ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤ 
ᠨᠡᠶᠢᠲᠡᠯᠡᠭᠰᠡᠨ ᠴᠠᠭ᠄
2020/11/13
          ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤ ᠨᠢ ᠤᠯᠠᠭᠠᠨᠴᠠᠪ ᠬᠤᠲᠠ ᠶᠢᠨ ᠬᠤᠲᠠ ᠬᠥᠳᠡᠭᠡ ᠶᠢ ᠨᠢᠭᠡᠳᠥᠯᠲᠡᠢ ᠲᠥᠯᠥᠪᠵᠢᠭᠦᠯᠬᠦ ᠵᠢᠱᠢᠶ᠎ᠡ ᠦᠵᠡᠭᠦᠯᠬᠦ ᠭᠠᠵᠠᠷ ᠪᠠ ᠵᠢᠨᠢᠩ ᠲᠣᠭᠤᠷᠢᠭ ᠤᠨ ᠴᠤᠷ ᠤᠨ ᠭᠠᠭᠴᠠ ᠪᠠᠶᠢᠭᠤᠯᠤᠯᠳᠠᠲᠤ ᠪᠠᠯᠭᠠᠰᠤ ᠪᠣᠯᠤᠭᠰᠠᠨ ᠤ ᠬᠤᠪᠢ ᠳᠤ 2013 ᠣᠨ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠪᠠᠯᠭᠠᠰᠤ ᠪᠠᠷ ᠦᠨᠡᠯᠡᠨ ᠲᠤᠭᠲᠠᠭᠠᠵᠤ  ᠂ 2014 ᠣᠨ ᠳᠤ ᠤᠯᠤᠰ ᠤᠨ ᠲᠤᠯᠤᠭᠠᠨ ᠶᠠᠮᠤᠨ ᠵᠥᠪᠯᠡᠯ ᠢᠶᠠᠷ ᠵᠥᠪᠰᠢᠶᠡᠷᠡᠭᠦᠯᠦᠭᠡᠳ ᠪᠥᠬᠦ ᠤᠯᠤᠰ ᠤᠨ ᠭᠤᠣᠯᠳᠠᠭ᠎ᠠ ᠲᠠᠢ ᠪᠠᠯᠭᠠᠰᠤ ᠪᠠᠷ ᠲᠣᠭᠲᠠᠭᠠᠪᠠ᠃ ᠪᠠᠶ ᠬᠠᠢ ᠽᠢ ᠪᠠᠯᠭᠠᠰᠤ ᠵᠢᠨᠢᠩ ᠲᠣᠭᠤᠷᠢᠭ ᠤᠨ ᠵᠡᠭᠦᠨ ᠲᠠᠯ᠎ᠠ ᠶᠢᠨ ᠬᠤᠲᠠ ᠶᠢᠨ ᠳᠡᠭᠦᠷᠭᠡ ᠶᠢᠨ ᠠᠭᠤᠯᠵᠠᠷ ᠭᠠᠵᠠᠷ ᠲᠤ ᠪᠠᠶᠢᠷᠢᠯᠠᠵᠤ᠂ 110 ᠤᠯᠤᠰ ᠤᠨ ᠵᠠᠮ ᠪᠠ 208 ᠤᠯᠤᠰ ᠤᠨ ᠵᠠᠮ ᠤᠨ ᠠᠭᠤᠯᠵᠠᠷ ᠤᠨ ᠬᠡᠰᠡᠭ ᠲᠤ ᠣᠷᠣᠰᠢᠵᠤ᠂ ᠵᠠᠮ ᠬᠠᠷᠢᠯᠴᠠᠭ᠎ᠠ ᠲᠤᠶᠢᠯ ᠤᠨ ᠲᠥᠬᠦᠮ ᠪᠠᠶᠢᠳᠠᠭ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠢ ᠨᠢ 251 ᠲᠡᠭᠰᠢ ᠳᠥᠷᠪᠡᠯᠵᠢᠨ ᠺᠢᠯᠣᠮᠧᠲᠷ᠂ ᠳᠣᠣᠷ᠎ᠠ ᠨᠢ 17 ᠵᠠᠰᠠᠭ ᠵᠠᠬᠢᠷᠭᠠᠨ ᠤ ᠲᠣᠰᠬᠤᠨ ᠪᠠ 4 ᠨᠡᠶᠢᠭᠡᠮ ᠲᠣᠭᠤᠷᠢᠭ᠂ 76 ᠠᠶᠢᠯ ᠲᠣᠰᠬᠤᠨ᠂ 14 ᠰᠠᠭᠤᠭᠠᠯᠢ ᠠᠷᠠᠳ ᠤᠨ ᠳᠤᠭᠤᠶᠢᠯᠠᠩ ᠲᠠᠢ᠂ ᠳᠠᠩᠰᠠᠨ ᠳᠤ 13206 ᠡᠷᠦᠬᠡ 34500 ᠬᠥᠮᠦᠨ ᠠᠮᠠ ᠲᠠᠢ᠂ ᠦᠷᠭᠦᠯᠵᠢ 6541 ᠡᠷᠦᠬᠡ 18260 ᠬᠥᠮᠦᠨ ᠰᠠᠭᠤᠳᠠᠭ᠃ ᠪᠠᠢ ᠬᠠᠢ ᠽᠢ ᠪᠠᠯᠭᠠᠰᠤᠨ ᠤ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ 106039 ᠮᠦ  ᠂ ᠡᠭᠦᠨ ᠳᠤ ᠡᠯᠡᠰᠦᠨ ᠰᠤᠷᠪᠤᠯᠵᠢ ᠶᠢᠨ ᠭᠠᠵᠠᠷ 33993.4 ᠮᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠲᠠᠯᠠᠪᠠᠢ 19577.7 ᠮᠦ ᠪᠤᠯᠤᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠳᠣᠣᠷ᠎ᠠ 22 ᠨᠠᠮ ᠤᠨ ᠡᠭᠦᠷ ︵ᠪᠠᠶᠢᠭᠤᠯᠭ᠎ᠠ ᠶᠢᠨ ᠨᠠᠮ ᠤᠨ ᠡᠭᠦᠷ 1᠂ ᠬᠥᠳᠡᠭᠡ ᠲᠣᠰᠬᠤᠨ ᠤ ᠨᠠᠮ ᠤᠨ ᠡᠭᠦᠷ 17᠂ ᠨᠡᠶᠢᠭᠡᠮ ᠲᠣᠭᠤᠷᠢᠭ ᠤᠨ ᠨᠠᠮ ᠤᠨ ᠡᠭᠦᠷ 4︶᠂ ᠨᠡᠶᠢᠢᠳᠡ 691 ᠨᠠᠮ ᠤᠨ ᠭᠡᠰᠢᠭᠦᠨ ᠪᠠᠶᠢᠨ᠎ᠠ᠃ ᠪᠠᠯᠭᠠᠰᠤᠨ ᠳᠤ 4 ᠰᠤᠷᠭᠠᠭᠤᠯᠢ ︵ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠪᠠᠶ ᠬᠠᠶ ᠽᠢ ᠬᠤᠪᠢᠶᠠᠷᠢ ᠰᠤᠷᠭᠠᠭᠤᠯᠢ᠂ ᠢ ᠯᠢ ᠳᠣᠷᠣᠨᠠᠳᠠᠬᠢᠨ ᠤ ᠰᠤᠷᠭᠠᠭᠤᠯᠢ ᠪᠠ ᠪᠢᠨ ᠬᠤ᠋ ᠳᠤᠮᠳᠠᠳᠤ ᠰᠤᠷᠭᠠᠭᠤᠯᠢ᠂ ᠵᠢᠨᠢᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠ ᠸᠠᠩ ᠾᠧ ᠰᠤᠷᠭᠠᠭᠤᠯᠢ ᠶᠢᠨ ᠲᠣᠭᠤᠷᠢᠭ︶ ᠪᠣᠶ᠃ ᠡᠮᠨᠡᠯᠭᠡ ᠶᠢᠨ ᠬᠤᠷᠢᠶ᠎ᠠ 3 ︵ᠪᠠᠶ ᠬᠠᠢ ᠽᠢ ᠡᠷᠡᠭᠦᠯ ᠬᠠᠮᠠᠭᠠᠯᠠᠯ ᠤᠨ ᠬᠤᠷᠢᠶ᠎ᠠ᠂ ᠤᠯᠠᠭᠠᠨᠴᠠᠪ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠠ ᠤᠯᠠᠭᠠᠨᠴᠠᠪ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠡᠭᠦᠨ ᠳᠤ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠠᠭ ᠰᠢᠨ᠎ᠡ ᠪᠠᠷ ᠪᠠᠶᠢᠭᠤᠯᠵᠤ ᠪᠠᠶᠢᠨ᠎ᠠ︶᠃             2014 ᠣᠨ ᠳᠤ᠂ ᠬᠤᠸᠠ ᠸᠧᠶ  ᠡᠭᠦᠯᠡᠨ ᠪᠤᠳᠤᠯᠲᠠ᠂ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠪᠡᠭᠡᠵᠢᠩ ᠤᠨ ᠪᠠᠷᠠᠭᠤᠨ ᠬᠡᠰᠡᠭ ᠤᠨ ᠡᠨᠧᠷᠭᠢ᠂  ᠰᠢᠨ ᠲᠢᠶᠠᠨ ᠰᠢᠶᠠ ᠰᠦᠯᠢᠶᠣᠣ ᠶᠢᠨ ᠦᠶᠯᠡᠰ᠂  ᠤᠮᠠᠷᠠᠲᠤ ᠣᠷᠣᠨ ᠤ ᠬᠠᠲᠠᠭᠤ ᠵᠢᠮᠢᠰ ᠤᠨ ᠪᠠᠷᠠᠭ᠎ᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠢᠭᠰᠠ ᠶᠤᠮ᠃ ᠣᠲᠣ ᠪᠣᠯᠲᠠᠯ᠎ᠠ᠂ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠨᠡᠶᠢᠲᠡ 149 ᠪᠠᠶᠢᠨ᠎ᠠ᠃ 2015 ᠣᠨ ᠳᠤ ᠰᠢᠨ᠎ᠡ ᠨᠢᠭᠡ ᠬᠤᠭᠤᠴᠠᠭᠠᠨ ᠤ ᠲᠣᠰᠬᠤᠨ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠬᠤ ᠬᠠᠤᠯᠢ ᠪᠠᠷ 55 ᠬᠥᠮᠦᠨ ᠢ ᠰᠣᠩᠭᠤᠨ ᠭᠠᠷᠭᠠᠵᠤ᠂ ᠳᠤᠮᠳᠠᠴᠢ ᠨᠠᠰᠤ ᠨᠢ 54.31 ᠨᠠᠰᠤ᠂ ᠱᠦᠵᠢ ᠶᠢᠨ ᠳᠤᠮᠳᠠᠴᠢ ᠨᠠᠰᠤ ᠨᠢ 49 ᠨᠠᠰᠤ  ᠂ ᠭᠠᠴᠠᠭᠠᠨ ᠤ ᠵᠥᠪᠯᠡᠯ ᠤᠨ ᠪᠦᠷᠢᠯᠳᠦᠬᠦᠨ 56 ᠬᠥᠮᠦᠨ᠂ ᠲᠡᠭᠰᠢᠳᠬᠡᠭᠰᠡᠨ ᠨᠠᠰᠤ ᠨᠢ 53.04 ᠨᠠᠰᠤ᠂ ᠡᠷᠬᠢᠯᠡᠭᠴᠢ ᠶᠢᠨ ᠲᠡᠭᠰᠢᠳᠬᠡᠭᠰᠡᠨ ᠨᠠᠰᠤ ᠨᠢ 52 ᠨᠠᠰᠤ᠂ ᠭᠠᠴᠠᠭᠠᠨ ᠤ ︽ᠬᠤᠶᠠᠷ ᠵᠥᠪᠯᠡᠯ︾᠎ ᠳᠤ 23 ᠬᠥᠮᠦᠨ ᠰᠣᠯᠪᠢᠴᠠᠨ ᠲᠤᠰᠢᠶᠠᠯ ᠡᠭᠦᠷᠭᠡᠯᠡᠪᠡ᠃ ᠦᠨᠡᠨ ᠳᠡᠭᠡᠨ ︽ᠬᠤᠶᠠᠷ ᠵᠥᠪᠯᠡᠯ︾᠎ ᠤᠨ ᠪᠦᠷᠢᠯᠳᠦᠬᠦᠨ 88 ᠬᠥᠮᠦᠨ ᠪᠠᠶᠢᠨ᠎ᠠ᠃           2013᠎ ᠤᠨ ᠵᠢᠯ ᠤᠨ ᠡᠴᠦᠰ᠂ ᠪᠠᠶ ᠬᠠᠶ ᠽᠢ ᠪᠠᠯᠭᠠᠰᠤᠨ ᠤ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠳᠤ ᠰᠡᠳᠬᠢᠴᠡ ᠪᠠᠷ ᠥᠷᠭᠡᠨ ᠪᠤᠰᠤ᠂ ᠴᠢᠳᠠᠪᠤᠷᠢ ᠪᠠᠷ ᠠᠨᠠᠶ᠂ ᠣᠷᠭᠢᠯᠤᠮ᠎ᠠ ᠰᠡᠳᠬᠢᠯᠭᠡ ᠬᠦᠷᠦᠯᠴᠡᠬᠦ ᠦᠭᠡᠶ᠂ ᠬᠥᠳᠡᠯᠭᠡᠬᠦ ᠬᠦᠴᠦᠨ ᠬᠦᠷᠦᠯᠴᠡᠬᠦ ᠦᠭᠡᠢ ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠦᠨ᠂ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠪᠠᠯᠭᠠᠰᠤᠨ ᠤ ᠨᠠᠮ ᠤᠨ ᠬᠤᠷᠢᠶ᠎ᠠ ᠠᠴᠠ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠰᠡᠳᠬᠢᠮᠵᠢ ᠶᠢ ᠳᠤᠷᠠᠳᠵᠤ ︽ᠳᠥᠷᠪᠡᠨ ᠦᠰᠦᠭᠲᠦ ᠨᠣᠮ ᠰᠠᠶᠢᠨ ᠤᠩᠰᠢᠵᠤ᠂ ᠨᠢᠭᠡ ᠬᠥᠯᠭᠡ ᠰᠢᠲᠠᠷ᠎ᠠ ᠲᠠᠯᠪᠢᠨ᠎ᠠ︾ ︵︽ᠰᠡᠷᠢᠬᠦ︾᠄ ᠰᠤᠷᠤᠯᠴᠠᠯᠭ᠎ᠠ ᠬᠥᠮᠦᠵᠢᠯ᠃ ᠲᠠᠷᠢᠬᠢ ᠲᠣᠯᠣᠭᠠᠶ ᠶᠢ ᠰᠡᠷᠭᠡᠭ ᠪᠣᠯᠭᠠᠵᠤ᠂ ᠤᠨᠤᠯ ᠮᠡᠳᠡᠯᠭᠡ ᠨᠥᠬᠦᠪᠥᠷᠢᠯᠡᠬᠦ ᠢᠨᠵᠧᠨᠧᠷᠢᠩ ᠢ ᠰᠠᠶᠢᠲᠤᠷ ᠬᠢᠨ᠎ᠡ  ᠃ ︽ᠰᠢᠨ᠎ᠡ ︾᠄ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠨ᠂  ᠰᠢᠨ᠎ᠡ ᠶᠢ ᠡᠭᠦᠳᠴᠦ  ᠂ ᠪᠤᠳᠠᠲᠠᠢ ᠶᠢ ᠡᠷᠬᠢᠮᠯᠡᠨ᠎ᠡ᠃ ︽ᠪᠣᠯᠤᠨ᠎ᠠ︾᠄ ᠠᠵᠢᠯᠯᠠᠭ᠎ᠠ ᠠᠪᠴᠤ᠂ ᠳᠦᠷᠢᠮ ᠲᠣᠭᠲᠠᠭᠠᠯ  ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠳᠡᠬᠦ ᠬᠢᠬᠦ ᠶᠢ ᠨᠢᠭᠡᠳᠬᠡᠵᠦ᠂ ᠲᠦᠷᠢᠮ ᠢᠶᠠᠷ ᠨᠠᠮ ᠢ ᠵᠠᠰᠠᠬᠤ ᠢᠨᠵᠧᠨᠧᠷᠢᠩ ᠢ ᠦᠢᠯᠡᠳᠦᠯᠭᠡᠵᠢᠭᠦᠯᠦᠨ᠎ᠡ  ᠃ ︽ᠮᠠᠨᠳᠤᠭᠤᠯᠤᠨ᠎ᠠ︾᠄ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠬᠦᠴᠦᠷᠬᠡᠭᠵᠢᠭᠦᠯᠵᠦ᠂ ᠪᠠᠢ ᠬᠠᠢ ᠽᠢ ᠪᠠᠯᠭᠠᠰᠤᠨ ᠤ ᠠᠷᠠᠳ ᠪᠠᠶᠠᠵᠢᠨ ᠬᠦᠴᠦᠷᠬᠡᠭᠵᠢᠵᠦ᠂ ᠡᠯ᠎ᠡ ᠵᠦᠢᠯ ᠤᠨ ᠠᠵᠢᠯ ᠦᠢᠯᠡᠰ ᠬᠥᠭᠵᠢᠨ ᠮᠠᠨᠳᠤᠬᠤ ᠶᠢ ᠪᠡᠶᠡᠯᠡᠭᠦᠯᠦᠨ᠎ᠡ︶᠃            2014 ᠣᠨ ᠳᠤ᠂ ᠪᠠᠶ ᠬᠠᠶ ᠽᠢ ᠪᠠᠯᠭᠠᠰᠤ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠣᠪᠣᠷ ᠰᠤᠷᠲᠠᠯ ᠤᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠲᠠᠯ᠎ᠠ ᠪᠠᠷ ᠭᠠᠷᠳᠠᠵᠤ᠂ ᠣᠯᠠᠨ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠭᠡᠪᠡᠴᠦ ᠠᠵᠢᠯ ᠤᠨ ᠳᠤᠮᠳᠠ ᠪᠠᠨ ᠣᠯᠵᠤ ᠮᠡᠳᠡᠭᠰᠡᠨ ᠨᠢ᠂ ᠨᠢᠭᠡᠨ ᠬᠦᠴᠦᠷᠬᠡᠭ ᠶᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠰᠢᠭ ᠲᠤᠯᠭᠠᠭᠤᠷᠢ ᠦᠭᠡᠢ ᠨᠠᠮ ᠤᠨ  ᠵᠤᠬᠢᠶᠠᠨ ᠪᠠᠶᠢᠭᠤᠯᠤᠯᠲᠠ ᠨᠢ ᠬᠡᠷᠪᠡ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠴᠢᠩᠭ᠎ᠠ ᠬᠦᠰᠡᠯ ᠡᠷᠡᠮᠡᠯᠵᠡᠯ ᠢ ᠬᠠᠩᠭᠠᠵᠤ ᠴᠢᠳᠠᠬᠤ ᠦᠭᠡᠢ ᠪᠣᠯ ᠲᠡᠭᠦᠨ ᠤ  ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ ᠵᠢᠴᠢ ᠨᠠᠮ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠴᠥᠮ ᠪᠠᠭᠤᠷᠠᠨ᠎ᠠ᠃ ᠣᠳᠣᠬᠢ ᠪᠠᠶᠢᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ  ᠠᠵᠢᠯ ᠤᠨ ᠰᠡᠳᠬᠢᠮᠵᠢ ᠶᠢ ᠳᠤᠷᠠᠳᠴᠠᠶ  ᠂ ᠵᠢᠱᠢᠶ᠎ᠡ ᠦᠵᠡᠭᠦᠯᠬᠦ ᠶᠡᠭᠡ ᠬᠥᠲᠥᠯᠦᠨ ᠳᠠᠭᠠᠭᠤᠯᠬᠤ ᠨᠥᠯᠥᠭᠡᠯᠡᠨ ᠳᠠᠶᠢᠴᠢᠯᠠᠬᠤ ᠳᠣᠤᠷ᠎ᠠ᠂ ︽ᠳᠥᠷᠪᠡᠨ ᠦᠰᠦᠭᠲᠦ ᠨᠣᠮ︾᠎ ᠲᠠᠢ ᠵᠡᠷᠭᠡᠪᠡᠷ ᠬᠦᠴᠦᠯᠡᠬᠦ ᠬᠡᠷᠡᠭᠲᠡᠶ᠃ ︽ᠲᠥᠷᠥᠯ ᠵᠦᠢᠯ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ᠂ ᠰᠤᠯᠠ ᠪᠠᠶᠢᠭ᠎ᠠ ᠭᠠᠵᠠᠷ ᠰᠢᠷᠣᠶ ᠶᠢ ᠠᠮᠢᠯᠠᠭᠤᠯᠵᠤ᠂ ᠦᠯᠡᠭᠦᠤ ᠬᠥᠳᠡᠯᠮᠦᠷᠢ ᠶᠢᠨ ᠬᠦᠴᠦᠨ ᠢ ᠬᠤᠪᠢᠷᠠᠭᠤᠯᠬᠤ  ᠂ ︽ᠬᠤᠯᠪᠣᠭᠠᠯᠠᠬᠤ︾ — ᠲᠦᠷᠢᠶᠡᠰᠦᠯᠡᠬᠦ᠂ ᠳᠠᠭᠠᠭᠠᠴᠢᠯᠠᠬᠤ ᠪᠤᠶᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ ᠬᠠᠮᠲᠤᠷᠠᠨ ᠡᠵᠡᠩᠨᠡᠬᠦ ᠶᠢ ᠪᠡᠶᠡᠯᠡᠭᠦᠯᠦᠨ᠎ᠡ  ᠃ ︽ᠬᠦᠴᠦᠷᠬᠡᠭ︾ — ︽ᠲᠠᠬᠢᠶ᠎ᠠ ᠵᠢᠭᠡᠯᠡᠵᠦ ᠥᠨᠳᠡᠭᠡ ᠲᠥᠷᠥᠭᠦᠯᠵᠦ︾᠂ ᠣᠨᠴᠠᠯᠢᠭᠲᠤ ᠠᠵᠤ ᠦᠶᠯᠡᠰ ᠢ ᠬᠥᠭᠵᠢᠭᠦᠯᠵᠦ᠂ ︽ᠨᠢᠭᠡ ᠲᠣᠰᠬᠤᠨ ᠨᠢᠭᠡ ᠳᠡᠰ︾᠎ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠥᠪᠡᠷ ᠤᠨ ᠦᠷᠲᠡᠭ ᠴᠢᠳᠠᠮᠵᠢ ᠶᠢ ᠬᠥᠭᠵᠢᠭᠡᠵᠦ᠂ ᠲᠣᠰᠬᠤᠨ ᠤ ᠬᠠᠮᠲᠤ ᠶᠢᠨ ᠠᠵᠤ ᠠᠬᠤᠢ ᠎ ᠶᠢ ᠬᠦᠭᠵᠢᠭᠦᠯᠦᠨ᠎ᠡ᠃ ︽ᠪᠠᠶᠠᠵᠢᠭᠰᠠᠨ︾ — ᠲᠣᠰᠬᠤᠨ ᠤ ᠬᠦᠴᠦᠷᠬᠡᠭᠵᠢᠯ᠂ ᠠᠷᠠᠳ  ᠲᠦᠮᠡᠨ ᠤ ᠪᠠᠶᠠᠵᠢᠨ ᠴᠢᠨᠡᠭᠡᠯᠢᠭᠵᠢᠬᠦ ᠲᠡᠮᠡᠴᠡᠯ ᠤᠨ ᠬᠠᠷᠠᠯᠲᠠ ᠶᠢ  ᠪᠡᠶᠡᠯᠡᠭᠦᠯᠦᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2