400 ᠵᠢᠯ ᠤᠨ ᠲᠡᠤᠭᠡ ᠲᠠᠢ ᠦᠶ᠎ᠡ ᠤᠯᠠᠮᠵᠢᠯᠠᠭᠰᠠᠨ ᠮᠤᠩᠭᠤᠯ ᠡᠮᠨᠡᠯᠭᠡ ᠶᠢᠨ ᠷᠢᠳᠢ ᠰᠢᠳᠢ
ᠨᠡᠶᠢᠲᠡᠯᠡᠭᠰᠡᠨ ᠴᠠᠭ᠄
2020/10/14
400 ᠵᠢᠯ ᠤᠨ ᠲᠡᠤᠭᠡ ᠲᠠᠢ ᠦᠶ᠎ᠡ ᠤᠯᠠᠮᠵᠢᠯᠠᠭᠰᠠᠨ ᠮᠤᠩᠭᠤᠯ ᠡᠮᠨᠡᠯᠭᠡ ᠶᠢᠨ ᠷᠢᠳᠢ ᠰᠢᠳᠢ         — ᠤᠯᠠᠭᠠᠨᠴᠠᠪ ᠬᠤᠲᠠ ᠶᠢᠨ ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ ᠶᠢᠨ ᠲᠠᠷᠤᠭ᠎ᠠ ᠴᠢᠨ ᠢᠤᠢ ᠳ᠋ᠦᠩ ᠡᠮᠴᠢ ᠶᠢ ᠰᠤᠷᠪᠤᠯᠵᠢᠯᠠᠪᠠ    
         ᠪᠤᠳᠠᠰ ᠤᠨ ᠪᠤᠰᠤ ᠰᠤᠶᠤᠯ ᠤᠨ ᠦᠪ ᠨᠢ ᠨᠢᠭᠡ ᠦᠨᠳᠦᠰᠦᠲᠡᠨ ᠤ ᠦᠪᠡᠷᠮᠢᠴᠡ ᠤᠨᠴᠠᠯᠢᠭ ᠢ ᠬᠠᠷᠠᠭᠤᠯᠬᠤ ᠮᠦᠷᠲᠡᠭᠡᠨ ᠨᠢᠭᠡᠨ ᠦᠢᠯᠡᠰ ᠤᠨ ᠠᠴᠢᠶᠠᠯᠠᠭᠴᠢ ᠪᠤᠯᠤᠨ᠎ᠠ᠃ ᠤᠯᠠᠭᠠᠨᠴᠠᠪ ᠬᠤᠲᠠ ᠶᠢᠨ ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ ᠪᠤᠯ ᠦᠨᠳᠦᠰᠦᠲᠡᠨ ᠤ ᠰᠤᠶᠤᠯ ᠢᠶᠠᠨ ᠦᠪᠯᠡᠨ ᠬᠦᠭᠵᠢᠭᠦᠯᠵᠦ ᠶᠠᠪᠤᠭ᠎ᠠ ᠴᠢᠳᠠᠪᠤᠷᠢᠲᠠᠨ ᠵᠢᠳᠬᠦᠯᠲᠡᠳ ᠤᠨ ᠤᠬᠠᠭᠠᠨ ᠬᠦᠳᠡᠯᠮᠦᠷᠢ ᠪᠠᠷ ᠪᠦᠷᠢᠯᠳᠦᠭᠰᠡᠨ ᠡᠮᠴᠢᠯᠡᠭᠡᠨ ᠤ ᠡᠩᠨᠡᠭᠡ ᠪᠦᠭᠡᠳ ᠡᠮᠨᠡᠯᠭᠡ ᠶᠢᠨ ᠬᠤᠷᠢᠶ᠎ᠠ ᠶᠢ ᠡᠭᠦᠰᠭᠡᠨ ᠪᠠᠶᠢᠭᠤᠯᠤᠭᠴᠢ᠂ ᠬᠤᠷᠢᠶᠠᠨ ᠲᠠᠷᠤᠭ᠎ᠠ ᠬᠤᠪᠢᠰᠬᠠᠯᠲᠤ ᠭᠤᠸᠠᠢ ︵ᠴᠢᠨ ᠢᠤᠢ ᠳ᠋ᠦᠩ︶ ᠪᠤᠯ ᠦᠶ᠎ᠡ ᠤᠯᠠᠮᠵᠢᠯᠠᠨ ᠮᠤᠩᠭᠤᠯ ᠠᠨᠠᠭᠠᠬᠤ ᠤᠬᠠᠭᠠᠨ ᠤ ᠡᠮᠴᠢᠯᠡᠭᠡᠨ ᠤ ᠮᠡᠷᠭᠡᠵᠢᠯ ᠢᠶᠠᠨ ᠦᠪᠯᠡᠵᠦ ᠢᠷᠡᠭᠰᠡᠨ 18 ᠳ᠋ᠤᠭᠠᠷ ᠦᠶ᠎ᠡ ᠶᠢᠨ ᠵᠠᠯᠭᠠᠮᠵᠢᠯᠠᠭᠴᠢ ᠪᠤᠯᠤᠨ᠎ᠠ᠃ 2015 ᠤᠨ ᠳᠤ ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠪᠦᠷᠢᠳᠭᠡᠭᠳᠡᠭᠰᠡᠨ ︽ᠳᠠᠷᠬᠠᠨ ᠸᠠᠩ ᠤᠨ ᠤᠷᠳᠤᠨ ᠤ ᠵᠡᠭᠦᠦ ᠲᠦᠭᠡᠨᠡᠯᠭᠡ︾ ᠶᠢᠨ ᠡᠮᠴᠢᠯᠡᠭᠡᠨ ᠢᠶᠠᠷ ᠢᠶᠠᠨ ᠬᠤᠪᠢᠰᠬᠠᠯᠲᠤ ᠭᠤᠸᠠᠢ 2018 ᠤᠨ ᠳᠤ ᠳᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠶᠡᠭᠡ ᠬᠤᠷᠠᠯ ᠠᠴᠠ ᠤᠯᠭᠤᠨᠨᠰᠡᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠳᠤ ᠤᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ ᠢ ᠲᠤᠰᠴᠠᠢ᠃ ᠡᠨᠡ ᠪᠣᠯ ᠳᠡᠯᠡᠬᠡᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠦᠷᠢᠶᠡᠨ ᠳᠠᠬᠢ ᠬᠠᠮᠤᠭ ᠤᠨ ᠳᠡᠭᠡᠳᠦ ᠱᠠᠩᠨᠠᠯ ᠪᠣᠯᠤᠨ᠎ᠠ᠃ ᠡᠶᠢᠨᠬᠦ ᠳᠡᠯᠡᠬᠡᠢ ᠶᠢᠨ ᠬᠡᠪᠴᠢᠶᠡᠨ ᠳᠤ ᠲᠦᠭᠡᠭᠡᠵᠦ᠂ 400 ᠭᠠᠷᠤᠢ ᠵᠢᠯ ᠦᠶ᠎ᠡ ᠠᠯᠭᠠᠰᠠᠯ ᠦᠭᠡᠢ ᠦᠷᠭᠦᠯᠵᠢᠯᠡᠵᠤ ᠪᠠᠶᠢᠭ᠎ᠠ ᠮᠤᠩᠭᠤᠯ ᠡᠮᠨᠡᠯᠭᠡ ᠶᠢᠨ ᠤᠢᠢᠯᠡᠰ ᠢ ᠭᠤᠤᠯᠳᠠᠯᠭᠠᠲᠤ ᠠᠵᠢᠯ ᠦᠢᠯᠡᠰ ᠪᠤᠯᠭᠠᠨ ᠡᠷᠬᠢᠯᠡᠵᠦ᠂ ᠡᠷᠲᠡᠨ ᠤ ᠤᠯᠠᠮᠵᠢᠯᠡᠯᠳᠦ ᠮᠤᠩᠭᠤᠯ ᠡᠮᠨᠡᠯᠭᠡ ᠶᠢᠨ ᠡᠷᠳᠡᠨᠢᠰ ᠤᠨ ᠰᠠᠩ ᠤᠨ ᠳᠠᠷᠬᠠᠨ ᠬᠦᠮᠦᠷᠭᠡ ᠶᠢ ᠨᠦᠭᠡᠴᠡᠯᠡᠵᠦ ᠶᠠᠪᠤᠭ᠎ᠠ ᠨᠢ ᠡᠨᠡ ᠪᠠᠶᠢᠵᠠᠢ᠃          ᠠᠵᠢᠯ ᠤᠨ ᠶᠠᠭᠠᠷᠠᠤ ᠠᠴᠠ ᠪᠤᠯᠵᠦ ᠰᠠᠷ᠎ᠠ ᠳᠤ ᠬᠤᠶᠠᠷᠬᠠᠨ ᠡᠳᠦᠷ ᠤᠯᠠᠭᠠᠨᠴᠠᠪ ᠲᠠᠬᠢ ᠡᠮᠨᠡᠯᠭᠡ ᠶᠢᠨ ᠬᠤᠷᠢᠶᠠᠨ ᠳᠤ ᠢᠷᠡᠵᠦ ᠡᠮᠴᠢᠯᠡᠳᠡᠭ ᠬᠤᠪᠤᠷᠬᠠᠨ ᠳᠤᠬᠢᠶᠠᠯ ᠢ ᠠᠰᠢᠭᠯᠠᠨ ᠪᠢᠳᠠ ᠰᠤᠷᠪᠤᠯᠵᠢᠯᠠᠭ᠎ᠠ ᠠᠪᠬᠤ ᠬᠡᠮᠡᠨ ᠤᠯᠠᠭᠠᠨᠴᠠᠪ ᠬᠤᠳᠠ ᠶᠢᠨ ᠵᠢᠨᠢᠩ ᠲᠤᠭᠤᠷᠢᠬ ᠤᠨ ᠪᠠᠢ ᠸᠠᠩ ᠰᠠᠭᠤᠭᠠᠯᠢ ᠠᠷᠠᠳ ᠤᠨ ᠲᠤᠭᠤᠷᠢᠬ ᠤᠨ ᠡᠮᠤᠨ᠎ᠠ ᠡᠬᠦᠳᠡᠨ ᠳᠤ ᠪᠠᠶᠢᠷᠢᠯᠠᠵᠤ ᠪᠠᠶᠢᠭ᠎ᠠ ︽ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ︾ ᠶᠢᠨ ᠲᠠᠷᠤᠭ᠎ᠠ ᠬᠤᠪᠢᠰᠬᠠᠯᠲᠤ ᠭᠤᠸᠠᠢ ᠲᠠᠢ  ᠠᠭᠤᠯᠵᠠᠬᠤ ᠳᠤ ᠲᠠᠷᠠ ᠡᠮᠴᠢᠯᠡᠭᠡᠨ ᠤ ᠲᠠᠰᠤᠬ ᠲᠠᠭᠠᠨ ᠮᠠᠰᠢ ᠶᠠᠭᠠᠷᠠᠵᠦ ᠪᠠᠶᠢᠨᠨᠰᠡᠨ ᠴᠦ ᠴᠠᠬ ᠢ ᠰᠢᠪᠠᠭᠵᠤ ᠪᠢᠳᠠᠨ ᠤ ᠰᠤᠷᠪᠤᠯᠵᠢᠯᠠᠭ᠎ᠠ ᠶᠢ ᠬᠦᠯᠢᠶᠡᠪᠡ᠃           400 ᠵᠢᠯ ᠤᠨ ᠲᠡᠤᠭᠡ ᠲᠠᠢ ︽ᠮᠧᠩ ᠢ ᠲᠠᠩ ᠮᠤᠩᠭᠤᠯ ᠡᠮᠨᠡᠯᠭᠡ︾ ᠨᠢ ᠤᠤᠯ ᠤᠨ ︽ᠲᠠᠷᠬᠠᠨ ᠸᠠᠩ ᠤᠨ ᠤᠷᠳᠤᠨ ᠤ ᠤᠨᠤᠰᠢᠯᠭ᠎ᠠ︾ ᠶᠢᠨ ᠭᠠᠵᠠᠷ ᠪᠠᠶᠢᠨᠨᠰᠡᠨ ᠪᠦᠭᠡᠳ ᠲᠡᠭᠡᠳᠤᠰ ᠠᠴᠠ ᠤᠯᠠᠮᠵᠢᠯᠠᠯ ᠲᠠᠢ ᠡᠨᠡᠬᠦ ᠮᠤᠩᠭᠤᠯ ᠡᠮᠨᠡᠯᠭᠡ ᠨᠢ ᠬᠤᠪᠢᠰᠬᠠᠯᠳᠦ ᠡᠮᠴᠢ ᠶᠢᠨ ᠦᠶ᠎ᠠ ᠳᠤ ᠨᠢᠭᠡᠨᠳᠡ 18 ᠳ᠋ᠤᠭᠠᠷ ᠦᠶ᠎ᠠ ᠵᠠᠯᠭᠠᠮᠵᠢᠯᠬᠠᠳᠠᠵᠤ ᠢᠷᠡᠭᠰᠡᠨ ᠪᠠᠶᠢᠨ᠎ᠠ᠃ 2000 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠲᠠᠢ ᠬᠠᠮᠳᠤᠷᠠᠨ ︽ᠪᠤᠷᠵᠢᠬᠢᠨ ᠮᠤᠩᠭᠤᠯ ᠡᠮᠨᠡᠯᠭᠡ ᠶᠢᠨ ᠬᠤᠷᠢᠶ᠎ᠠ︾ ᠶᠢ ᠪᠠᠶᠢᠭᠤᠯᠵᠤ᠂ 2002 ᠤᠨ ᠳᠤ ︽ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ︾ ᠭᠡᠵᠤ ᠦᠭᠡᠷᠡᠴᠢᠯᠠᠵᠤ᠂ 2008 ᠤᠨ ᠳᠤ ᠪᠡᠭᠡᠵᠢᠩ ᠬᠤᠲᠠ ᠳᠤ ︽ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ︾ ᠶᠢᠨ ᠡᠭᠦᠳᠡᠨ ᠡᠮᠨᠡᠯᠭᠡ ᠪᠠᠨ ᠨᠡᠬᠡᠭᠡᠵᠦ᠂ 2014 ᠤᠨ ᠳᠤ ᠲᠦᠡᠭᠯᠢᠶᠤᠤ ᠬᠤᠲᠠ ᠳᠤ ᠡᠮᠨᠡᠯᠭᠡ ᠶᠢᠨ ᠬᠤᠷᠢᠶ᠎ᠡ ᠪᠠᠨ ᠪᠠᠶᠢᠭᠤᠯᠵᠦ᠂ ᠨᠢᠳᠤᠨᠤᠨ ᠤ 6 ᠰᠠᠷ᠎ᠠ ᠳᠤ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠲᠤ ︽ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ︾ ᠶᠢ ᠨᠡᠭᠡᠭᠡᠭᠰᠡᠨ ᠠᠴᠠ ᠬᠤᠪᠢᠰᠬᠠᠯᠲᠤ ᠡᠮᠴᠢ ᠶᠢᠨ ᠠᠵᠢᠯ ᠤᠯᠠᠮ ᠶᠠᠭᠠᠷᠠᠤ ᠪᠤᠯᠤᠭᠰᠠᠨ ᠪᠠᠶᠢᠨ᠎ᠠ᠃           ᠤᠳᠠᠭᠠᠨ ᠵᠢᠯ ᠤᠨ ᠦᠶ᠎ᠡ ᠤᠯᠠᠮᠵᠢᠯᠠᠯ ᠤᠨ ᠶᠠᠪᠤᠴᠠ ᠳᠤ ᠤᠯᠠᠮᠵᠢᠯᠠᠯᠳᠦ ᠮᠤᠩᠭᠤᠯ ᠠᠨᠠᠭᠠᠬᠤ ᠤᠬᠠᠭᠠᠨ ᠤ ᠮᠡᠷᠭᠡᠵᠢᠯ ᠢ ᠲᠠᠰᠤᠷᠠᠯᠲᠠ ᠦᠭᠡᠢ ᠰᠤᠳᠤᠯᠵᠦ᠂ ᠰᠢᠯᠢᠳᠡᠭᠵᠢᠭᠦᠯᠵᠦ᠂ ᠳᠡᠭᠦᠯᠳᠡᠷᠵᠢᠭᠦᠯᠦᠭᠰᠡᠨ ᠤ ᠰᠠᠭᠤᠷᠢᠨ ᠳᠡᠭᠡᠷ᠎ᠡ ᠥᠪᠡᠷ ᠤᠨ ᠣᠨᠴᠠᠯᠢᠭ ᠲᠠᠢ ︽ᠮᠧᠩ ᠢ ᠲᠠᠩ︾ ᠵᠠᠰᠠᠯ ᠢ ᠡᠭᠦᠳᠦᠨ ᠪᠠᠶᠢᠭᠤᠯᠵᠤ᠂ ᠤᠯᠠᠨ ᠡᠪᠡᠳᠴᠢᠲᠡᠨ ᠢ ᠡᠮᠨᠡᠨ ᠡᠳᠡᠭᠡᠷᠡᠭᠦᠯᠦᠭᠡᠳ ᠬᠤᠯᠠ ᠤᠢᠢᠷ᠎ᠠ ᠳᠤ ᠠᠯᠳᠠᠷᠰᠢᠵᠠᠢ᠃ ᠤᠨᠴᠠᠭᠠᠢᠢᠯᠠᠨ ︽ᠳᠠᠷᠬᠠᠨ ᠸᠠᠩ ᠤᠨ ᠤᠷᠳᠤᠨ ᠤ ᠵᠡᠭᠦᠦ ᠲᠦᠭᠡᠨᠡᠯᠭᠡ︾ ᠶᠢᠨ ᠵᠠᠰᠠᠯ ᠨᠢ ᠬᠦᠳᠡᠯᠵᠦ ᠪᠠᠷᠢᠬᠤ ᠳᠤ ᠬᠦᠴᠢᠷᠳᠡᠵᠦ ᠪᠠᠶᠢᠭ᠎ᠠ ᠦᠶ᠎ᠡ ᠬᠡᠰᠢᠭᠦᠦ ᠶᠢᠨ ᠡᠪᠡᠳᠴᠢᠨ᠂ ᠳᠠᠯᠤ ᠮᠥᠷᠥ ᠶᠢᠨ ᠦᠷᠪᠢᠰᠦᠯ᠂ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ ᠶᠠᠰᠤᠨ ᠤ ᠮᠦᠭᠡᠷᠰᠦᠯ᠂ ᠲᠠᠭᠰᠢᠭᠤᠷ᠂ ᠭᠡᠳᠡᠰᠦᠨ ᠤ ᠦᠷᠪᠢᠰᠦᠯ ᠢ ᠮᠠᠰᠢ ᠲᠦᠷᠭᠡᠨ ᠡᠳᠡᠭᠡᠷᠡᠭᠦᠯᠳᠡᠭ ᠤᠨᠴᠠᠭᠠᠢ ᠦᠢᠯᠡᠳᠦᠯ ᠲᠠᠢ ᠪᠤᠯᠬᠤᠷ ᠡᠪᠡᠳᠴᠢᠲᠡᠳ ᠲᠤ ︽ᠨᠢᠭᠤᠴᠠᠬᠠᠢ ᠵᠤᠷ︾ ᠲᠠᠢ ᠭᠡᠮᠡᠨ ᠭᠠᠶᠢᠬᠠᠨᠨᠳ᠋ᠬᠠᠰᠡᠨ ᠪᠠᠶᠢᠨ᠎ᠠ᠃ ᠡᠨᠡᠬᠦ ᠨᠢᠭᠤᠴᠠ ᠵᠤᠷ ᠢᠶᠠᠷ ᠤᠯᠠᠨ ᠳᠤ ᠲᠠᠨᠢᠭᠳᠠᠭᠰᠠᠨ ᠮᠧᠩ ᠢ ᠲᠠᠩ ᠮᠤᠩᠭᠤᠯ ᠡᠮᠨᠡᠯᠭᠡ ᠶᠢᠨ ᠬᠤᠷᠢᠶ᠎ᠠ ᠨᠢ ᠤᠯᠠᠭᠠᠨᠴᠠᠪ ᠲᠠᠬᠢ ᠮᠤᠩᠭᠤᠯ ᠡᠮᠨᠡᠯᠭᠡ ᠶᠢᠨ ᠡᠮᠴᠢᠯᠡᠭᠡᠨ ᠤ ᠰᠢᠨ᠎ᠡ ᠬᠠᠭᠤᠳᠠᠰᠤ ᠪᠠᠨ ᠰᠡᠬᠦᠵᠦ᠂ ᠦᠪᠡᠷᠮᠢᠴᠡ ᠤᠨᠴᠠᠯᠢᠭ ᠪᠦᠬᠦᠢ ᠤᠯᠠᠮᠵᠢᠯᠠᠯᠳᠦ ᠮᠤᠩᠭᠤᠯ ᠡᠮᠨᠡᠯᠭᠡ ᠶᠢᠨ ᠵᠤᠷ ᠢᠶᠠᠷ ᠵᠠᠰᠠᠨ ᠡᠮᠴᠢᠯᠡᠬᠦ ᠶᠢᠨ ᠳᠠᠭᠠᠤ ᠮᠤᠩᠭᠤᠯ ᠡᠮ ᠢᠶᠠᠨ ᠦᠪᠡᠷ ᠢᠶᠠᠨ ᠨᠠᠶᠢᠷᠠᠭᠤᠯᠤᠨ ᠦᠢᠯᠡᠳᠴᠦ ᠪᠠᠶᠢᠬᠤ ᠠᠴᠠ ᠭᠠᠳᠠᠨ᠎ᠠ᠂ ᠬᠠᠨ ᠰᠢᠶᠠᠩ ᠢᠦᠢ᠂ ᠲᠢᠶᠠᠨ ᠱᠠᠨ ᠂ ᠬᠤᠤ ᠶᠢᠨ ᠪᠤᠤ ᠵᠡᠷᠭᠡ ᠨᠡᠷᠡᠲᠦ ᠫᠷᠤᠹᠧᠰᠰᠤᠷ᠂ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠰᠢᠯᠢᠳᠡᠭ ᠰᠠᠶᠢᠨ ᠡᠮᠴᠢᠯᠡᠭᠡᠨ ᠤ ᠡᠩᠨᠡᠭᠡ ᠶᠢ ᠪᠦᠷᠢᠯᠳᠦᠭᠦᠯᠵᠤ᠂ ᠭᠤᠤᠯᠳᠠᠭᠤ ᠦᠶ᠎ᠡ ᠬᠡᠰᠢᠭᠦᠦ ᠶᠢᠨ ᠡᠪᠡᠳᠴᠢᠨ᠂ ᠬᠡᠷᠦᠬᠦ ᠡᠪᠡᠳᠴᠢᠨ᠂ ᠬᠤᠳᠣᠭᠤᠳᠣ ᠭᠡᠳᠡᠰᠦᠨ ᠤ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠪᠦᠭᠯᠡᠷᠡᠯ ᠤᠨ ᠡᠪᠡᠳᠴᠢᠨ᠂ ᠠᠷᠠᠰᠤᠨ ᠤ ᠡᠪᠡᠳᠴᠢᠨ᠂ ᠬᠠᠷᠰᠢᠮᠠᠲᠠᠭᠠᠢ ᠭᠡᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠶᠢ ᠭᠤᠤᠯᠯᠠᠨ ᠵᠠᠰᠠᠬᠤ ᠠᠴᠠ ᠭᠠᠳᠠᠨ᠎ᠠ ᠷᠠᠰᠢᠶᠠᠨ ᠵᠠᠰᠠᠯ᠂ ᠬᠠᠨᠠᠬᠤ᠂ ᠶᠠᠰᠤ ᠪᠠᠷᠢᠬᠤ ᠵᠡᠷᠭᠡ ᠤᠯᠠᠮᠵᠢᠯᠠᠯᠲᠤ ᠵᠠᠰᠠᠯ ᠤᠨ ᠠᠷᠭ᠎ᠠ ᠪᠠᠷ ᠡᠮᠴᠢᠯᠡᠳᠡᠭ᠃           ᠬᠤᠷᠢᠶᠠᠨ ᠲᠠᠷᠤᠭ᠎ᠠ ᠬᠤᠪᠢᠰᠬᠠᠯᠲᠤ ᠠᠴᠠ ᠲᠤᠰ ᠡᠮᠨᠡᠯᠭᠡ ᠶᠢᠨ ᠬᠤᠷᠢᠶ᠎ᠠ ᠶᠢ ᠡᠷᠬᠢᠯᠡᠭᠰᠡᠨ ᠲᠤᠬᠠᠢ ᠶᠠᠷᠢᠬᠤ ᠳᠠᠭᠠᠨ᠄ ︽7 ᠨᠠᠰᠤᠲᠠᠢ ᠠᠴᠠ ᠪᠠᠨ ᠠᠪᠤ ᠪᠠᠨ ᠳᠠᠭᠠᠵᠦ ᠤᠯᠠᠮᠵᠢᠯᠠᠯᠲᠤ ᠮᠤᠩᠭᠤᠯ ᠠᠨᠠᠭᠠᠬᠤ ᠵᠠᠰᠠᠯ ᠢ ᠰᠤᠷᠴᠤ᠂ ᠶᠡᠭᠡ ᠰᠤᠷᠭᠠᠭᠤᠯᠢ ᠳᠠᠭᠠᠨ ᠨᠢᠭᠲᠠᠯᠠᠨ ᠪᠤᠳᠤᠭᠴᠢ ᠶᠢᠨ ᠮᠡᠷᠭᠡᠵᠢᠯ ᠢᠶᠠᠷ ᠰᠤᠷᠤᠯᠴᠠᠵᠦ᠂ ᠲᠡᠭᠦᠰᠦᠭᠰᠡᠨ ᠤ ᠳᠠᠷᠠᠭ᠎ᠠ ᠠᠯᠪᠠᠨ ᠪᠠᠶᠢᠭᠤᠯᠭ᠎ᠠ ᠳᠤ ᠠᠵᠢᠯᠯᠠᠵᠠᠢ᠃ ᠲᠡᠭᠡᠬᠦ ᠳᠤ ᠠᠪᠤ ᠮᠢᠨᠢ ᠦᠶ᠎ᠡ ᠶᠢᠨ ᠦᠶ᠎ᠡ ᠤᠯᠠᠮᠵᠢᠯᠠᠵᠦ ᠢᠷᠡᠭᠰᠡᠨ ᠮᠤᠩᠭᠤᠯ ᠡᠮᠨᠡᠯᠭᠡ ᠨᠢ ᠲᠠᠭᠦᠨ ᠤ ᠦᠶ᠎ᠡ ᠳᠤ ᠢᠷᠡᠭᠡᠳ ᠵᠠᠯᠭᠠᠮᠵᠢ ᠲᠠᠰᠤᠷᠠᠬᠤ ᠪᠤᠯᠵᠠᠢ ᠭᠡᠵᠦ ᠶᠡᠭᠡ ᠰᠠᠨᠠᠭ᠎ᠠ ᠵᠤᠪᠠᠳᠠᠬ ᠪᠠᠶᠢᠨᠨᠰᠠᠠ ᠪᠦᠭᠡᠳ ᠨᠠᠰᠤᠨ ᠡᠴᠦᠰ ᠪᠤᠯᠬᠤ ᠶᠢᠨ ᠦᠶ᠎ᠡ ᠶᠢᠨ ᠰᠠᠨᠠᠭᠠᠰᠢᠷᠠᠯ ᠨᠢ ᠮᠢᠨᠦ ᠵᠢᠷᠦᠬᠡ ᠶᠢ ᠵᠡᠭᠦᠦ ᠪᠠᠷ ᠰᠢᠪᠡᠬᠦ‍ ᠰᠢᠭ ᠡᠮᠵᠢᠭᠯᠡᠭᠦᠯᠦᠭᠰᠡᠨ ᠠᠴᠠ ᠪᠢ ᠠᠯᠪᠠᠨ ᠠᠵᠢᠯ ᠢᠶᠠᠨ ᠤᠷᠬᠢᠵᠦ ᠭᠡᠷ ᠤᠨ ᠤᠯᠠᠮᠵᠢᠯᠠᠯᠲᠤ ᠡᠮᠨᠡᠯᠭᠡ ᠶᠢᠨ ᠠᠵᠢᠯ ᠢᠶᠠᠨ ᠡᠷᠭᠦᠵᠦ ᠠᠪᠬᠤ ᠪᠠᠷ ᠠᠮᠠᠨ ᠲᠠᠩᠭᠠᠷᠢᠭ ᠢᠶᠠᠨ ᠦᠭᠬᠦᠭᠰᠡᠨ ᠶᠤᠮ᠂ ᠲᠡᠭᠦᠨ ᠠᠴᠠ ᠬᠤᠶᠢᠰᠢ ᠵᠤᠷᠢᠭ ᠰᠢᠭᠤᠳᠴᠦ ᠡᠮᠨᠡᠯᠭᠡ ᠶᠢᠨ ᠤᠬᠠᠭᠠᠨ ᠤ ᠲᠠᠯ᠎ᠠ ᠪᠠᠷ ᠦᠷᠬᠦᠯᠵᠢᠯᠡᠨ ᠰᠤᠷᠤᠯᠴᠠᠵᠦ᠂ ᠰᠤᠳᠤᠯᠵᠦ᠂ ᠳᠠᠬᠢᠨ ᠡᠮᠨᠡᠯᠭᠡ ᠪᠠᠶᠢᠭᠤᠯᠤᠨ ᠡᠬᠢᠯᠡᠵᠦ ᠠᠵᠢᠯᠯᠠᠭᠰᠠᠨ ᠶᠤᠮ᠂ ᠤᠳᠤ ᠨᠠᠳᠠ ᠠᠴᠠ ᠭᠤᠷᠪᠠᠨ ᠬᠦᠦ ᠨᠢᠭᠡ ᠦᠬᠢᠨ ᠲᠠᠢ᠃ ᠬᠦᠦᠴᠤᠤᠯ ᠮᠢᠨᠢ ᠪᠦᠷ ᠡᠮᠴᠢᠯᠡᠵᠤ ᠪᠠᠶᠢᠬᠤ ᠪᠦᠭᠡᠳ ︿ᠮᠧᠩ ᠢ ᠲᠠᠩ ᠮᠤᠩᠭᠤᠯ ᠡᠮᠨᠡᠯᠭᠡ ﹀ ᠶᠢᠨ 19 ᠳ᠋ᠦ᠋ᠭᠡᠷ ᠦᠶ᠎ᠠ ᠳᠤ ᠴᠦ ᠨᠢᠭᠡᠨᠳᠡ ᠵᠠᠯᠭᠠᠮᠵᠢᠯᠬᠠᠴᠢ ᠲᠠᠢ ᠪᠤᠯᠵᠠᠢ︾ ᠭᠡᠵᠦ ᠳᠤᠭᠳᠤᠯᠵᠦ ᠪᠠᠶᠢᠯ᠎ᠠ᠃          ᠤᠳᠤ ᠭᠤᠷᠪᠠᠨ ᠡᠮᠨᠡᠯᠭᠡ ᠶᠢᠨ ᠬᠤᠷᠢᠶᠠᠨ ᠳᠠᠭᠠᠨ ᠡᠮᠴᠢᠯᠡᠵᠦ ᠶᠠᠪᠤᠬᠤ ᠠᠴᠠ ᠭᠠᠳᠠᠨ᠎ᠠ ᠵᠢᠯ ᠪᠤᠯᠭᠠᠨ ᠠᠯᠪᠠᠨ ᠵᠢᠷᠤᠮ ᠤᠨ ᠡᠮᠴᠢᠯᠡᠭᠡ ᠬᠢᠵᠦ᠂ ᠲᠦᠪᠡᠳ ᠭᠠᠨᠰᠤ ᠵᠡᠷᠭᠡ ᠭᠠᠵᠠᠷ ᠬᠦᠷᠴᠦ ᠡᠮᠴᠢᠯᠡᠬᠦ ᠠᠴᠠ ᠭᠠᠳᠠᠨ᠎ᠠ ᠦᠪᠦᠷ ᠮᠤᠩᠭᠤᠯ ᠤᠷᠤᠨ ᠤ ᠬᠡᠪᠴᠢᠶᠡᠨ ᠳᠤ ᠬᠦᠳᠡᠭᠡ ᠨᠤᠲᠤᠭ᠂ ᠪᠤᠶᠢᠳᠠ ᠪᠦᠭᠯᠡᠭᠦᠦ ᠭᠠᠵᠠᠷ ᠤᠷᠤᠨ ᠳᠤ ᠬᠦᠷᠴᠦ ᠦᠨ᠎ᠡ ᠲᠦᠯᠦᠪᠦᠷᠢ ᠦᠭᠡᠢ ᠡᠮᠴᠢᠯᠡᠳᠡᠭ ᠪᠠᠶᠢᠨ᠎ᠠ᠂ ᠦᠨᠦ ᠵᠢᠯ ᠤᠯᠠᠭᠠᠨᠴᠠᠪ ᠤᠨ ᠬᠡᠪᠴᠢᠶᠡᠨ ᠳᠤ 8000 ᠭᠠᠷᠤᠢ ᠬᠦᠮᠦᠨ ᠳᠤ ᠠᠯᠪᠠᠨ ᠵᠢᠷᠤᠮ ᠤᠨ ᠡᠮᠴᠢᠯᠡᠭᠡ ᠬᠠᠨᠭ᠍ᠭᠠᠬᠤ ᠪᠠᠷ ᠲᠦᠯᠦᠪᠯᠡᠵᠦ᠂ ᠪᠠᠰᠠ ᠲᠤᠰᠬᠠᠢ ᠪᠡᠯᠡ ᠤᠷᠤᠭᠤᠯᠵᠦ ᠦᠢᠯᠡᠳᠪᠦᠷᠢ ᠶᠢᠨ ᠲᠠᠰᠤᠭ ᠪᠠᠶᠢᠭᠤᠯᠤᠨ ᠦᠪᠡᠷᠰᠡᠳ ᠢᠶᠠᠨ ᠰᠤᠳᠤᠯᠤᠨ ᠦᠢᠯᠡᠳᠦᠭᠰᠡᠨ ᠡᠮᠴᠢᠯᠡᠭᠡᠨ ᠤ ᠪᠦᠲᠦᠭᠡᠭᠳᠡᠬᠦᠨ   ᠢᠶᠠᠷ ᠢᠶᠠᠨ ᠡᠪᠡᠳᠴᠢᠳᠡᠨ ᠢ ᠡᠮᠨᠡᠨ ᠵᠠᠰᠠᠬᠤ ᠠᠴᠠ ᠭᠠᠳᠠᠨ᠎ᠠ ᠡᠷᠡᠭᠦᠯᠵᠢᠭᠦᠯᠵᠦ ᠰᠤᠪᠢᠯᠠᠬᠤ ᠬᠦᠷᠢᠶᠡᠯᠡᠩ ᠪᠠ ᠡᠮ ᠤᠨ  ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠪᠠᠶᠢᠭᠤᠯᠬᠤ ᠪᠠᠷ ᠲᠦᠯᠦᠪᠯᠡᠵᠤ᠂ ᠪᠡᠯᠡᠳᠭᠡᠯ ᠠᠵᠢᠯ ᠳᠠᠭᠠᠨ ᠶᠠᠭᠠᠷᠠᠵᠤ ᠶᠠᠪᠤᠨ᠎ᠠ᠃           ᠡᠨᠡᠬᠦ ᠭᠡᠷ ᠪᠦᠯᠢ ᠶᠢᠨ ᠦᠶ᠎ᠡ ᠤᠯᠠᠮᠵᠢᠯᠬᠠᠰᠡᠨ ᠤᠯᠠᠮᠵᠢᠯᠠᠯᠲᠤ ᠮᠤᠩᠭᠤᠯ ᠠᠨᠠᠭᠠᠬᠤ ᠵᠠᠰᠠᠯ ᠢᠶᠠᠨ ᠪᠦᠷᠢᠨ ᠪᠦᠲᠦᠨ ᠢᠶᠠᠷ ᠦᠪᠯᠡᠵᠦ ᠬᠦᠭᠵᠢᠭᠦᠯᠵᠦ ᠶᠠᠪᠤᠭ᠎ᠠ ᠬᠤᠪᠢᠰᠬᠠᠯᠲᠤ ᠡᠮᠴᠢ ᠶᠢᠨ ᠡᠮᠴᠢᠯᠡᠭᠡᠨ ᠨᠢ ᠤᠯᠠᠮᠵᠢᠯᠠᠯᠲᠤ ᠮᠤᠩᠭᠤᠯ ᠡᠮ ᠡᠮᠨᠡᠯᠭᠡ ᠶᠢᠨ ᠦᠢᠯᠡᠰ ᠢ ᠨᠡᠩ ᠦᠷᠭᠡᠨ ᠵᠠᠢ ᠳᠤ ᠲᠡᠯᠭᠡᠷᠡᠭᠦᠯᠬᠦ ᠮᠦᠷᠲᠡᠭᠡᠨ ᠤᠯᠠᠭᠠᠨᠴᠠᠪ ᠬᠤᠲᠠ ᠶᠢᠨ ᠮᠤᠩᠭᠤᠯ ᠬᠢᠲᠠᠳ ᠡᠮ ᠡᠮᠨᠡᠯᠭᠡ ᠶᠢ ᠴᠢᠬᠤᠯᠠᠴᠢᠯᠠᠨ ᠬᠦᠭᠵᠢᠭᠦᠯᠬᠦ ᠲᠦᠯᠦᠪᠵᠢᠭᠦᠯᠭᠡ ᠶᠢᠨ ᠲᠦᠷᠦ ᠶᠢᠨ ᠪᠤᠳᠤᠯᠭ᠎ᠠ ᠲᠠᠢ ᠵᠤᠯᠭᠠᠯᠴᠠᠭᠤᠯᠵᠤ᠂ ᠡᠮᠴᠢᠯᠡᠭᠡᠨ ᠤ ᠠᠵᠢᠯ ᠤᠨ ᠪᠠᠳᠠᠷᠠᠯ ᠳᠠᠪᠰᠢᠯᠲᠠ ᠵᠢᠴᠢ ᠬᠤᠲᠠ ᠶᠢᠨ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠨ᠎ᠡ ᠭᠡᠳᠡᠭ ᠲᠤ ᠢᠲᠡᠭᠡᠵᠦ ᠪᠠᠶᠢᠨ᠎ᠠ᠃
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2