ᠤᠯᠠᠭᠠᠨᠴᠠᠪ ᠤᠨ ᠴᠢᠨᠠᠷᠯᠢᠬ ᠲᠠᠷᠢᠶᠠᠯᠠᠩ ᠤᠨ ᠤᠨᠴᠠᠯᠢᠬᠳᠤ ᠪᠦᠲᠦᠭᠡᠭᠳᠡᠬᠦᠨ ᠪᠡᠭᠡᠵᠢᠩ ᠳᠤ ᠳᠠᠨᠢᠯᠴᠠᠭᠤᠯᠭ᠎ᠠ ᠪᠤᠷᠤᠯᠠᠭᠤᠯᠭ᠎ᠠ ᠬᠢᠪᠡ
ᠨᠡᠶᠢᠲᠡᠯᠡᠭᠰᠡᠨ ᠴᠠᠭ᠄
2020/10/23
          3 ᠡᠳᠦᠷ ᠲᠤ 195 ᠲᠦᠮᠡᠨ ᠲᠦᠭᠦᠷᠢᠭ ᠤᠨ ᠲᠦᠪᠯᠡᠷᠡᠭᠰᠡᠨ ᠪᠤᠷᠤᠯᠠᠭᠤᠯᠭ᠎ᠠ ᠶᠢᠨ ᠵᠠᠬᠢᠶᠠᠯᠠᠭ᠎ᠠ ᠳᠤᠰᠪᠠ          10 ᠰᠠᠷ᠎ᠠ ᠶᠢᠨ 16᠎ ᠤ ᠡᠳᠦᠷ ᠠᠴᠠ 18᠎ ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠵᠦ ᠨᠡᠭᠡᠭᠡᠯᠲᠡ ᠬᠢᠬᠦ ᠠᠯᠪᠠᠨ ᠭᠡᠷ᠂ ᠪᠡᠭᠡᠵᠢᠩ ᠬᠤᠲᠠ ᠶᠢᠨ ᠶᠠᠳᠠᠭᠤ ᠶᠢ ᠳᠡᠳᠭᠦᠬᠦ ᠬᠠᠮᠳᠤᠷᠠᠯᠴᠠᠭ᠎ᠠ ᠪᠠ ᠳᠤᠰᠠᠯᠠᠨ ᠳᠡᠮᠵᠢᠬᠦ ᠬᠠᠮᠳᠤᠷᠠᠯᠴᠠᠭᠠᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ ᠠᠴᠠ ᠭᠤᠤᠯᠯᠠᠨ ᠡᠷᠬᠢᠯᠡᠭᠰᠡᠨ 2020 ᠤᠨ ᠤ ᠪᠡᠭᠡᠵᠢᠩ ᠦᠪᠦᠷ ᠮᠤᠩᠭᠤᠯ ᠤᠨ ᠬᠡᠷᠡᠭᠯᠡᠭᠡ ᠪᠠᠷ ᠶᠠᠳᠠᠭᠤ ᠶᠢ ᠳᠡᠳᠭᠦᠬᠦ ᠪᠡᠭᠡᠵᠢᠩ ᠤᠨ ᠲᠦᠪᠯᠡᠷᠡᠭᠰᠡᠨ ᠲᠠᠨᠢᠯᠴᠠᠭᠤᠯᠭ᠎ᠠ ᠪᠤᠷᠤᠯᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠬᠳᠠᠪᠠ᠃ ᠠᠵᠢᠯᠯᠠᠭᠠᠨ ᠤ ᠬᠤᠭᠤᠴᠠᠭᠠᠨ ᠳᠤ ᠮᠠᠨ ᠤ ᠬᠤᠲᠠ ᠶᠢᠨ 30 ᠭᠠᠷᠤᠢ ᠠᠵᠤ ᠠᠬᠤᠢᠢᠯᠠᠯ 200 ᠭᠠᠷᠤᠢ ᠲᠦᠷᠦᠯ ᠤᠨ ᠴᠢᠨᠠᠷᠯᠢᠬ ᠲᠠᠷᠢᠶᠠᠯᠠᠩ ᠤᠨ ᠤᠨᠴᠠᠯᠢᠬᠳᠤ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ 3 ᠡᠳᠦᠷ ᠲᠤ 195 ᠲᠦᠮᠡᠨ ᠲᠦᠭᠦᠷᠢᠭ ᠤᠨ ᠲᠦᠪᠯᠡᠷᠡᠭᠰᠡᠨ ᠪᠤᠷᠤᠯᠠᠭᠤᠯᠭ᠎ᠠ ᠶᠢᠨ ᠵᠠᠬᠢᠶᠠᠯᠠᠭ᠎ᠠ ᠳᠤᠰᠴᠤ᠂ ᠳᠤᠬᠠᠢ ᠶᠢᠨ ᠳᠠᠯᠠᠪᠠᠢ ᠳᠤ ᠵᠢᠵᠢᠭᠯᠡᠨ ᠪᠤᠷᠤᠯᠠᠭᠤᠯᠤᠬᠰᠠᠨ ᠨᠤᠷᠮ᠎ᠠ 3 ᠲᠦᠮᠡ ᠭᠠᠷᠤᠢ ᠲᠦᠭᠦᠷᠢᠭ ᠲᠤ ᠬᠦᠷᠴᠡᠢ᠃           ᠳᠤᠮᠤ ᠪᠡᠶᠡᠲᠦ ᠠᠮᠳᠠ ᠰᠠᠶᠢᠲᠠᠢ ᠲᠦᠮᠦᠰᠦ᠂ ᠰᠠᠶᠢᠬᠠᠨ ᠦᠨᠦᠷ ᠠᠩᠭᠢᠯᠤᠭᠤᠯᠤᠬᠰᠠᠨ ᠵᠦᠧᠧᠽᠢ ᠰᠢᠶᠠᠨ ᠤ ᠤᠳᠤᠮᠠᠯ ᠲᠠᠬᠢᠶ᠎ᠠ᠂ ᠭᠠᠯᠳᠤ ᠠᠭᠤᠯᠠ ᠶᠢᠨ ᠲᠠᠯ᠎ᠠ ᠨᠤᠳᠤᠬ ᠤᠨ ᠬᠤᠯᠢᠮᠠᠬ ᠠᠮᠤ᠂ ᠶᠠᠮᠠᠷᠴᠤ ᠲᠠᠷᠢᠶᠠᠯᠠᠩ ᠤᠨ ᠡᠮ ᠤᠷᠤᠭᠤᠯᠤᠬᠰᠠᠨ ᠦᠭᠡᠢ ᠪᠠᠶᠢᠭᠠᠯᠢᠯᠢᠬ ᠤᠷᠭᠤᠬᠰᠠᠨ ᠬᠠᠷ᠎ᠠ ᠴᠢᠨ᠋ᠸ᠎ᠠ ᠶᠢᠨ ᠬᠠᠷᠮᠠᠬ ᠁ ᠰᠤᠷᠪᠤᠯᠵᠢᠯᠠᠬᠴᠢ ᠤᠯᠠᠭᠠᠨᠴᠠᠪ ᠤᠨ ᠦᠵᠡᠭᠦᠯᠭᠡ ᠶᠢᠨ ᠳᠤᠭᠤᠷᠢᠬ ᠢᠶᠠᠷ ᠬᠦᠷᠬᠦ ᠳᠤ ᠤᠯᠠᠨ ᠬᠦᠮᠦᠨ ᠴᠤᠬᠯᠠᠷᠠᠨ᠂ ᠪᠤᠷᠤᠯᠠᠭᠤᠯᠭ᠎ᠠ ᠶᠢᠨ ᠪᠠᠶᠢᠳᠠᠯ ᠶᠡᠬᠡᠯ᠎ᠡ ᠬᠦᠭᠵᠢᠶᠡᠨᠲᠡᠢ ᠪᠠᠶᠢᠯ᠎ᠠ᠃ ᠤᠨᠴᠠ ᠰᠢᠯᠢᠳᠡᠭ ᠬᠡᠪ ᠴᠢᠨᠡᠷ ᠬᠢᠭᠡᠳ ᠠᠷᠠᠳ ᠲᠤ ᠳᠠᠭᠠᠰᠢᠶᠠᠬᠳᠠᠬᠰᠠᠨ ᠦᠨ᠎ᠡ ᠬᠠᠩᠰᠢ ᠨᠢ ᠮᠠᠰᠢ ᠤᠯᠠᠨ ᠠᠷᠠᠯᠵᠢᠶᠠᠴᠢᠨ ᠬᠢᠭᠡᠳ ᠪᠡᠭᠡᠵᠢᠩ ᠤᠨ ᠰᠠᠭᠤᠭᠠᠯᠢ ᠠᠷᠠᠳ ᠤᠨ ᠬᠠᠯᠠᠭᠤᠨ ᠬᠦᠷᠢᠶᠠᠯᠠᠯ ᠢ ᠤᠯᠵᠠᠢ᠃           ︽ᠡᠨᠡ ᠤᠳᠠᠭᠠᠨ ᠤ ᠲᠡᠯᠭᠡᠨ ᠦᠵᠡᠭᠦᠯᠦᠭᠰᠡᠨ ᠲᠠᠧᠠᠷ ᠤᠨ 80%᠎ ᠠᠴᠠ ᠲᠡᠭᠡᠭᠰᠢᠬᠢ ᠨᠢ ᠴᠦᠮ ᠮᠠᠨ ᠤ ᠬᠤᠲᠠ ᠶᠢᠨ ᠶᠠᠳᠠᠭᠤ ᠶᠢ ᠳᠡᠳᠭᠦᠬᠦ ᠪᠦᠲᠦᠭᠡᠭᠳᠡᠬᠦᠨ ᠪᠦᠭᠡᠳ ᠪᠠᠰᠠ ᠴᠧᠨ ᠭᠦᠸᠧ ᠲᠢᠩ ᠢᠳᠡᠭᠡᠨ ᠤ ᠵᠦᠢᠯᠡᠰ ᠤᠨ ᠬᠢᠵᠠᠭᠠᠷᠳᠤ ᠺᠤᠮᠫᠠᠨᠢ᠂ ᠮᠠ ᠳ᠋ᠠ ᠬᠠ ᠢᠳᠡᠭᠡᠨ ᠤ ᠵᠦᠢᠯᠡᠰ ᠤᠨ ᠺᠤᠮᠫᠠᠨᠢ ᠵᠡᠷᠭᠡ ᠶᠢᠨ ᠨᠡᠷᠡᠲᠦ ᠰᠢᠯᠢᠳᠡᠭ ᠪᠦᠲᠦᠭᠡᠭᠳᠡᠬᠦᠨ ᠪᠠᠶᠢᠨ᠎ᠠ᠃ ᠡᠳᠡᠭᠡᠷ ᠪᠦᠲᠦᠭᠡᠭᠳᠡᠬᠦᠨ ᠨᠢ ᠪᠡᠭᠡᠵᠢᠩ ᠤᠨ ᠪᠠᠶᠢᠭᠤᠯᠭ᠎ᠠ ᠨᠢᠭᠡᠴᠡ ᠶᠢᠨ ᠬᠤᠭᠤᠯᠠᠨ ᠭᠡᠷ ᠵᠡᠷᠭᠡ ᠶᠢ ᠪᠠᠭᠳᠠᠭᠠᠬᠰᠠᠨ 80 ᠭᠠᠷᠤᠢ ᠡᠷᠦᠬᠡ ᠬᠤᠳᠠᠯᠳᠤᠨ ᠠᠪᠤᠬᠴᠢᠳ ᠤᠨ ᠠᠩᠬᠠᠷᠤᠯ ᠢ ᠳᠠᠳᠠᠵᠤ᠂ ᠮᠠᠨ ᠤ ᠬᠤᠲᠠ ᠶᠢᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠪᠤᠷᠤᠯᠠᠭᠤᠯᠭ᠎ᠠ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ︾ ᠭᠡᠵᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠤᠪᠴᠢᠶᠠᠨ ᠲᠠᠷᠤᠭ᠎ᠠ ᠵᠢᠢ ᠹᠦ᠋ ᠶᠠᠷᠢᠵᠤ ᠪᠢᠯᠡ᠃           ᠠᠮᠳᠠᠯᠠᠵᠤ ᠦᠵᠡᠬᠦ ᠳᠤᠭᠤᠷᠢᠬ ᠲᠤ᠂ ᠪᠡᠭᠡᠵᠢᠩ ᠬᠤᠲᠠ ᠶᠢᠨ ᠠᠷᠠᠳ ᠰᠢᠶᠧ ᠠᠪᠠᠭᠠᠢ ᠨᠢᠭᠡ ᠬᠡᠰᠡᠭ ᠶᠧᠪᠧᠩ ᠢ ᠠᠮᠳᠠᠯᠠᠭᠠᠳ᠄ ︽ᠵᠦᠭᠡᠯᠡᠨ ᠪᠦᠭᠡᠳ ᠠᠮᠳᠠᠳᠠᠢ ᠰᠠᠶᠢᠬᠠᠨ ᠪᠠᠶᠢᠨ᠎ᠠ︾ ᠭᠡᠵᠦ ᠠᠮᠠ ᠲᠦᠭᠦᠷᠡᠩ ᠮᠠᠬᠳᠠᠵᠤ ᠭᠠᠷᠤᠯ᠎ᠠ᠃ ᠹᠧᠩᠵᠧᠨ ᠶᠧᠪᠧᠩ ᠤᠨ  ᠨᠡᠶᠢᠭᠡᠮᠯᠢᠭ ᠤᠨ ᠳᠠᠷᠤᠭ᠎ᠠ᠂ ᠮᠠ ᠳ᠋ᠠ ᠬᠠ ᠢᠳᠡᠭᠡᠨ ᠤ ᠵᠦᠢᠯᠡᠰ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠼᠦᠢ ᠫᠢᠩ᠄ ︽ᠡᠨᠡ ᠤᠳᠠᠭ᠎ᠠ ᠪᠢ ᠳᠤᠰᠬᠠᠢᠢᠯᠠᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠪᠤᠯᠬᠤ ᠲᠦᠮᠦᠰᠦ ᠪᠠᠷ ᠭᠢᠭᠰᠡᠨ ᠶᠧᠪᠧᠩ᠂ ᠨᠤᠬᠠᠢ ᠶᠢᠨ ᠬᠤᠰᠢᠭᠤ ᠶᠢᠨ ᠶᠧᠪᠧᠩ᠂ ᠬᠤᠷᠢᠶᠠᠬᠰᠠᠨ ᠰᠦ ᠪᠠᠷ ᠭᠢᠭᠰᠡᠨ ᠶᠧᠪᠧᠩ ᠢᠶᠠᠨ ᠠᠪᠴᠢᠷᠠᠬᠰᠠᠨ ᠪᠦᠭᠡᠳ ᠡᠳᠡᠭᠡᠷ ᠪᠦᠲᠦᠭᠡᠭᠳᠡᠬᠦᠨ ᠨᠢ ᠤᠯᠠᠨ ᠤ ᠳᠠᠭᠠᠰᠢᠶᠠᠯ ᠢ ᠤᠯᠵᠤ᠂ ᠪᠤᠷᠤᠯᠠᠭᠤᠯᠭ᠎ᠠ ᠴᠤ ᠮᠠᠰᠢ ᠰᠠᠶᠢᠨ ᠪᠠᠶᠢᠨ᠎ᠠ᠃ ᠳᠤᠰ ᠤᠳᠠᠭᠠᠨ ᠤ ᠳᠠᠨᠢᠯᠴᠠᠭᠤᠯᠭ᠎ᠠ ᠪᠤᠷᠤᠯᠠᠭᠤᠯᠭ᠎ᠠ ᠶᠢᠨ ᠬᠤᠷᠠᠯ ᠢᠶᠠᠷ ᠲᠠᠮᠵᠢᠨ ᠨᠡᠩ ᠤᠯᠠᠨ ᠬᠦᠮᠦᠰ ᠲᠤ ᠹᠧᠩᠵᠧᠨ ᠤ ᠰᠠᠷᠠᠨ ᠪᠤᠭᠤᠷᠰᠤᠬ ᠢᠶᠠᠨ ᠳᠠᠨᠢᠭᠤᠯᠵᠤ᠂ ᠨᠡᠩ ᠤᠯᠠᠨ ᠬᠦᠮᠦᠰ ᠤᠨ ᠳᠠᠭᠠᠰᠢᠶᠠᠯ ᠢ ᠤᠯᠬᠤ ᠶᠢ ᠬᠦᠰᠡᠵᠦ ᠪᠠᠶᠢᠨ᠎ᠠ︾ ᠭᠡᠵᠦ ᠰᠤᠷᠪᠤᠯᠵᠢᠯᠠᠬᠴᠢ ᠶᠠᠷᠢᠵᠤ ᠪᠠᠶᠢᠯ᠎ᠠ᠃          ︽ᠪᠡᠬᠡᠵᠢᠩ ᠠᠴᠠ ᠪᠠᠷᠠᠭᠤᠨᠰᠢ ᠨᠢᠭᠡ ᠠᠯᠬᠤᠪᠠᠯ ᠤᠯᠠᠭᠠᠨᠴᠠᠪ ᠲᠤ ᠬᠦᠷᠳᠡᠭ︾ ᠤᠯᠠᠭᠠᠨᠴᠠᠪ ᠪᠤᠯ ᠦᠪᠦᠷ ᠮᠤᠩᠭᠤᠯ ᠤᠨ ᠪᠡᠬᠡᠵᠢᠩ ᠠᠴᠠ ᠬᠠᠮᠤᠬ ᠤᠶᠢᠷ᠎ᠠ ᠠᠶᠢᠮᠠᠬ ᠬᠤᠳᠠ ᠪᠤᠯᠬᠤ ᠶᠤᠮ᠃ ᠤᠨᠴᠠᠭᠠᠶᠢᠯᠠᠨ 2019 ᠤᠨ ᠤ ᠰᠡᠬᠦᠯᠴᠢ ᠪᠠᠷ ᠲᠦᠷᠭᠡᠨ ᠤ ᠳᠡᠮᠦᠷ ᠵᠠᠮ ᠨᠡᠪᠳᠡᠷᠡᠭᠰᠡᠨ ᠠᠴᠠ ᠤᠯᠠᠭᠠᠨᠴᠠᠪ ᠨᠢ ᠨᠡᠶᠢᠰᠯᠡᠯ ᠤᠨ 1 ᠴᠠᠬ ᠤᠨ ᠠᠵᠤ ᠠᠬᠤᠢ ᠶᠢᠨ ᠳᠤᠭᠤᠷᠢᠬ ᠲᠤ ᠵᠢᠩᠭᠢᠨᠢ ᠪᠠᠷ ᠠᠭᠤᠰᠤᠯᠴᠠᠨ᠂ ᠬᠤᠶᠠᠷ ᠬᠤᠳᠠ ᠶᠢᠨ ᠬᠤᠭᠤᠷᠤᠨᠳᠤ ᠪᠠᠨ ᠨᠢᠬᠡ ᠬᠤᠳᠠ ᠳᠤ ᠪᠠᠶᠢᠬᠤ ᠮᠡᠳᠦ ᠴᠠᠬ ᠡᠷᠡᠨ ᠳᠤ ᠤᠷᠤᠬᠰᠠᠨ ᠪᠠᠶᠢᠨ᠎ᠠ᠃ ᠭᠠᠵᠠᠷ ᠨᠤᠳᠤᠬ ᠨᠢ ᠤᠶᠢᠷ᠎ᠠ ᠪᠠᠶᠢᠬᠰᠠᠨ ᠠᠴᠠ ᠬᠦᠮᠦᠨ ᠠᠷᠠᠳ ᠨᠢ ᠳᠤᠳᠤᠨᠤ ᠶᠠᠪᠤᠯᠴᠠᠭ᠎ᠠ ᠲᠠᠢ ᠪᠤᠯᠪᠠ᠂ 1996 ᠤᠨ ᠠᠴᠠ ᠡᠬᠢᠯᠡᠭᠰᠡᠨ ᠪᠡᠬᠡᠵᠢᠩ ᠤᠯᠠᠭᠠᠨᠴᠠᠪ ᠠᠵᠢᠯ ᠲᠦᠷᠦᠯ ᠢᠶᠠᠷ ᠬᠠᠪᠰᠤᠷᠤᠯᠴᠠᠬᠤ ᠨᠢ ᠤᠷᠳᠤ ᠤᠳᠠᠭᠠᠨ ᠳᠡᠤᠭᠡ ᠶᠢᠨ ᠤᠯᠪᠠᠭ᠎ᠠ ᠪᠠ ᠠᠵᠤ ᠦᠢᠯᠡᠰ ᠤᠨ ᠬᠦᠨᠵᠬᠡᠢ ᠬᠠᠮᠳᠤᠷᠠᠯᠴᠠᠭ᠎ᠠ᠂ ᠬᠦᠨ ᠳᠠᠪᠬᠤᠷᠭ᠎ᠠ ᠶᠢᠨ ᠬᠦᠮᠦᠨ ᠢᠷᠭᠡᠳ ᠤᠨ ᠰᠤᠶᠤᠯ ᠤᠨ ᠰᠤᠯᠢᠯᠴᠠᠭ᠎ᠠ ᠲᠠᠢ ᠶᠤᠮ᠂ ᠤᠨᠴᠠᠭᠠᠶᠢᠯᠠᠨ 2018 ᠤᠨ ᠠᠴᠠ ᠨᠠᠭᠠᠰᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠱᠠᠳᠤ ᠦᠶ᠎ᠠ ᠳᠤ ᠤᠷᠤᠬᠤ ᠶᠢ ᠳᠠᠭᠠᠯᠳᠤᠨ᠂ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭ᠎ᠠ ᠨᠢ 2.0᠎ ᠤᠨ ᠱᠠᠳᠤ ᠦᠶ᠎ᠠ ᠳᠤ ᠤᠷᠤᠵᠤ᠂ ᠪᠡᠬᠡᠵᠢᠩ ᠬᠤᠳᠠ ᠤᠷᠢᠳ ᠡᠮᠦᠨ᠎ᠠ ᠪᠠᠶᠢᠭ᠎ᠠ ᠦᠬᠡᠢ ᠬᠦᠴᠦᠯᠡᠴᠡ ᠪᠠᠷ ᠯᠤᠳᠤ ᠶᠡᠭᠡ ᠬᠦᠮᠦᠨ ᠤ ᠬᠦᠴᠦᠨ ᠪᠤᠳᠠᠰ ᠤᠨ ᠬᠦᠴᠦᠨ ᠡᠳ᠋ ᠤᠨ ᠬᠦᠴᠦᠨ ᠤᠷᠤᠭᠤᠯᠵᠤ᠂ ᠠᠵᠤ ᠦᠢᠯᠡᠰ ᠤᠨ ᠬᠠᠮᠳᠤᠷᠠᠯᠴᠠᠭ᠎ᠠ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ᠂ ᠬᠦᠳᠡᠯᠮᠦᠷᠢ ᠬᠦᠴᠦ ᠪᠠᠷ ᠬᠠᠮᠵᠢᠯᠴᠠᠬᠤ ᠵᠡᠷᠬᠡ ᠬᠦᠷᠢᠶᠡᠨ ᠳᠤ ᠪᠦᠬᠦ ᠳᠠᠯ᠎ᠠ ᠪᠠᠷ ᠤᠯᠠᠭᠠᠨᠴᠠᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠳᠤ ᠳᠤᠰᠠᠯᠠᠬᠰᠠᠨ ᠪᠠᠶᠢᠨ᠎ᠠ᠃          ᠤᠶᠢᠯᠠᠭᠠᠬᠰᠠᠨ ᠢᠶᠠᠷ᠂ ᠳᠤᠰ ᠤᠳᠠᠭᠠᠨ ᠤ ᠳᠠᠨᠢᠯᠴᠠᠭᠤᠯᠭ᠎ᠠ ᠶᠢᠨ ᠬᠤᠷᠠᠯ ᠤᠨ ᠬᠤᠭᠤᠴᠠᠭᠠᠨ ᠳᠤ᠂ ᠦᠪᠦᠷ ᠮᠤᠩᠭᠤᠯ ᠤᠨ ᠹᠦ᠋ ᠯᠧ ᠳᠠᠷᠢᠵᠤ ᠳᠡᠵᠢᠬᠡᠬᠦ ᠳᠤᠰᠬᠠᠢ ᠬᠤᠷᠰᠢᠶᠠᠵᠢᠯ ᠨᠢ 361 ᠶᠠᠳᠠᠭᠤ ᠬᠦᠴᠢᠷᠳᠡᠯᠳᠡᠢ ᠡᠷᠦᠬᠡ ᠶᠢᠨ ᠨᠤᠳᠤᠬ ᠤᠨ ᠳᠠᠬᠢᠶᠠᠨ ᠤ ᠦᠨᠳᠡᠭᠡ ᠶᠢ ᠪᠤᠷᠤᠯᠠᠭᠤᠯᠵᠤ᠂ ᠪᠦᠬᠦ ᠳᠠᠯᠠᠪᠤᠷ ᠲᠠᠬᠢ ᠪᠤᠷᠤᠯᠠᠭᠤᠯᠭ᠎ᠠ ᠶᠢᠨ ᠳᠡᠷᠢᠬᠦᠨ ᠳᠤ ᠤᠷᠤᠵᠤ᠂ ᠤᠷᠢᠳ ᠬᠤᠵᠢᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠭᠤᠯᠠᠨ ᠭᠡᠷ᠂ ᠳ᠋ᠧ ᠯᠢ ᠢ ᠱᠧᠩ ᠪᠡᠬᠡᠵᠢᠩ ᠤᠨ ᠡᠷᠡᠬᠦᠯᠵᠢᠯ ᠤᠨ ᠺᠤᠮᠫᠠᠨᠢ᠂ ᠱᠸᠦ ᠯᠢᠦᠢ ᠪᠦᠯᠦᠭᠯᠡᠯ ᠤᠨ ᠲᠦᠪᠯᠡᠷᠡᠬᠦᠯᠤᠨ ᠬᠤᠳᠠᠯᠳᠤᠨ ᠠᠪᠬᠤ ᠲᠦᠪ᠂ ᠳᠠᠷᠢᠶᠠᠯᠠᠩ ᠤᠨ ᠦᠵᠡᠰᠬᠦᠯᠡᠩ ᠤᠨ ᠤᠷᠳᠤᠨ ᠤ ᠬᠤᠭᠤᠯᠠᠨ ᠬᠡᠷ ᠲᠠᠢ ᠨᠡᠶᠢᠳᠡ 150 ᠲᠦᠮᠡᠨ ᠲᠦᠬᠦᠷᠢᠭ ᠤᠨ ᠲᠦᠪᠯᠡᠷᠡᠬᠦᠯᠦᠨ ᠬᠤᠳᠠᠯᠳᠤᠨ ᠠᠪᠬᠤ ᠵᠠᠬᠢᠶᠠᠯᠠᠭ᠎ᠠ ᠳᠤᠬᠳᠠᠵᠠᠢ᠃
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2