ᠮᠠᠨ ᠤ ᠬᠤᠲᠠ ᠬᠢᠭᠡᠳ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ︵ ᠪᠦᠯᠦᠭᠯᠡᠯ︶ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠡᠯ᠎ᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠪᠡ
ᠨᠡᠶᠢᠲᠡᠯᠡᠭᠰᠡᠨ ᠴᠠᠭ᠄
2020/10/16
ᠮᠠᠨ ᠤ ᠬᠤᠲᠠ ᠬᠢᠭᠡᠳ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ︵ᠪᠦᠯᠦᠭᠯᠡᠯ︶ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠡᠯ᠎ᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠪᠡ           10 ᠰᠠᠷ᠎ᠠ ᠶᠢᠨ 13᠎ ᠤ ᠡᠳᠦᠷ᠂ ᠮᠠᠨ ᠤ ᠬᠤᠲᠠ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ︵ᠪᠦᠯᠦᠭᠯᠡᠯ︶᠎ ᠶᠢᠨ ᠬᠤᠪᠢ ᠤᠷᠤᠭᠤᠯᠤᠬᠰᠠᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠡᠯ᠎ᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠬᠦ ᠲᠤᠬᠠᠶ ᠭᠦᠨᠵᠡᠭᠡᠶ ᠨᠡᠪᠲᠡᠷᠡᠯᠴᠡᠭᠡ ᠰᠣᠯᠢᠯᠴᠠᠭ᠎ᠠ ᠬᠢᠪᠠ᠃          ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠶᠠᠷᠢᠯᠴᠠᠬᠤ ᠬᠤᠷᠠᠯ ᠢ ᠡᠷᠬᠢᠯᠡᠪᠡ᠃ ᠳᠤᠮᠳᠠᠳᠤ ᠤᠯᠤᠰ ᠎ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠤᠤ ᠭᠦᠸᠧ ᠴᠢᠩ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠵᠢᠴᠢ ᠨᠡᠷᠡᠨ ᠡᠨᠧᠷᠭᠢ ᠶᠢᠨ ᠴᠠᠬᠢᠯᠭᠠᠨ ᠡᠭᠦᠰᠭᠡᠭᠴᠢ᠂ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠢᠶᠠᠨ ᠾᠧ ᠬᠡᠷᠡᠯ ᠤᠨ ᠡᠨᠧᠷᠬᠢ ︵ᠪᠤᠭᠤᠲᠤ︶ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃           ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠡᠬᠢ   ᠲᠤᠤᠷ ᠤᠨ ᠴᠡᠨᠡᠭ ᠤᠨ ᠬᠠᠲᠠᠭᠠᠯᠠᠯᠲᠠ᠂ ᠭᠤᠷᠪᠠᠨ ᠬᠠᠪᠴᠢᠯ ᠤᠨ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠭᠦᠨᠵᠡᠭᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠥᠪᠡᠷ ᠤᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠡᠵᠡᠩᠨᠡᠯᠲᠡ ᠶᠢᠨ ᠲᠥᠷᠥᠯ ᠵᠦᠢᠯ᠂ ᠬᠥᠭᠵᠢᠯᠲᠡ ᠶᠢᠨ ᠢᠷᠡᠭᠡᠳᠦᠶ ᠵᠢᠴᠢ ᠪᠡᠯᠡ ᠣᠷᠣᠭᠤᠯᠤᠯᠲᠠ ᠶᠢᠨ ᠰᠠᠨᠠᠮᠵᠢ ᠶᠢ ᠨᠠᠷᠢᠨ ᠲᠠᠨᠢᠯᠴᠠᠭᠤᠯᠵᠠᠶ᠃            ᠹᠸᠢ ᠳ᠋ᠦᠩ ᠪᠢᠨ ᠶᠠᠷᠢᠶᠠᠨ ᠳᠠᠭᠠᠨ᠂ ᠰᠢᠨ᠎ᠡ ᠡᠨᠧᠷᠭᠢ ᠶᠢ ᠬᠦᠭᠵᠢᠬᠦᠯᠬᠦ ᠨᠢ ᠤᠯᠠᠭᠠᠨᠴᠠᠪ ᠤᠨ ᠪᠠᠶᠢᠯᠲᠤᠬᠤ ᠪᠣᠳᠣᠯᠭ᠎ᠠ ᠶᠢᠨ ᠳᠠᠪᠠᠭᠤᠯᠢᠭ ᠮᠦᠨᠴᠦ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠵᠦ ᠪᠠᠶᠢᠨ᠎ᠠ᠃ ᠤᠯᠠᠭᠠᠨᠴᠠᠪ ᠲᠡᠬᠡᠲᠤ ᠱᠠᠲᠤᠨ ᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠡᠮᠡᠴᠡᠨ ᠣᠯᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠳᠣᠬᠠᠨ ᠤ ᠬᠥᠭᠵᠢᠯᠲᠡ ᠶᠢᠨ ᠠᠵᠠ ᠲᠣᠬᠢᠶᠠᠯ ᠢ  ᠠᠳᠬᠤᠨ᠂ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠰᠢᠨ᠎ᠡ ᠡᠨᠧᠷᠬᠢ ᠶᠢᠨ ᠺᠣᠮᠫᠠᠨᠢ ᠲᠠᠢ ᠪᠤᠲᠠᠲᠠᠢ ᠬᠠᠮᠲᠤᠷᠠᠯᠴᠠᠭ᠎ᠠ ᠦᠷᠨᠢᠬᠦᠯᠵᠦ  ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠣᠷᠣᠭᠤᠯᠬᠤ ᠪᠠ ᠨᠡᠭᠡᠭᠡᠨ ᠬᠥᠭᠵᠢᠭᠦᠯᠬᠦ ᠡᠷᠴᠢᠮ ᠪᠠᠨ ᠴᠢᠩᠭᠠᠷᠠᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ  ᠵᠦᠢᠯ ᠢ ᠬᠦᠴᠦᠯᠡᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠤ ᠠᠬᠤᠶᠢᠯᠠᠯ ᠦᠨᠡᠨ ᠬᠦ ᠠᠵᠢᠯᠯᠠᠳᠠᠭ ᠯᠠ ᠶᠤᠮ ᠪᠣᠯ᠂ ᠬᠠᠮᠢᠶ᠎ᠠ ᠪᠦᠬᠦᠢ ᠭᠠᠷᠲᠠᠮ ᠢ ᠵᠠᠰᠠᠭ ᠤᠨ ᠣᠷᠳᠣᠨ ᠠᠴᠠ ᠬᠦᠢᠴᠡᠳᠬᠡᠬᠦ︾  ᠦᠢᠯᠡᠴᠢᠯᠡᠬᠡᠨ ᠤ ᠦᠵᠡᠯᠲᠡ ᠢ  ᠪᠤᠢ ᠪᠤᠯᠭᠠᠵᠦ᠂  ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ᠂ ᠰᠢᠯᠢᠳᠡᠭ ᠦᠢᠯᠡᠴᠢᠯᠡᠬᠡᠨ ᠢᠶᠠᠷ ᠠᠵᠤ ᠠᠬᠤᠶᠢᠯᠠᠯ ᠳᠤ ᠤᠬᠢ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠬᠠᠩᠭᠠᠵᠦ᠂ ᠬᠠᠮᠲᠤᠷᠠᠯᠴᠠᠭᠠᠨ ᠤ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ  ᠪᠠᠲᠤᠯᠠᠬᠤ ᠬᠡᠷᠡᠭᠲᠠᠢ ᠬᠡᠵᠦ ᠵᠢᠭᠠᠵᠦ ᠭᠠᠷᠭᠠᠪᠠ᠃            ᠵᠣᠣ ᠭᠦᠸᠧ ᠴᠢᠩ ᠶᠠᠷᠢᠶᠠᠨ ᠳᠠᠭᠠᠨ᠂ ᠤᠯᠠᠭᠠᠨᠴᠠᠪ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠤ ᠣᠯᠠᠨ ᠠᠴᠠ ᠣᠨᠴᠠᠭᠠᠢ ᠠᠰᠢᠭᠲᠠᠢ ᠨᠥᠬᠦᠴᠡᠯ ᠲᠠᠢ᠂ ᠤᠯᠤᠰ ᠣᠷᠣᠨ ᠤ ᠬᠥᠭᠵᠢᠯᠲᠡ ᠶᠢᠨ ᠪᠠᠶᠢᠯᠳᠤᠬᠤ ᠪᠤᠲᠤᠯᠭ᠎ᠠ ᠲᠠᠢ ᠨᠡᠶᠢᠴᠡᠵᠦ᠂ ᠬᠥᠭᠵᠢᠯᠲᠡ ᠶᠢᠨ ᠪᠠᠶᠢᠳᠠᠯ ᠮᠠᠰᠢ ᠰᠠᠶᠢᠨ᠂ ᠲᠠᠯᠳᠠ ᠬᠦᠴᠦᠨ ᠯᠤᠲᠤ ᠶᠡᠭᠡ ᠪᠠᠶᠢᠨ᠎ᠠ᠃ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ  ᠺᠤᠮᠫᠠᠨᠢ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠰᠠᠭᠤᠷᠢᠨ ᠳᠡᠭᠡᠷ᠎ᠡ᠂ ᠤᠯᠠᠭᠠᠨᠴᠠᠪ ᠲᠠᠢ ᠢᠳᠡᠪᠬᠢᠲᠡᠢ ᠬᠠᠮᠲᠤᠷᠠᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠳᠠᠪᠠᠭᠤᠯᠢᠭ ᠪᠠᠨ ᠣᠷᠣᠨ ᠨᠤᠲᠤᠭ ᠤᠨ ᠬᠥᠭᠵᠢᠯᠲᠡ ᠶᠢᠨ ᠪᠣᠳᠠᠲᠤ ᠪᠠᠶᠢᠲᠠᠯ ᠲᠠᠢ ᠤᠶᠠᠯᠳᠤᠭᠤᠯᠵᠤ᠂ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠬᠠᠮᠲᠤᠪᠠᠷ  ᠦᠷᠬᠡᠳᠬᠡᠨ᠎ᠡ ᠬᠡᠵᠦ ᠢᠯᠡᠷᠬᠡᠶᠢᠯᠡᠪᠡ᠃                                                    ᠢᠷᠡᠯᠲᠡ᠄ ᠤᠯᠠᠭᠠᠨᠴᠠᠪ ᠤᠨ ᠰᠤᠨᠢᠨ                                                  ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2