ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2020/10/15
        2020 ᠣᠨ ᠤ 9 ᠰᠠᠷ᠎ᠠ ᠶᠢᠨ 23᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠤᠨ 9 ᠰᠠᠷ᠎ᠠ ᠶᠢᠨ 17᠎ ᠤ ᠡᠳᠦᠷ ᠦᠨᠳᠦᠰᠦᠨ ᠱᠠᠲᠤᠨ ᠤ ᠲᠦᠯᠦᠭᠡᠯᠡᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ  ᠃ ᠱᠢ ᠲᠠᠢ  ᠹᠸᠡᠭ 8 ᠰᠠᠷ᠎ᠠ ᠶᠢᠨ 13᠎ ᠤ ᠡᠳᠦᠷ ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠳᠡᠭᠡᠷ᠎ᠡ ᠬᠡᠯᠡᠭᠰᠡᠨ ᠦᠭᠡ ᠵᠡᠷᠭᠡ  ᠶᠢ ᠰᠤᠷᠤᠯᠴᠠᠵᠤ᠂ ᠪᠤᠰᠤᠳ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄         ᠬᠤᠷᠠᠯ ᠠᠴᠠ  ᠂ ᠰᠢ ᠶᠢᠨ ᠫᠢᠩ ᠤᠨ 9 ᠰᠠᠷ᠎ᠠ ᠶᠢᠨ 17᠎ ᠤ ᠡᠳᠦᠷ ᠦᠨᠳᠦᠰᠦᠨ ᠱᠠᠲᠤᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ  ᠃ ᠱᠢ ᠲᠠᠢ ᠹᠧᠩ ᠤᠨ 8 ᠰᠠᠷ᠎ᠠ ᠶᠢᠨ 13᠎ ᠤ ᠡᠳᠦᠷ ᠠᠮᠤᠷ ᠠᠮᠤᠭᠤᠯᠠᠩ ᠥᠪᠥᠷ ᠮᠣᠩᠭᠤᠯ ᠤᠨ ᠪᠦᠳᠦᠬᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶ᠎ᠠ ᠶᠢ  ᠤᠯᠠᠮᠵᠢᠯᠠᠨ ᠰᠤᠷᠤᠯᠴᠠᠵᠠᠢ  ᠃  ᠱᠢ ᠲᠠᠢ ᠹᠧᠩ᠂ ᠯᠢᠦ ᠴᠢ ᠹᠠᠨ ᠨᠥᠬᠦᠷ ᠤᠨ ᠪᠦᠬᠦ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ  ᠶᠠᠷᠢᠶ᠎ᠠ  ᠶᠢ ᠤᠯᠠᠮᠵᠢᠯᠠᠨ ᠰᠤᠷᠤᠯᠴᠠᠪᠠ  ᠃ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 — 2022᠎ ᠤᠨ︶︾᠎ ᠢ ᠤᠯᠠᠮᠵᠢᠯᠠᠨ ᠰᠤᠷᠤᠯᠴᠠᠪᠠ  ᠃ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠢ ᠭᠦᠨᠵᠡᠭᠡᠶᠢᠷᠡᠭᠦᠯᠬᠦ ᠲᠤᠷᠰᠢᠯᠲᠠ ᠶᠢᠨ ᠲᠥᠰᠦᠯ︾ ᠵᠡᠷᠭᠡ ᠶᠢ ᠤᠯᠠᠮᠵᠢᠯᠠᠨ ᠰᠤᠷᠤᠯᠴᠠᠪᠠ  ᠃ ᠵᠢᠨᠢᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠠᠵᠢᠯ ᠢ  ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠮᠠᠨ ᠤ  ᠲᠤᠭᠤᠷᠢᠭ ᠤᠨ ᠨᠠᠮᠤᠷ ᠡᠪᠦᠯ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃           ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠰᠦ ᠱᠠᠲᠤᠨ ᠤ ᠪᠢᠴᠢᠭ ᠮ᠊ ᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠡᠯ᠎ᠡ ᠵᠦᠶᠯ ᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠮᠠᠨ ᠤ ᠣᠷᠣᠨ ᠤ ᠪᠣᠳᠠᠲᠤ ᠪᠠᠶᠢ ᠳᠠᠯ ᠲᠠᠢ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ ᠃ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠵᠠᠰᠠ ᠬ᠋᠊ ᠠᠳᠠᠯᠢ ᠬᠠᠷᠢᠭᠤᠴᠠᠯᠭ᠎ᠠ ᠲᠠᠢ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠦᠨᠡᠨ ᠬᠦ ᠪᠤᠢ ᠪᠣᠯᠭᠠᠬᠤ ᠬᠡᠷᠡᠭᠲᠡᠢ᠃          ᠬᠤᠷᠠᠯ ᠠᠴᠠ ᠵᠢᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠦᠭᠡᠶ ᠦᠶᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠶ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠠᠶᠤᠯ ᠦᠭᠡᠶ ᠦᠶᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠶ᠃ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠵᠤ᠂ ᠠᠮᠤᠷ ᠲᠦᠪᠰᠢᠨ ᠤ ᠳᠠᠯᠳᠠ ᠭᠡᠮ ᠢ ᠲᠦᠢᠯᠪᠤᠷᠢᠲᠠᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠢ  ᠃ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠦᠨᠳᠦ ᠨᠣᠴᠢᠲᠠᠶ ᠪᠠᠶᠢᠳᠠᠯ ᠢ ᠭᠦᠶᠴᠡᠳ ᠲᠠᠨᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠢᠯᠠᠨ ᠳᠠᠪᠠᠵᠤ᠂  ᠬᠤᠶᠢᠷᠭᠤᠰᠢᠬᠤ  ᠰᠡᠳᠬᠢᠯ ᠢ ᠬᠤᠷᠢᠭᠯᠠᠨ ᠵᠣᠭᠰᠣᠭᠠᠵᠤ᠂ ᠴᠢᠩᠭ᠎ᠠ ᠨᠢᠮᠪᠠᠶ ᠣᠪᠣᠷ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ  ᠃  ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ︽ᠬᠡᠨ ᠬᠠᠮᠢᠶᠠᠷᠪᠠᠯ ᠬᠡᠨ ᠬᠠᠷᠢᠭᠤᠴᠠᠬᠤ ᠬᠡᠷᠡᠭᠲᠡᠢ᠂ ᠬᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ  ᠢ ᠴᠢᠩᠭ᠎ᠠ ᠨᠠᠶᠢᠳᠠᠪᠤᠷᠢᠵᠢᠭᠤᠯᠬᠤ᠂ ᠬᠡᠭᠡᠷ᠎ᠡ ᠭᠠᠳᠠᠨᠠᠬᠢ ᠭᠠᠯ ᠎ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠠᠶᠤᠯ ᠢ ᠰᠢᠶᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂  ᠨᠠᠢᠮᠠᠨ ᠰᠠᠷ᠎ᠠ ᠶᠢᠨ ᠲᠡᠷᠭᠡᠯ ᠪᠠᠶᠠᠷ᠂  ᠤᠯᠤᠰ ᠎ ᠤᠨ ᠪᠠᠶᠠᠷ ᠤᠨ ᠬᠤᠭᠤᠴᠠᠭᠠᠨ ᠳᠠᠬᠢ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠶᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃           ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2