ᠰᠤᠷᠭᠠᠨ ᠬᠥᠮᠦᠵᠢᠯ ᠤᠨ ᠶᠠᠮᠤᠨ᠄ 41.7 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2020/1/7
       ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 25᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠱᠢ ᠢᠦᠢ ᠼᠧᠨ︶ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠨᠢ ᠨᠡᠶᠢᠭᠡᠮ ᠨᠡᠶᠢᠲᠡ ᠶᠢᠨ ᠬᠢᠨ ᠳᠤ ᠲᠡᠭᠡᠲᠦ ᠬᠡᠮᠵᠢᠶ᠎ᠠ ᠪᠠᠷ ᠠᠩᠬᠠᠷᠤᠬᠳᠠᠬᠰᠠᠭᠠᠷ ᠢᠷᠡᠵᠡᠢ᠃ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ 25᠎ ᠤ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠤᠯᠤᠰ ᠲᠤ ᠤᠳᠤᠬᠠᠨ ᠳᠤ 51.5 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠠᠢ ᠪᠠᠶᠢᠵᠤ᠂ 41.7 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠵᠠᠢ᠃        ᠰᠤᠷᠭᠠᠨ ᠬᠥᠮᠦᠵᠢᠯ ᠤᠨ ᠶᠠᠮᠤᠨ ᠤ ᠵᠠᠷᠯᠠᠯ ᠳᠤ᠂ ᠭᠡᠷ ᠤᠨ ᠠᠬᠠᠮᠠᠳ ᠤᠨ ᠵᠥᠪᠯᠡᠯ ᠢ ᠬᠤᠭᠤᠯᠠᠨ ᠭᠡᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠤᠷᠤᠯᠴᠠᠭᠤᠯᠬᠤ ᠲᠣᠭᠲᠠᠴᠠ ᠠᠴᠠ ᠦᠵᠡᠪᠡᠯ᠂ 39.8 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠭᠡᠷ ᠤᠨ ᠠᠬᠠᠮᠠᠳ ᠤᠨ ᠵᠥᠪᠯᠡᠯ ᠢ ᠬᠤᠭᠤᠯᠠᠨ ᠭᠡᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠤᠷᠤᠯᠴᠠᠭᠤᠯᠬᠤ ᠲᠤᠬᠳᠠᠴᠠ ᠶᠢ ᠪᠠᠶᠢᠭᠤᠯᠵᠠᠢ᠃ ᠰᠤᠷᠭᠠᠭᠤᠯᠢ ᠶᠢᠨ ᠬᠤᠭᠤᠯᠠᠨ ᠭᠡᠷ ᠤᠨ ︽ᠲᠤᠭᠤᠭᠠᠯᠠᠵᠤ ᠪᠠᠶᠢᠬᠤ ᠪᠠᠶᠢᠳᠠᠯ ᠢ ᠢᠯᠡ ᠦᠵᠡᠭᠦᠯᠭᠦ︾᠎ ᠶᠢᠨ ᠪᠦᠷᠬᠦᠴᠡ ᠠᠴᠠ ᠦᠵᠡᠪᠡᠯ᠂ ᠪᠥᠬᠦ ᠤᠯᠤᠰ ᠤᠨ ᠰᠤᠷᠭᠠᠭᠤᠯᠢ ᠶᠢᠨ ᠬᠤᠭᠤᠯᠠᠨ ᠭᠡᠷ ᠤᠨ ︽ᠲᠤᠭᠤᠭᠠᠯᠠᠵᠤ ᠪᠠᠶᠢᠬᠤ ᠪᠠᠶᠢᠳᠠᠯ ᠢ ᠢᠯᠡ ᠦᠵᠡᠭᠦᠯᠭᠦ︾᠎ ᠶᠢ ᠪᠡᠶᠡᠯᠡᠭᠦᠯᠦᠭᠰᠡᠨ ᠰᠤᠷᠭᠠᠭᠤᠯᠢ ᠨᠢ 6.7 ᠲᠦᠮᠡ ᠨᠡᠮᠡᠭᠳᠡᠵᠦ᠂ 34 ᠲᠦᠮᠡ ᠪᠣᠯᠪᠠ ᠭᠡᠵᠡᠢ᠃ ᠰᠤᠷᠭᠠᠨ ᠬᠥᠮᠦᠵᠢᠯ ᠤᠨ ᠶᠠᠮᠤᠨ ᠤ ᠬᠢᠨ ᠢᠯᠡᠷᠬᠡᠶᠢᠯᠡᠬᠦ ᠳᠡᠭᠡᠨ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠲᠤᠯᠠᠬᠤ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠤᠷᠲᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠬᠤ ᠠᠴᠠ ᠭᠠᠳᠠᠨ᠎ᠠ ᠪᠠᠰᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠮᠡᠳᠡᠯᠭᠡ ᠶᠢ ᠡᠷᠡᠭᠦᠯ ᠮᠡᠨᠳᠦ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠤᠷᠰᠢᠯᠲᠠ ᠶᠢᠨ ᠭᠠᠵᠠᠷ ᠣᠷᠣᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠭᠦ᠂ ᠬᠢᠨᠠᠯᠲᠠ ᠬᠠᠮᠢᠶᠠᠷᠤᠯᠲᠠ ᠬᠢᠭᠦ ᠪᠠ ᠡᠷᠡᠭᠦᠯ ᠮᠡᠨᠳᠦ ᠶᠢᠨ ᠬᠥᠮᠦᠵᠢᠯ ᠬᠢᠭᠦ ᠴᠢᠳᠠᠪᠤᠷᠢ ᠶᠢ ᠳᠡᠭᠡᠭᠰᠢᠯᠡᠭᠦᠯᠦᠨ᠎ᠡ ᠬᠡᠪᠡ᠃                                      ᠢᠷᠡᠯᠲᠡ᠄ ᠠᠷᠠᠳ ᠤᠨ ᠰᠦᠯᠵᠢᠶ᠎ᠡ                                      ᠪᠡᠯᠡᠳᠬᠡᠭᠰᠡᠨ ᠨᠢ᠄ ᠲᠤᠶᠠᠭ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2