠠᠯᠢᠭᠴᠢᠨ᠂ ᠬᠠᠷᠢᠶᠠᠲᠤ ᠨᠠᠷ ᠤᠨ ᠪᠦᠯᠬᠦᠮ ᠤᠨ ᠤᠳᠤᠷᠢᠳᠤᠭᠴᠢ᠂ ᠭᠡᠷ ᠪᠦᠯᠢ ᠵᠡᠷᠭᠡ ᠨᠢ ᠰᠣᠶᠣᠯ ᠤᠷᠠᠯᠢᠭ ᠬᠤᠳᠠᠯᠳᠤᠭᠠᠨ ᠤ ᠣᠬᠢ ᠰᠣᠳᠣ ᠨᠠᠶᠢᠵᠠ ᠶᠢᠨ ᠲᠣᠭᠤᠷᠢᠭ ᠲᠤ  ︽ᠣᠬᠢ ᠰᠣᠳᠣ ᠰᠣᠶᠣᠯ   ᠤᠨ ᠦᠪᠡᠳᠡᠭᠰᠢ ᠨᠠᠶᠢᠷ︾ ᠤᠨ ᠨᠡᠷᠡᠲᠦ ᠲᠡᠮᠳᠡᠭ ᠢ  ᠪᠦᠷᠢᠯᠳᠦᠬᠦᠯᠵᠡᠢ᠃      ᠺᠠᠨᠠᠳᠠ ᠶᠢᠨ ᠲᠣᠰ ᠭᠠᠵᠠᠷ ᠪᠣᠯᠤᠨ ᠠᠮᠧᠷᠢᠺᠠ ᠶᠢᠨ ᠡᠯ᠎ᠡ ᠤᠯᠤᠰ  ᠤᠨ ᠵᠠᠭᠤᠴᠢᠯᠠᠭᠤᠷ ᠤᠨ 500 ᠭᠠᠷᠤᠶ ᠵᠠᠭᠤᠴᠢᠯᠠᠭᠤᠷ ᠤᠨ ᠬᠢᠨ ᠵᠢᠯ ᠪᠦᠷᠢ᠂ ᠶᠢᠨ ᠹᠧᠩ ᠶᠧ ᠣᠯᠠᠨ ᠤᠯᠤᠰ ᠤᠨ ᠺᠢᠨᠣ᠋ ᠶᠢᠨ ᠪᠠᠶᠠᠷ ᠤᠨ ᠬᠤᠭᠤᠴᠠᠭᠠᠨ ᠳᠤ ᠂ ᠺᠢᠨᠣ᠋ ᠶᠢᠨ ᠪᠠᠶᠠᠷ ᠤᠨ ᠦᠪᠡᠳᠡᠭᠰᠢ ᠪᠠᠶᠢᠳᠠᠯ ᠢ ᠶᠡᠬᠡᠪᠡᠷ ᠮᠡᠳᠡᠭᠡᠯᠡᠪᠡ᠃ ᠰᠦᠯᠵᠢᠶ᠎ᠡ ᠠᠴᠠ ᠸᠢᠳᠢᠣ᠋ ᠬᠦᠷᠲᠡᠯ᠎ᠡ  ᠂  ᠰᠤᠨᠢᠨ ᠮᠡᠳᠡᠭᠡ ᠠᠴᠠ ᠵᠢᠷᠭᠢᠶ᠎ᠡ ᠶᠢᠨ ᠬᠤᠪᠢ ᠬᠥᠮᠦᠨ ᠤ ᠵᠠᠭᠤᠴᠢᠯᠠᠭᠤᠷ ᠬᠦᠷᠲᠡᠯ᠎ᠡ᠂ ᠪᠦᠬᠦ ᠲᠠᠯ᠎ᠠ ᠪᠠᠷ ᠤᠬᠠᠭᠤᠯᠵᠤ ᠂ ᠨᠥᠯᠥᠭᠡᠯᠡᠬᠦ ᠬᠦᠴᠦᠨ ᠲᠤᠶᠢᠯ ᠤᠨ ᠥᠷᠭᠡᠨ ᠳᠡᠯᠭᠡᠷ ᠪᠠᠶᠢᠳᠠᠭ᠃                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2