᠎ ᠶᠢᠨ ᠬᠤᠤ ᠵᠢᠶᠠᠨ ᠭᠦᠸᠧ ᠵᠤᠴᠢᠳ ᠤᠨ  ᠪᠠᠭᠤᠳᠠᠯ
ᠨᠡᠶᠢᠲᠡᠯᠡᠭᠰᠡᠨ ᠴᠠᠭ᠄
2019/9/5
    ᠥᠪᠥᠷ ᠮᠣᠩᠭᠤᠯ ᠤᠨ ᠶᠢᠨ ᠬᠤᠤ ᠵᠢᠶᠠᠨ ᠭᠦᠸᠧ ᠵᠣᠴᠢᠳ ᠤᠨ ᠪᠠᠭᠤᠳᠠᠯ ᠪᠣᠯ ᠵᠣᠴᠢᠨ ᠤ ᠥᠷᠥᠭᠡ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ᠂ ᠬᠤᠳᠠᠯᠳᠤᠭᠠᠨ ᠤ ᠶᠠᠪᠤᠳᠠᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠲᠠᠪᠤᠨ ᠣᠳᠣᠨ ᠲᠡᠰ ᠤᠨ ᠪᠠᠷᠢᠮᠵᠢᠶ᠎ᠠ ᠪᠠᠷ ᠪᠠᠶᠢᠭᠤᠯᠤᠭᠰᠠᠨ ᠵᠣᠴᠢᠳ ᠤᠨ ᠪᠠᠭᠤᠳᠠᠯ ᠪᠣᠯᠤᠨ᠎ᠠ᠃     ᠵᠣᠴᠢᠳ ᠤᠨ ᠪᠠᠭᠤᠳᠠᠯ ᠤᠨ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠦ᠂ ᠬᠤᠭᠤᠯᠠᠨ ᠭᠡᠷ ᠤᠨ ᠨᠢᠭᠡᠳᠦᠭᠡᠷ ᠬᠤᠭᠤᠴᠠᠭ᠎ᠠ ᠳᠤ ᠤᠰᠤᠨ ᠤ ᠦᠵᠡᠮᠵᠢ ᠶᠢᠨ ᠶᠡᠭᠡ ᠲᠠᠩᠬᠢᠮ᠂ ᠦᠵᠦᠮ ᠤᠨ ᠠᠷᠢᠬᠢᠨ ᠤ ᠪᠠᠭᠠᠷ᠂ ᠭᠤᠶᠤ ᠳᠠᠶᠢᠯᠠᠯᠭ᠎ᠠ ᠶᠢᠨ ᠲᠢᠩᠬᠢᠮ᠂ ᠬᠡᠭᠡᠨᠴᠢᠷ ᠲᠠᠩᠰᠤᠭ ᠬᠢᠲᠠᠳ ᠬᠤᠭᠤᠯᠠᠨ ᠭᠡᠷ᠂ ᠴᠠᠭ ᠤᠨ ᠤᠷᠤᠰᠬᠠᠯ ᠢ ᠳᠠᠭᠠᠭᠰᠠᠨ ᠧᠦ᠋ᠷᠣᠫᠠ ᠬᠤᠭᠤᠯᠠᠨ ᠭᠡᠷ ᠲᠠᠢ ᠪᠠᠶᠢᠵᠦ᠂ ᠡᠯ᠎ᠡ ᠲᠥᠷᠥᠯ ᠤᠨ ᠰᠣᠩᠭᠤᠳᠠᠭ ᠪᠦᠲᠦᠭᠡᠯ ᠲᠠᠢ ᠰᠢᠨ᠎ᠡ ᠶᠢ ᠡᠭᠦᠳᠦᠭᠰᠡᠨ ᠵᠠᠭᠤᠰᠢ ᠨᠣᠭᠤᠭ᠎ᠠ ᠨᠢ ᠴᠥᠮ ᠪᠦᠷᠢᠨ ᠭᠦᠶᠴᠡᠳ ᠪᠠᠶᠢᠵᠤ᠂ ᠲᠤᠬᠠᠶ ᠶᠢᠨ ᠭᠠᠵᠠᠷ ᠤᠨ ᠢᠳᠡᠭᠡᠨ ᠤᠮᠳᠠᠭᠠᠨ ᠤ ᠬᠡᠷᠡᠭᠯᠡᠭᠡᠨ ᠤ ᠵᠦᠭᠯᠡᠭᠦᠷ ᠪᠣᠯᠤᠭᠰᠠᠨ ᠪᠠᠶᠢᠨ᠎ᠠ᠃ ᠵᠣᠴᠢᠨ ᠤ ᠦᠷᠦᠭᠡᠨ ᠤ ᠣᠷᠣᠨ ᠪᠦᠰᠡ ᠳᠤ ᠬᠤᠳᠠᠯᠳᠤᠭᠠᠨ ᠤ ᠶᠠᠪᠤᠳᠠᠯ ᠤᠨ ᠦᠷᠦᠭᠡ᠂  ᠭᠡᠭᠡᠨᠴᠢᠷ  ᠦᠷᠦᠭᠡ᠂  ᠶᠡᠷᠦᠩᠬᠡᠶᠢᠯᠡᠭᠴᠢ ᠶᠢᠨ ᠦᠷᠦᠭᠡ ᠵᠡᠷᠭᠡ ᠡᠯ᠎ᠡ ᠲᠥᠷᠥᠯ ᠤᠨ ᠦᠷᠦᠭᠡ 158 ᠲᠠᠰᠤᠯᠭ᠎ᠠ ᠪᠠᠶᠢᠳᠠᠭ᠃ ᠵᠣᠴᠢᠳ ᠤᠨ ᠪᠠᠭᠤᠳᠠᠯ ᠤᠨ ᠬᠤᠶᠠᠳᠤᠭᠠᠷ ᠬᠤᠭᠤᠴᠠᠭᠠᠨ ᠤ ᠲᠠᠯᠠᠰᠲᠤ ᠣᠷᠳᠣᠨ ᠤ ᠬᠤᠷᠠᠯ ᠤᠨ ᠦᠷᠦᠭᠡ ᠵᠢᠴᠢ ᠫᠯᠠᠲ᠋ᠢᠨ ᠣᠷᠳᠣᠨ ᠤ ᠬᠤᠪᠢ ᠬᠥᠮᠦᠨ ᠤ  ᠦᠷᠦᠭᠡ ᠨᠢ ᠠᠮᠵᠢᠯᠲᠠ ᠣᠯᠤᠭᠰᠠᠨ ᠬᠥᠮᠦᠰ ᠤᠨ ᠭᠠᠳᠠᠭᠠᠳᠤ ᠣᠷᠴᠢᠨ ᠢ ᠬᠠᠷᠰᠢᠯᠠᠯ ᠢ ᠬᠦᠷᠲᠡᠬᠦ ᠳᠤᠷ᠎ᠠ ᠦᠭᠡᠢ  ᠎ ᠳᠤ ᠵᠤᠷᠢᠭᠤᠯᠵᠦ ᠪᠠᠶᠢᠭᠤᠯᠤᠭᠰᠠᠨ ᠨᠢᠭᠤᠴᠠ ᠣᠷᠣᠨ ᠵᠠᠶ ᠪᠤᠯᠤᠨ᠎ᠠ᠃     ︽ᠬᠤᠳᠠ ᠶᠢᠨ ᠪᠠᠶᠠᠨ ᠪᠦᠷᠢᠳᠦ᠂  ᠵᠢᠶᠠᠨ ᠭᠦᠸᠧ ᠲᠠᠨ ᠤ ᠭᠡᠷ ᠮᠦᠨ︾᠎ ᠂ ᠶᠢᠨ ᠬᠤᠤ ᠵᠢᠶᠠᠨ ᠭᠦᠸᠧ ᠲᠠᠨ ᠳᠤ ᠨᠢᠭᠡᠨ ᠪᠠᠶᠠᠨ ᠪᠦᠷᠢᠳᠦ ᠶᠢᠨ ᠨᠠᠮ ᠰᠡᠯᠡᠭᠦᠨ ᠲᠠᠭᠠᠯᠠᠮᠵᠢᠲᠠᠶ ᠪᠠᠶᠢᠬᠤ ᠤᠷᠴᠢᠨ ᠬᠠᠩᠭᠠᠵᠤ᠂ ᠲᠠᠨ ᠤ ᠴᠢᠬᠤᠯᠠ ᠬᠤᠳᠠᠯᠳᠤᠭᠠᠨ ᠤ ᠶᠠᠪᠤᠳᠠᠯ ᠤᠨ ᠬᠡᠯᠡᠯᠴᠡᠭᠡ ᠬᠢᠬᠦ ᠪᠤᠶᠤ ᠴᠢᠬᠤᠯᠠ ᠵᠣᠴᠢᠨ ᠢ ᠵᠣᠴᠢᠯᠠᠬᠤ ᠰᠣᠩᠭᠤᠯᠲᠠ ᠶᠢᠨ ᠭᠠᠵᠠᠷ ᠪᠣᠯᠤᠨ᠎ᠠ᠃     ᠬᠠᠶ᠋ᠢᠭ᠄ ᠵᠢᠨᠢᠩ ᠲᠣᠭᠤᠷᠢᠭ ᠤᠨ ᠭᠦᠡᠭ ᠨᠦᠡᠭ ᠶᠡᠭᠡ ᠵᠡᠭᠡᠯᠢ ᠶᠢᠨ 12 ᠳ᠋ᠤᠭᠠᠷ ᠨᠣᠮᠧᠷ     ᠬᠤᠭᠤᠯᠠ ᠵᠠᠬᠢᠶᠠᠯᠠᠬᠤ ᠤᠲᠠᠰᠤ᠄ 0474 — 8219999                                                                     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2