| | | ᠤᠶᠢᠷ᠎ᠠ ᠳᠤ᠂ ᠵᠢᠨᠢᠩ ᠲᠣᠭᠤᠷᠢᠭ ︽ᠤᠯᠤᠰ ᠤᠨ ᠲᠤᠭ ᠤᠨ ᠬᠠᠤᠯᠢ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠠᠷᠠᠳ ᠢᠷᠭᠡᠳ ᠤᠨ ᠤᠯᠤᠰ ᠤᠨ ᠦᠵᠡᠯᠲᠡ | ᠪᠣᠯᠤᠨ ᠤᠯᠤᠰ ᠤᠨ ᠲᠤᠭ ᠢᠶᠠᠨ ᠬᠠᠶᠢᠷᠠᠯᠠᠬᠤ ᠤᠬᠠᠮᠰᠠᠷ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ | ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤ ᠭᠦᠨ ᠵᠤᠵᠠᠭᠠᠨ ᠠᠭᠤᠷ ᠠᠮᠢᠰᠬᠤᠯ ᠢ | ᠪᠣᠶ ᠪᠣᠯᠭᠠᠪᠠ᠃ | ᠲᠣᠭᠤᠷᠢᠭ ᠤᠨ ᠤᠳᠤᠷᠢᠳᠤᠯᠭ᠎ᠠ ᠪᠠᠨ ᠰᠢᠤ ᠫᠢᠩ᠂ ᠯᠠᠨ ᠮᠢᠩ ᠹᠠᠩ᠂ ᠪᠠᠶ ᠶᠠᠨ᠂ ᠶᠠᠨ ᠮᠠᠨ ᠯᠢ ᠵᠢᠴᠢ | ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠭᠠᠭᠰᠠᠨ ᠨᠢ᠂ ᠡᠯ᠎ᠡ ᠪᠠᠶᠢᠭᠤᠯᠭ᠎ᠠ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠤᠯᠤᠰ ᠤᠨ ᠲᠤᠭ ᠤᠨ ᠬᠠᠤᠯᠢ︾ ᠶᠢ ᠨᠠᠷᠢᠨ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠵᠦ᠂ ᠤᠯᠤᠰ ᠤᠨ ᠲᠤᠭ ᠤᠨ ᠨᠡᠷ᠎ᠡ ᠬᠦᠨᠳᠦ ᠶᠢ ᠦᠨᠡᠨᠬᠦ ᠬᠠᠮᠠᠭᠠᠯᠠᠵᠤ᠂ ᠡᠬᠡ | ᠣᠷᠣᠨᠴᠢ ᠦᠵᠡᠯ ᠤᠨ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠠᠷᠠᠳ ᠣᠯᠠᠨ ᠤ ᠤᠯᠤᠰ ᠢᠶᠠᠨ | ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠮᠡᠴᠡᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ | ᠰᠠᠶᠢᠨ ᠰᠠᠶᠢᠬᠠᠨ ᠳᠦᠷᠢ ᠲᠥᠷᠬᠦ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠶᠢ ᠤᠭᠲᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ︽ᠤᠯᠤᠰ ᠤᠨ ᠲᠤᠭ ᠤᠨ ᠬᠠᠤᠯᠢ︾ ᠶᠢᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠨᠠᠭᠰᠢᠳᠠ ᠴᠢᠩᠭᠠᠷᠠᠭᠤᠯᠵᠤ᠂ ᠵᠠᠯᠠᠭᠤᠴᠤᠳ ᠪᠠᠭᠠᠴᠤᠳ ᠤᠨ ︽ᠤᠯᠤᠰ ᠤᠨ ᠲᠤᠭ ᠤᠨ ᠬᠠᠤᠯᠢ︾ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠤᠰ ᠤᠨ ᠲᠤᠭ ᠤᠨ ᠳᠣᠤᠷ᠎ᠠ ᠶᠠᠷᠢᠶ᠎ᠠ ᠢᠯᠡᠳᠬᠡᠯ ᠬᠢᠬᠦ᠂ ᠭᠤᠤᠯ | ᠰᠡᠳᠦᠪᠲᠦ ᠠᠩᠭᠢ ᠶᠢᠨ ᠬᠤᠷᠠᠯ ᠬᠢᠬᠦ ᠪᠠ ᠭᠠᠷ ᠤᠨ ᠦᠰᠦᠭ ᠵᠢᠷᠤᠵᠤ ᠶᠠᠷᠢᠶ᠎ᠡ ᠢᠯᠡᠳᠬᠡᠯ ᠬᠢᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠳᠤ ᠤᠯᠤᠰ ᠢᠶᠠᠨ ᠬᠠᠶᠢᠷᠠᠯᠠᠬᠤ ᠲᠤᠭ ᠮᠠᠨᠳᠤᠭᠤᠯᠵᠦ᠂ | ᠰᠦᠯᠳᠡ ᠳᠠᠭᠤᠤ ᠳᠠᠭᠤᠯᠠᠬᠤ ᠶᠢᠨ ᠬᠠᠮᠲᠤ ᠬᠦᠴᠦᠷᠬᠡᠭ ᠶᠡᠭᠡ ᠤᠬᠠᠭᠤᠯᠭ᠎ᠠ ᠶᠢᠨ ᠰᠦᠷ ᠬᠦᠴᠦᠨ ᠢ | ᠪᠦᠷᠢᠯᠳᠦᠭᠦᠯᠵᠦ᠂ ᠤᠯᠤᠰ ᠤᠨ ᠲᠤᠭ ᠤᠨ ᠤᠬᠠᠮᠰᠠᠷ ᠢ ᠴᠢᠨᠠᠭᠰᠢᠳᠠ ᠴᠢᠩᠭᠠᠳᠬᠠᠬᠤ ᠬᠡᠷᠡᠭᠲᠡᠶ᠃ | ᠬᠤᠷᠠᠯ ᠠᠴᠠ ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠤᠬᠠᠶ ᠨᠠᠷᠢᠨ ᠲᠣᠳᠣᠷᠬᠠᠶᠢᠯᠠᠯᠲᠠ ᠬᠢᠭᠰᠡᠨ ᠪᠥᠭᠡᠳ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠨᠠᠷᠢᠨ ᠬᠢᠨᠠᠮᠠᠭᠠᠶ | ᠰᠤᠷᠤᠯᠴᠠᠪᠠ᠃ | | | | ᠵᠤᠬᠢᠶᠠᠭᠴᠢ᠄ ᠸᠧᠨ ᠵᠢᠩ ᠶᠠ | ᠵᠢᠷᠤᠭ᠄ ᠸᠧᠨ ᠵᠢᠩ ᠶᠠ | ᠤᠷᠴᠢᠭᠤᠯᠤᠭᠴᠢ᠄ ᠲᠤᠶᠠᠭ᠎ᠠ |