ᠵᠢᠨᠢᠩ ᠲᠣᠭᠤᠷᠢᠭ ᠤᠨ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2020/11/13
       ᠵᠢᠨᠢᠩ ᠲᠣᠭᠤᠷᠢᠭ ᠤᠨ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷᠡᠶᠢᠳᠦᠯ ᠨᠢ ᠬᠠᠷᠢᠶᠠᠯᠠᠬᠤ ᠣᠷᠣᠨ ᠤ ᠭᠤᠤᠯ ᠵᠠᠮ  ᠴᠠᠩ ᠴᠢᠩ ᠵᠠᠮ ᠤᠨ ᠨᠡᠷ᠎ᠡ ᠠᠴᠠ ᠪᠣᠯᠵᠠᠶ᠃ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠨᠢᠩ ᠲᠣᠭᠤᠷᠢᠭ ᠤᠨ ᠵᠡᠭᠦᠨ ᠬᠡᠰᠡᠭ ᠲᠤ ᠪᠠᠶᠢᠷᠢᠯᠡᠵᠦ᠂ ᠵᠡᠭᠦᠨᠰᠢ 208 ᠰᠠᠯᠪᠤᠷᠢ ᠱᠤᠭᠤᠮ᠂ ᠪᠠᠷᠠᠭᠤᠨᠰᠢ ᠠᠵᠢᠯᠴᠢᠨ ᠲᠠᠷᠢᠶᠠᠴᠢᠨ ᠤ ᠬᠤᠶᠢᠲᠤ ᠶᠡᠭᠡ ᠵᠡᠭᠡᠯᠢ ᠬᠦᠷᠲᠡᠯ᠎ᠡ᠂ ᠡᠮᠦᠨᠡᠰᠢ ᠨᠠᠡ ᠱᠠ ᠾᠧ᠂ ᠤᠮᠠᠷᠠᠰᠢ ᠵᠢᠢ ᠶᠢᠨ ᠬᠤᠶᠠᠳᠤᠭᠠᠷ ᠱᠤᠭᠤᠮ ᠬᠦᠷᠦᠨ᠎ᠡ᠃ ᠬᠠᠷᠢᠶ᠎ᠠ ᠣᠷᠣᠨ ᠤ ᠡᠵᠡᠯᠡᠬᠦ ᠲᠠᠯᠠᠪᠠᠶ ᠨᠢ 13.95 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠬᠥᠮᠦᠨ ᠠᠮᠠ ᠨᠢ 30677 ᠪᠠᠶᠢᠵᠤ᠂ ᠶᠡᠷᠦᠩᠬᠡᠶ ᠡᠷᠦᠬᠡ ᠶᠢᠨ ᠲᠤᠭ᠎ᠠ ᠨᠢ 11960 ᠪᠣᠯᠤᠨ᠎ᠠ᠃ ᠬᠡᠷᠡᠭ ᠡᠷᠬᠢᠯᠡᠬᠦ ᠭᠠᠵᠠᠷ ᠲᠤ 66  ᠠᠵᠢᠯᠲᠠᠨ ᠪᠠᠶᠢᠵᠤ᠂ ᠵᠡᠭᠡᠯᠢ ᠭᠤᠳᠤᠮᠵᠢ ᠶᠢᠨ ᠳᠣᠣᠷ᠎ᠠ 7  ᠨᠡᠶᠢᠭᠡᠮ ᠲᠣᠭᠤᠷᠢᠭ ᠪᠠᠶᠢᠭᠤᠯᠵᠤ᠂ ᠲᠣᠰ ᠲᠣᠰ ᠬᠤᠸᠠ ᠨᠢᠩ ᠨᠡᠶᠢᠭᠡᠮ ᠲᠣᠭᠤᠷᠢᠭ ︵1200 ᠲᠡᠭᠰᠢ ᠳᠥᠷᠪᠡᠯᠵᠢᠨ ᠮᠧᠲᠷ︶᠂ ᠹᠦ᠋ ᠬᠤᠸᠠ ᠨᠡᠶᠢᠭᠡᠮ  ᠲᠣᠭᠤᠷᠢᠭ ︵300 ᠲᠡᠭᠰᠢ ᠳᠥᠷᠪᠡᠯᠵᠢᠨ ᠮᠧᠲᠷ︶᠂ ᠳ᠋ᠦᠩ ᠴᠠᠩ ᠴᠢᠩ ᠨᠡᠶᠢᠭᠡᠮ ᠲᠣᠭᠤᠷᠢᠭ ︵1400 ᠲᠡᠭᠰᠢ ᠳᠥᠷᠪ ᠡᠯᠵᠢᠨ ᠮᠧᠲᠷ︶᠂ ᠳ᠋ᠦᠩ ᠱᠠ ᠾᠧ ᠨᠡᠶᠢᠭᠡᠮ ᠲᠣᠭᠤᠷᠢᠭ ︵660 ᠲᠡᠭᠰᠢ ᠳᠥᠷᠪᠡᠯᠵᠢᠨ ᠮᠧᠲᠷ︶᠂ ᠵᠢᠶᠠ ᠮᠧᠶ ᠨᠡᠶᠢᠭᠡᠮ ᠲᠣᠭᠤᠷᠢᠭ ︵608 ᠲᠡᠭᠰᠢ ᠳᠥᠷᠪᠡᠯᠵᠢᠨ ᠮᠧᠲᠷ︶᠂ ᠹᠦ᠋ ᠰᠢᠨ ᠳ᠋ᠦᠩ ᠵᠠᠮ ᠤᠨ ᠨᠡᠶᠢᠭᠡᠮ ᠲᠣᠭᠤᠷᠢᠭ ︵2017 ᠣᠨ ᠳᠤ  ᠨᠤᠷᠠᠭᠠᠵᠤ ᠂ ᠣᠲᠣ ᠬᠡᠷᠡᠭ ᠡᠷᠬᠢᠯᠡᠬᠦ ᠭᠠᠵᠠᠷ ᠤᠨ ᠨᠢᠭᠡᠳᠦᠭᠡᠷ ᠳᠠᠪᠬᠤᠷᠭ᠎ᠠ ᠳᠤ ᠠᠯᠪᠠᠯᠠᠨ᠎ᠠ︶᠂ ᠡᠤ ᠯᠦ ᠨᠡᠶᠢᠭᠡᠮ ᠲᠣᠭᠤᠷᠢᠭ ︵600 ᠲᠡᠭᠰᠢ ᠳᠥᠷᠪᠡᠯᠵᠢᠨ ᠮᠧᠲᠷ︶᠃ ᠵᠡᠭᠡᠯᠢ ᠭᠤᠳᠤᠮᠵᠢ ᠳᠤ ᠨᠡᠶᠢᠲᠡ 8 ᠨᠠᠮ ᠤᠨ ᠡᠭᠦᠷ ᠲᠠᠢ᠂ 389 ᠰᠢᠭᠤᠳ ᠬᠠᠮᠢᠶᠠᠷᠴᠤ ᠪᠠᠶᠢᠭ᠎ᠠ ᠨᠠᠮ ᠤᠨ ᠭᠡᠰᠢᠭᠦᠨ ᠪᠠᠶᠢᠨ᠎ᠠ᠃ ᠬᠠᠷᠢᠶ᠎ᠠ ᠣᠷᠣᠨ ᠤ ᠬᠡᠰᠡᠭ ᠲᠤ ᠰᠠᠭᠤᠭ᠎ᠠ ᠨᠢᠭᠡᠴᠡ 22᠂ ᠲᠣᠭᠤᠷᠢᠭ 23᠂ ᠳᠠᠩ ᠪᠡᠶᠡᠲᠦ ᠠᠰᠠᠷ 13 ᠪᠠᠶᠢᠨ᠎ᠠ᠃        ᠲᠤᠭᠤᠷᠢᠭ ᠎ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠢᠯᠣᠭᠤᠳᠤᠯᠭ᠎ᠠ ᠪᠠᠷ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠵᠦ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠣᠪᠣᠷ ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠵᠡᠭᠡᠯᠢ ᠭᠤᠳᠤᠮᠵᠢ ᠶᠢᠨ ᠥᠷᠭᠡᠨ ᠤᠯᠠᠨ ᠨᠠᠮ ᠤᠨ ᠭᠡᠰᠢᠭᠦᠨ  ᠺᠠᠳ᠋ᠷᠴᠤᠳ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠤᠯᠠᠨ ᠤ ᠵᠣᠷᠢᠭ ᠨᠢᠭᠡᠳᠪᠡ᠃ ᠢᠯᠠᠩᠭᠤᠶ᠎ᠠ ᠰᠢᠨ᠎ᠡ ᠪᠠᠷ ᠪᠠᠶᠢᠭᠤᠯᠤᠭᠰᠠᠨ ᠳ᠋ᠦᠩ ᠴᠠᠩ ᠴᠢᠩ ᠨᠡᠶᠢᠭᠡᠮ ᠲᠣᠭᠤᠷᠢᠭ ᠎ ᠢ ᠪᠦᠬᠦ  ᠲᠤᠭᠤᠷᠢᠭ ᠤᠨ ᠨᠡᠶᠢᠲᠡᠯᠢᠭ ᠨᠡᠶᠢᠭᠡᠮ ᠲᠣᠭᠤᠷᠢᠭ ᠤᠨ ᠵᠢᠱᠢᠶ᠎ᠡ ᠦᠵᠡᠭᠦᠯᠬᠦ ᠡᠩᠨᠡᠭᠡᠨ ᠳᠤ  ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠡᠯ᠎ᠡ ᠱᠠᠲᠤᠨ ᠤ ᠡᠯ᠎ᠡ ᠬᠦᠷᠢᠶᠡᠨ ᠤ ᠠᠬᠤᠶ ᠲᠠᠯᠠᠪᠠᠶ ᠶᠢᠨ ᠬᠤᠷᠠᠯ᠂ ᠦᠵᠡᠭᠦᠯᠦᠯᠭᠡ ᠶᠢᠨ ᠴᠤᠭᠯᠠᠭᠠᠨ ᠳᠤ ᠮᠠᠨ ᠤ ᠣᠨᠴᠠᠯᠢᠭ ᠲᠠᠢ ᠲᠤᠷᠰᠢᠯᠭ᠎ᠠ ᠪᠣᠯᠤᠨ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠨ ᠣᠯᠡᠨ ᠤᠳᠠᠭ᠎ᠠ ᠳᠡᠯᠭᠡᠨ ᠦᠵᠡᠭᠦᠯᠵᠡᠶ᠃ ᠪᠥᠬᠦ  ᠲᠤᠭᠤᠷᠢᠭ ᠤᠨ︽ᠬᠠᠮᠤᠭ ᠤᠨ ᠭᠤᠶᠣ ᠬᠡᠷ ᠪᠦᠯᠢ ᠶᠢᠨ ᠰᠢᠯᠢᠳᠡᠭ ᠨᠢᠭᠡᠴᠡ ᠶᠢ ᠡᠷᠢᠬᠦ︾ ᠢᠷᠠᠭᠤ ᠠᠯᠳᠠᠷ ᠤᠨ ᠴᠣᠯᠠ ᠪᠠ ︽ᠤᠯᠠᠭᠠᠨᠴᠠᠪ ᠬᠤᠲᠠ ᠶᠢᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠭᠡ︾᠎ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠬᠦ ᠠᠵᠢᠯ ᠤᠨ ᠳᠤᠮᠳᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠪᠠ᠃           ᠪᠠᠶᠢᠭᠤᠯᠤᠮᠵᠢ ᠶᠢᠨ ᠥᠭᠡᠷᠡᠴᠢᠯᠡᠯᠲᠡ        1981 ᠣᠨ ᠳᠤ ᠵᠢᠨᠢᠩ ᠬᠤᠳᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠨᠢᠭᠡᠳᠦᠯ ᠢ ᠬᠠᠰᠤᠭᠠᠳ ᠠᠵᠤ ᠦᠢᠯᠡᠳᠪᠦᠷ ᠶᠢᠨ ᠲᠣᠭᠤᠷᠢᠭ ᠪᠠ ᠠᠰᠠᠷᠠᠮᠵᠢ ᠶᠢᠨ ᠲᠣᠭᠤᠷᠢᠭ ᠭᠡᠵᠦ ᠬᠤᠶᠠᠷ ᠬᠡᠷᠡᠭ ᠡᠷᠬᠢᠯᠡᠬᠦ ᠭᠠᠵᠠᠷ ᠪᠣᠯᠭᠠᠪᠠ  ᠃ 1981 ᠣᠨ ᠳᠤ ᠠᠰᠠᠷᠠᠮᠵᠢ ᠶᠢᠨ ᠣᠷᠣᠨ ᠤ ᠬᠡᠷᠡᠭ ᠡᠷᠬᠢᠯᠡᠬᠦ ᠭᠠᠵᠠᠷ ᠤᠨ ᠳᠣᠣᠷ᠎ᠠ ᠰᠠᠭᠤᠭᠠᠯᠢ ᠠᠷᠠᠳ ᠤᠨ ᠵᠥᠪᠯᠡᠯ ᠲᠤ ᠰᠢᠨ᠎ᠡ ᠠᠰᠠᠷᠠᠮᠵᠢ᠂ ᠬᠠᠭᠤᠴᠢᠨ ᠠᠰᠠᠷᠠᠮᠵᠢ᠂ ᠶᠠᠰᠤᠨ ᠤ ᠴᠠᠪᠠᠤ ᠶᠢᠨ ᠦᠢᠯᠡᠳᠪᠦᠷᠢ᠂ ᠨᠣᠣᠯᠣᠭᠤᠷ ᠤᠨ ᠦᠢᠯᠡᠳᠪᠦᠷ  ᠂ ᠤᠷᠲᠤ ᠵᠠᠮ ᠤᠨ ᠠᠶᠠᠨ ᠳᠡᠶᠢᠨ᠂ ᠬᠥᠭᠵᠢᠯ ᠮᠠᠨᠳᠤᠯ᠂ ᠶᠡᠷᠦᠩᠬᠡᠶᠢᠯᠡᠭᠰᠡᠨ᠂ ᠳ᠋ᠦᠩ ᠱᠠ ᠾᠧ᠂ ᠳ᠋ᠦᠩ ᠴᠠᠩ ᠴᠢᠩ᠂  ᠵᠡᠭᠦᠨ ᠴᠢᠯᠥᠭᠡᠯᠡᠯᠲᠡ ᠵᠡᠷᠭᠡ 10 ᠰᠠᠭᠤᠭᠠᠯᠢ ᠠᠷᠠᠳ ᠤᠨ ᠵᠥᠪᠯᠡᠯ ᠭᠠᠷᠭᠠᠪᠠ  ᠃1998 ᠣᠨ ᠳᠤ ᠠᠰᠠᠷᠠᠮᠵᠢ ᠶᠢᠨ ᠣᠷᠣᠨ ᠤ ᠬᠡᠷᠡᠭ ᠡᠷᠬᠢᠯᠡᠬᠦ ᠭᠠᠵᠠᠷ ᠤᠨ ᠬᠠᠭᠤᠴᠢᠨ ᠠᠰᠠᠷᠠᠮᠵᠢ ᠶᠢᠨ ᠰᠠᠭᠤᠭᠠᠯᠢ ᠠᠷᠠᠳ ᠤᠨ ᠵᠥᠪᠯᠡᠯ ᠢ ᠰᠢᠨ᠎ᠡ ᠪᠠᠷ ᠪᠠᠶᠢᠭᠤᠯᠤᠭᠳᠠᠭᠰᠠᠨ  ᠬᠤ᠋ ᠱᠠᠨ ᠤ ᠬᠡᠷᠡᠭ ᠡᠷᠬᠢᠯᠡᠬᠦ ᠭᠠᠵᠠᠷ ᠲᠤ ᠬᠤᠪᠢᠶᠠᠷᠢᠯᠠᠨ ᠣᠷᠣᠭᠤᠯᠪᠠ  ᠃ 2001 ᠣᠨ ᠳᠤ ᠮᠠᠨᠳᠤᠯᠲᠠ ᠪᠠ ᠤᠷᠲᠤ ᠵᠠᠮ ᠤᠨ ᠠᠶᠠᠨ ᠳᠠᠶᠢᠨ ᠤ ᠰᠠᠭᠤᠭᠠᠯᠢ ᠠᠷᠠᠳ ᠤᠨ ᠵᠥᠪᠯᠡᠯ ᠢ ᠤᠷᠲᠤ ᠵᠠᠮ ᠤᠨ ᠠᠶᠠᠨ ᠳᠠᠶᠢᠨ ᠤ ᠰᠠᠭᠤᠭᠠᠯᠢ ᠠᠷᠠᠳ ᠤᠨ ᠵᠥᠪᠯᠡᠯ ᠢ ᠨᠡᠶᠢᠯᠡᠭᠦᠯᠦᠨ᠂ ᠰᠠᠭᠤᠭᠠᠯᠢ ᠠᠷᠠᠳ ᠤᠨ ᠵᠥᠪᠯᠡᠯ ᠤᠨ ᠨᠡᠷᠡᠶᠢᠳᠦᠯ ᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠣᠯᠭᠠᠨ ᠥᠭᠡᠷᠡᠴᠢᠯᠡᠪᠡ᡽᠃ 2003 ᠣᠨ ᠳᠤ ᠠᠶᠢᠮᠠᠭ ᠢᠶᠠᠨ ᠬᠠᠰᠤᠵᠤ ᠬᠤᠲᠠ ᠪᠠᠶᠢᠭᠤᠯᠤᠭᠰᠠᠨ ᠤ ᠳᠠᠷᠠᠭ᠎ᠠ᠂ ᠵᠢᠨᠢᠩ ᠬᠤᠲᠠ ᠶᠢᠨ ᠠᠰᠠᠷᠠᠮᠵᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷ᠎ᠡ ᠶᠢ ᠵᠢᠨᠢᠩ ᠲᠣᠭᠤᠷᠢᠭ ᠤᠨ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠡᠵᠦ ᠬᠠᠯᠠᠪᠠ  ᠃ ᠨᠡᠶᠢᠲᠡ 7 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠠᠶᠢᠵᠤ᠂ ᠲᠣᠰ ᠲᠣᠰ᠄ ᠣᠷᠳᠣ ᠵᠠᠮ ᠤᠨ ᠠᠶᠠᠨ ᠳᠠᠶᠢᠨ᠂ ᠨᠣᠤᠯᠣᠭᠤᠷ᠂ ᠳ᠋ᠦᠩᠱᠠ ᠾᠧ᠂ ᠵᠡᠭᠦᠨᠳᠡᠬᠢ ᠴᠢᠯᠥᠭᠡᠯᠡᠯᠲᠡ᠂ ᠹᠦᠰᠢᠨ ᠵᠡᠭᠦᠨ ᠵᠠᠮ᠂  ᠳ᠋ᠦᠡᠭ ᠴᠠᠩ ᠴᠢᠩ᠂ ᠶᠡᠷᠦᠩᠬᠡᠶᠢᠯᠡᠭᠰᠡᠨ ᠨᠡᠶᠢᠭᠡᠮ ᠲᠣᠭᠤᠷᠢᠭ  ᠪᠤᠯᠭᠠᠵᠠᠢ᠃ 2007᠎ ᠤᠨ 9 ᠰᠠᠷ᠎ᠠ ᠳᠤ ᠶᠡᠷᠦᠩᠬᠡᠶᠢᠯᠡᠭᠰᠡᠨ ᠨᠡᠶᠢᠭᠡᠮ ᠲᠣᠭᠤᠷᠢᠭ ᠰᠢᠨ᠎ᠡ ᠪᠠᠷ ᠪᠠᠶᠢᠭᠤᠯᠤᠭᠰᠠᠨ ᠨᠡᠶᠢᠭᠡᠮ  ᠲᠣᠭᠤᠷᠢᠭ  ᠤᠨ ᠹᠦ᠋ ᠬᠤᠸᠠ  ᠰᠠᠭᠤᠭᠠᠯᠢ ᠲᠣᠭᠤᠷᠢᠭ ᠲᠤ ᠨᠡᠭᠦᠭᠰᠡᠨ ᠠᠴᠠ ᠪᠣᠯᠵᠤ᠂ ᠬᠥ᠋ ᠭᠤᠸᠠᠨ ᠤ ᠨᠡᠷ᠎ᠡ ᠨᠢ ᠹᠦ᠋ ᠬᠤᠸᠠ ᠨᠡᠶᠢᠭᠡᠮ ᠲᠣᠭᠤᠷᠢᠭ ᠪᠤᠯᠵᠤ᠂ 2008᠎ ᠤᠨ 10 ᠰᠠᠷ᠎ᠠ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠵᠡᠭᠦᠨ ᠤ ᠴᠢᠯᠥᠭᠡᠯᠡᠯᠲᠡ ᠪᠣᠯᠤᠨ ᠨᠣᠯᠤᠤᠷ ᠤᠨ ᠨᠡᠶᠢᠭᠡᠮ ᠲᠣᠭᠤᠷᠢᠭ ᠢ ᠦᠭᠡᠶᠢᠰᠬᠡᠵᠦ᠂ ᠵᠡᠭᠦᠨ ᠤ ᠴᠢᠯᠥᠭᠡᠯᠡᠯᠲᠡ ᠨᠡᠶᠢᠭᠡᠮ ᠲᠣᠭᠤᠷᠢᠭ ᠢ ᠹᠦᠰᠢᠨ ᠵᠡᠭᠦᠨ ᠵᠠᠮ ᠤᠨ ᠨᠡᠶᠢᠭᠡᠮ ᠲᠣᠭᠤᠷᠢᠭ ᠲᠤ ᠨᠡᠶᠢᠯᠡᠭᠦᠯᠵᠡᠶ᠃ ᠪᠠᠰᠠ  ᠪᠠᠨ ᠵᠢᠩ ᠲᠣᠰᠬᠤᠨ ᠪᠣᠯᠤᠨ  ᠰᠣᠶᠢᠶᠠ  ᠲᠣᠰᠬᠤᠨ ᠤ ᠬᠤᠶᠠᠷ ᠠᠶᠢᠯ ᠲᠣᠰᠬᠤᠨ ᠢ ᠬᠤᠲᠠ ᠳᠠᠬᠢ ᠲᠣᠰᠬᠤᠨ  ᠪᠣᠯᠭᠠᠨ  ᠴᠠᠩ ᠴᠢᠩ ᠬᠡᠷᠡᠭ ᠡᠷᠬᠢᠯᠡᠬᠦ ᠭᠠᠵᠠᠷ ᠪᠣᠯᠭᠠᠵᠠᠶ᠃ ᠡᠭᠦᠨ ᠤ ᠬᠠᠮᠲᠤ ᠬᠤᠸᠠ ᠨᠢᠩ ᠨᠡᠶᠢᠭᠡᠮ ᠲᠣᠭᠤᠷᠢᠭ ᠢ ᠪᠠᠶᠢᠭᠤᠯᠵᠤ᠂ ᠤᠤᠯ ᠤᠨ ᠨᠣᠣᠰᠣ ᠨᠣᠯᠤᠤᠷ ᠨᠡᠶᠢᠭᠡᠮ ᠲᠣᠭᠤᠷᠢᠭ ᠢ ᠬᠠᠮᠲᠤ ᠳᠤᠨᠢ ᠬᠤᠸᠠ ᠨᠢᠩ ᠨᠡᠶᠢᠭᠡᠮ ᠲᠣᠭᠤᠷᠢᠭ ᠲᠤ ᠬᠠᠷᠢᠶᠠᠯᠠᠭᠤᠯᠪᠠ  ᠃ 2010᠎ ᠤᠨ 10 ᠰᠠᠷ᠎ᠠ ᠳᠤ ᠤᠷᠲᠤ ᠵᠠᠮ ᠤᠨ ᠠᠶᠠᠨ ᠳᠠᠶᠢᠨ ᠤ ᠨᠡᠶᠢᠭᠡᠮ ᠲᠣᠭᠤᠷᠢᠭ  ᠢ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠵᠢᠶᠠ ᠮᠧᠶ  ᠰᠠᠭᠤᠭᠠᠯᠢ ᠲᠣᠭᠤᠷᠢᠭ ᠲᠤ ᠨᠡᠭᠦᠯᠭᠡᠨ ᠠᠪᠴᠢᠷᠠᠵᠤ᠂ ᠨᠡᠷ᠎ᠡ ᠎ ᠶᠢ  ᠎ ᠨᠢ ᠵᠢᠶᠠ ᠮᠧᠶ ᠨᠡᠶᠢᠭᠡᠮ ᠲᠣᠭᠤᠷᠢᠭ ᠭᠡᠵᠦ  ᠨᠡᠷᠡᠳᠤᠭ᠍ᠰᠡᠡ  ᠶᠤᠮ᠃             ᠦᠨᠳᠦᠰᠦᠨ‌ᠨᠡᠶᠢᠭᠡᠮ ᠲᠣᠭᠤᠷᠢᠭ ᠤᠨ  ᠪᠠᠶᠢᠳᠠᠯ         1. ᠬᠤᠸᠠ ᠨᠢᠩ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠨᠢ ᠸᠧᠨ ᠰᠢᠨ ᠰᠠᠭᠤᠭᠠᠯᠢ ᠲᠣᠭᠤᠷᠢᠭ ᠤᠨ ᠬᠦᠷᠢᠶᠡᠨ ᠳᠤ ᠪᠠᠶᠢᠨ᠎ᠠ᠃ ᠨᠡᠶᠢᠭᠡᠮ ᠲᠣᠭᠤᠷᠢᠭ ᠤᠨ ᠲᠠᠯᠠᠪᠠᠶ ᠨᠢ 1200 ᠲᠡᠭᠰᠢ ᠳᠥᠷᠪᠡᠯᠵᠢᠨ ᠮᠧᠲᠷ᠂ ᠬᠠᠷᠢᠶ᠎ᠠ ᠣᠷᠣᠨ ᠤ ᠲᠠᠯᠠᠪᠠᠶ ᠨᠢ 8.1 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠠᠷᠢᠶ᠎ᠠ ᠣᠷᠣᠨ ᠤ ᠪᠦᠬᠦ ᠡᠷᠦᠬᠡ ᠶᠢᠨ ᠲᠤᠭ᠎ᠠ 1865 ᠡᠷᠦᠬᠡ᠂ ᠪᠦᠬᠦ ᠬᠥᠮᠦᠨ ᠠᠮᠠ 4577 ᠪᠠᠶᠢᠨ᠎ᠠ᠃ ᠣᠳᠣ 9 ᠠᠵᠢᠯᠲᠠᠨ ᠲᠠᠢ ᠪᠠᠶᠢᠵᠤ᠂ ᠬᠠᠷᠢᠶᠠᠲᠤ ᠣᠷᠣᠨ ᠤ ᠳᠣᠣᠷ᠎ᠠ ᠨᠢ 6 ᠲᠣᠣᠷᠯᠢᠭ ᠭᠠᠷᠭᠠᠵᠤ᠂ ᠹᠢᠯᠢᠮ ᠳᠤ ᠰᠠᠭᠤᠭ᠎ᠠ ᠨᠢᠭᠡᠴᠢ 1 ︵ᠬᠤᠸᠠ ᠨᠢᠩ ᠢᠯᠴᠢ ᠶᠢᠨ ᠴᠠᠬᠢᠯᠭᠠᠨ ᠤ ᠦᠶᠯᠡᠳᠪᠦᠷᠢ︶᠂ ᠬᠠᠷᠢᠶ᠎ᠠ ᠣᠷᠣᠨ ᠳᠤ ᠨᠡᠶᠢᠲᠡ 1 ᠰᠠᠭᠤᠭᠠᠯᠢ ᠲᠣᠭᠤᠷᠢᠭ ︵ ᠸᠧᠨ ᠰᠢᠨ ᠵᠢᠶᠠ ᠶᠤᠸᠠᠨ ᠰᠠᠭᠤᠭᠠᠯᠢ ᠲᠣᠭᠤᠷᠢᠭ︶ ᠪᠣᠶ᠃   1 ᠳᠠᠩ ᠪᠡᠶᠡᠲᠦ ᠠᠰᠠᠷ ︵ ᠴᠢᠯᠥᠭᠡᠯᠡᠯᠲᠡ ᠵᠠᠮ ᠤᠨ 104 ᠳ᠋ᠦᠭᠡᠷ ᠳᠠᠩ ᠪᠡᠶᠡᠲᠦ ᠠᠰᠠᠷ︶ ᠪᠤᠢ᠃          ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠴᠢᠯᠠᠭᠤᠨ ᠲᠣᠰᠣᠨ ᠤ ᠵᠠᠮ ᠤᠨ 6 ᠳ᠋ᠤᠭᠠᠷ ᠨᠣᠮᠧᠷᠲᠤ  ᠸᠧᠨ ᠰᠢᠨ ᠰᠠᠭᠤᠭᠠᠯᠢ ᠲᠣᠭᠤᠷᠢᠭ          ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8275158          2. ᠵᠡᠭᠦᠨ ᠴᠠᠩ ᠴᠢᠩ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠨᠢ  ᠲᠢᠶᠧ ᠳ᠋ᠦᠩ ᠵᠢᠶᠠ ᠶᠤᠸᠠᠨ ᠲᠣᠭᠤᠷᠢᠭ ᠤᠨ ᠳᠣᠲᠣᠷ᠎ᠠ ᠪᠠᠶᠢᠷᠢᠯᠠᠵᠤ ᠪᠠᠶᠢᠨ᠎ᠠ᠃ ᠨᠡᠶᠢᠭᠡᠮ ᠲᠣᠭᠤᠷᠢᠭ ᠤᠨ ᠲᠠᠯᠠᠪᠠᠶ ᠨᠢ 1400 ᠲᠡᠭᠰᠢ ᠳᠥᠷᠪᠡᠯᠵᠢᠨ ᠮᠧᠲᠷ᠂ ᠬᠠᠷᠢᠶ᠎ᠠ ᠣᠷᠣᠨ ᠤ ᠲᠠᠯᠠᠪᠠᠶ ᠨᠢ 1.35 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠡᠷᠦᠬᠡ ᠶᠢᠨ ᠲᠤᠭ᠎ᠠ 944 ᠪᠠᠶᠢᠵᠤ᠂ ᠪᠥᠬᠦ ᠬᠥᠮᠦᠨ ᠠᠮᠠ ᠶᠢᠨ ᠲᠤᠭ᠎ᠠ 2354 ᠪᠠᠶᠢᠨ᠎ᠠ᠃ ᠣᠳᠣ ᠪᠠᠶᠢᠭ᠎ᠠ ᠬᠡᠰᠡᠭ ᠲᠤ ᠰᠠᠭᠤᠭ᠎ᠠ ᠨᠢᠭᠡᠴᠡ 1 ︵ᠲᠢᠶᠠᠨ ᠶᠠᠩ ᠪᠠᠷᠠᠭᠠᠨ ᠤ ᠭᠦᠶᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠨ 9 ᠬᠥᠮᠦᠨ᠂ ᠡᠭᠦᠨ ᠳᠤ ᠲᠤᠰᠬᠠᠶ ᠲᠤᠰᠢᠶᠠᠯᠲᠤ ᠨᠡᠶᠢᠭᠡᠮ ᠤᠨ ᠠᠵᠢᠯᠲᠠᠨ 8  ᠬᠦᠮᠤᠨ ᠪᠤᠢ᠃ ᠬᠠᠷᠢᠶᠠᠲᠤ ᠣᠷᠣᠨ ᠳᠤ ᠨᠡᠶᠢᠲᠡ 1 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ︵ᠲᠢᠶᠧ ᠳ᠋ᠦᠩ ᠵᠢᠶᠠ ᠶᠤᠸᠠᠨ︶᠂ 1 ᠲᠠᠩ ᠪᠡᠶᠡᠲᠦ ᠠᠰᠠᠷ ︵ᠴᠠᠭᠳᠠᠭᠠᠨ ᠤ ᠰᠤᠷᠭᠠᠭᠤᠯᠢ ᠶᠢᠨ ᠬᠡᠷ ᠪᠦᠯᠢ ᠶᠢᠨ ᠬᠠᠷᠢᠶᠠᠲᠤ ᠠᠰᠠᠷ︶ ᠪᠣᠶ᠃           ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄  ᠲᠢᠶᠧ ᠳ᠋ᠦᠩ ᠵᠢᠶᠠ ᠶᠤᠸᠠᠨ B ᠲᠣᠭᠤᠷᠢᠭ ᠤᠨ ᠬᠦᠷᠢᠶᠡᠨ ᠳᠣᠲᠣᠷ᠎ᠠ           ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 2300018          3. ᠹᠦ᠋ ᠬᠤᠸᠠ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠹᠦ᠋ ᠬᠤᠸᠠ ᠶᠤᠸᠠᠨ  ᠰᠠᠭᠤᠭᠠᠯᠢ ᠲᠣᠭᠤᠷᠢᠭ ᠤᠨ A  ᠰᠠᠭᠤᠷᠢ  ᠬᠦᠷᠢᠶᠡᠨ ᠳᠤ ᠪᠠᠶᠢᠷᠢᠯᠠᠵᠤ᠂ ᠨᠡᠶᠢᠭᠡᠮ ᠲᠣᠭᠤᠷᠢᠭ ᠤᠨ ᠲᠠᠯᠠᠪᠠᠢ ᠨᠢ 300 ᠲᠡᠭᠰᠢ ᠳᠥᠷᠪᠡᠯᠵᠢᠨ ᠮᠧᠲᠷ᠂ ᠬᠠᠷᠢᠶ᠎ᠠ ᠣᠷᠣᠨ ᠤ ᠲᠠᠯᠠᠪᠠᠢ ᠨᠢ 0.96 ᠲᠡᠭᠰᠢ ᠳᠥᠷᠪᠡᠯᠵᠢᠨ ᠺᠢᠯᠣᠮᠧᠲᠷ᠂ ᠪᠦᠬᠦ ᠡᠷᠦᠬᠡ ᠶᠢᠨ ᠲᠤᠭ᠎ᠠ 2256 ᠡᠷᠦᠬᠡ᠂ ᠪᠦᠬᠦ ᠬᠥᠮᠦᠨ ᠠᠮᠠ 5993 ᠪᠠᠶᠢᠨ᠎ᠠ᠃ ᠣᠳᠣᠬᠠᠨ ᠳᠤ ᠨᠡᠶᠢᠭᠡᠮ ᠤᠨ ᠠᠵᠢᠯᠲᠠᠨ 7 ᠬᠥᠮᠦᠨ᠂ ᠵᠡᠭᠡᠯᠢ ᠭᠤᠳᠤᠮᠵᠢ ᠶᠢᠨ ᠠᠵᠢᠯᠲᠠᠨ 1 ᠬᠥᠮᠦᠨ ᠲᠣᠮᠢᠯᠠᠵᠠᠶ᠃ ᠬᠠᠷᠢᠶ᠎ᠠ ᠣᠷᠣᠨ ᠳᠤ ᠨᠡᠶᠢᠲᠡ 6  ᠰᠠᠭᠤᠭᠠᠯᠢ ᠲᠣᠭᠤᠷᠢᠭ ︵ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ  ᠲᠤᠭᠤᠷᠢᠭ᠂ ᠳ᠋ᠦᠩ ᠹᠠᠩ ᠭᠡᠷ ᠣᠷᠣᠨ ᠤ  ᠰᠠᠭᠤᠭᠠᠯᠢ ᠲᠣᠭᠤᠷᠢᠭ᠂ ᠫᠢᠩ ᠯᠧ ᠶᠤᠸᠠᠨ  ᠰᠠᠭᠤᠭᠠᠯᠢ ᠲᠣᠭᠤᠷᠢᠭ᠂ ᠹᠦ᠋ ᠬᠤᠸᠠ ᠶᠤᠸᠠᠨ  ᠰᠠᠭᠤᠭᠠᠯᠢ ᠲᠣᠭᠤᠷᠢᠭ ᠤᠨ A ᠰᠠᠭᠤᠷᠢ᠂ ᠹᠦ᠋ ᠬᠤᠸᠠ ᠶᠤᠸᠠᠨ  ᠰᠠᠭᠤᠭᠠᠯᠢ ᠲᠣᠭᠤᠷᠢᠭ ᠤᠨ B ᠰᠠᠭᠤᠳᠠᠯ᠂ ᠵᠢᠶᠠ ᠮᠧᠢ  ᠬᠤᠶᠠᠳᠤᠭᠠᠷ ᠬᠤᠭᠤᠴᠠᠭᠠᠨ ᠤ ᠪᠠᠭ᠎ᠠ ᠲᠣᠭᠤᠷᠢᠭ︶᠂ 4 ᠳᠠᠩ ᠪᠡᠶᠡᠲᠦ ᠠᠰᠠᠷ ︵ᠴᠢᠯᠥᠭᠡᠯᠡᠯᠲᠡ ᠶᠡᠭᠡ ᠵᠡᠭᠡᠯᠢ ᠶᠢᠨ 64  ᠳ᠋ᠦ᠋ᠭᠡᠷ ᠳᠠᠩ ᠪᠡᠶᠡᠲᠦ ᠠᠰᠠᠷ᠂ ᠴᠢᠯᠥᠭᠡᠯᠡᠯᠲᠡ ᠶᠡᠭᠡ ᠵᠡᠭᠡᠯᠢ ᠶᠢᠨ 67 ᠳ᠋ᠤᠭᠠᠷ ᠳᠠᠩ ᠪᠡᠶᠡᠲᠦ ᠠᠰᠠᠷ᠂ ᠠᠵᠢᠯᠴᠢᠨ ᠲᠠᠷᠢᠶᠠᠴᠢᠨ ᠤ ᠬᠤᠶᠢᠲᠤ ᠵᠠᠮ ᠤᠨ 15 ᠳ᠋ᠤᠭᠠᠷ ᠨᠣᠮᠧᠷᠲᠤ ᠬᠠᠤᠯᠢ ᠴᠠᠭᠠᠵᠠ ᠶᠢᠨ ᠠᠰᠠᠷ᠂ ᠴᠢᠯᠥᠭᠡᠯᠡᠯᠲᠡ ᠶᠡᠭᠡ ᠵᠡᠭᠡᠯᠢ ᠶᠢᠨ 132 ᠨᠣᠮᠧᠷᠲᠤ ᠳᠠᠩ ᠪᠡᠶᠡᠲᠦ ᠠᠰᠠᠷ︶᠂ 5 ᠬᠡᠰᠡᠭ ᠭᠠᠵᠠᠷ ᠲᠤ ᠰᠠᠭᠤᠭ᠎ᠠ ᠨᠢᠭᠡᠴᠢ ︵ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠪᠦᠳᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠦᠶᠯᠡᠳᠪᠦᠷᠢ ᠬᠤᠳᠠᠯᠳᠤᠭᠠᠨ ᠤ ᠪᠠᠩᠬᠢ᠂  ᠲᠠᠷᠢᠶᠠᠯᠠᠩ ᠬᠤᠳᠠᠯᠳᠤᠭᠠᠨ ᠤ ᠪᠠᠩᠬᠢ︶  ᠪᠤᠢ᠃              ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠴᠢᠯᠦᠭᠡᠯᠡᠯᠲᠡ ᠶᠡᠭᠡ  ᠵᠡᠭᠡᠯᠢ ᠭᠤᠳᠤᠮᠵᠢ ᠶᠢᠨ 61 ᠳ᠋ᠤᠭᠠᠷ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 1  ᠳ᠋ᠦ᠋ᠭᠡᠷ ᠳᠠᠪᠬᠤᠷᠯᠢᠭ               ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8150192           4. ᠳ᠋ᠦᠩ ᠱᠠ ᠾᠧ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠨᠢ ᠳ᠋ᠢᠩ ᠱᠧᠩ ᠨᠡᠶᠢᠲᠡ ᠶᠢᠨ ᠰᠠᠭᠤᠴᠠ ᠶᠢᠨ ᠬᠤᠷᠢᠶᠠᠨ ᠳᠤ ᠪᠠᠶᠢᠷᠢᠯᠠᠵᠤ᠂ ᠨᠡᠶᠢᠭᠡᠮ ᠲᠣᠭᠤᠷᠢᠭ ᠤᠨ ᠲᠠᠯᠠᠪᠠᠶ ᠨᠢ 660 ᠲᠡᠭᠰᠢ ᠳᠥᠷᠪᠡᠯᠵᠢᠨ ᠮᠧᠲᠷ᠂ ᠬᠠᠷᠢᠶ᠎ᠠ ᠣᠷᠣᠨ ᠤ ᠲᠠᠯᠠᠪᠠᠶ ᠨᠢ 0.71 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠲᠣ 8 ᠨᠡᠷ᠎ᠡ ᠨᠡᠶᠢᠭᠡᠮ ᠤᠨ ᠠᠵᠢᠯᠲᠠᠨ᠂ ᠬᠠᠷᠢᠶᠠᠲᠤ ᠣᠷᠣᠨ ᠤ ᠡᠷᠦᠬᠡ 2114᠂ 5563 ᠬᠥᠮᠦᠨ ᠠᠮᠠ ᠲᠠᠢ᠃ ᠣᠲᠣ 5  ᠰᠠᠭᠤᠭᠠᠯᠢ ᠲᠣᠭᠤᠷᠢᠭ ︵ᠳ᠋ᠢᠩ ᠱᠧᠩ ᠨᠡᠶᠢᠲᠡ ᠶᠢᠨ ᠣᠷᠣᠨ ᠰᠠᠭᠤᠴᠠ᠂ ᠹᠦ᠋ ᠵᠢᠩ ᠬᠡᠷ ᠣᠷᠣᠨ᠂ ᠢ ᠵᠢᠩ  ᠨᠠᠷᠡᠲᠤ ᠴᠡᠴᠡᠷᠯᠢᠭ᠂ ᠹᠠᠩ ᠵᠧᠩ ᠬᠤᠶᠢᠲᠤ ᠲᠣᠭᠤᠷᠢᠭ᠂ ᠴᠠᠬᠢᠯᠭᠠᠨ ᠬᠦᠴᠦᠨ ᠤ ᠵᠡᠭᠦᠨ ᠵᠢᠵᠢᠭ ᠲᠣᠭᠤᠷᠢᠭ︶ ᠪᠣᠶ ᠃ ᠲᠠᠩ ᠪᠡᠶᠡᠲᠦ ᠠᠰᠠᠷ ᠤᠨ ᠨᠢᠭᠡ ᠰᠠᠭᠤᠷᠢ ︵ᠴᠠᠪᠠᠤᠯᠢᠭ ᠦᠶᠯᠡᠳᠪᠦᠷᠢ ᠶᠢᠨ ᠲᠠᠩ ᠪᠡᠶᠡᠲᠦ ᠠᠰᠠᠷ︶᠂ ᠬᠠᠷᠢᠶ᠎ᠠ  ᠤᠷᠤᠨ ᠤ ᠬᠡᠰᠡᠭ ᠭᠠᠵᠠᠷ ᠲᠤ ᠰᠠᠭᠤᠭ᠎ᠠ ᠨᠢᠭᠡᠴᠢ 9 ︵ᠤᠯᠠᠭᠠᠨᠴᠠᠪ ᠬᠤᠲᠠ ᠶᠢᠨ ᠷᠠᠳᠢᠣ᠋ ᠲᠧᠯᠸᠢᠰ ᠤᠨ ᠶᠡᠭᠡ  ᠰᠤᠷᠭᠠᠭᠤᠯᠢ᠂ ᠵᠢᠨᠢᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠰᠢᠤᠸᠠᠢ ᠶᠤᠸᠠᠨ  ᠰᠦ ᠶᠢᠨ ᠦᠶᠯᠡᠰ ᠤᠨ ᠬᠢᠵᠠᠭᠠᠷᠲᠤ ᠺᠣᠮᠫᠠᠨᠢ᠂ ᠨᠠᠶᠢᠷᠤᠨ ᠴᠠᠷᠳᠠᠭᠤᠯ ᠤᠨ ᠬᠢᠵᠠᠭᠠᠷᠲᠤ ᠺᠣᠮᠫᠠᠨᠢ᠂ ᠬᠤᠸᠠ ᠵᠢᠶᠧ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠂ ᠯᠦᠩ ᠰᠢᠶᠠᠩ ᠵᠢᠯᠣᠭᠤᠴᠢ ᠶᠢᠨ ᠰᠤᠷᠭᠠᠭᠤᠯᠢ᠂ ᠪᠦᠸᠧᠬᠠᠶ ᠬᠤᠲᠠ ᠶᠢᠨ ᠡᠳ᠋ ᠬᠥᠷᠥᠩᠭᠡ ᠶᠢᠨ ᠳᠠᠭᠠᠳᠬᠠᠯ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠶᠣᠣ ᠯᠢᠶᠠᠨ ᠤ ᠠᠷᠠᠳ ᠤᠨ ᠬᠡᠷᠡᠭᠯᠡᠭᠡᠨ ᠤ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠴᠠᠪ ᠬᠤᠲᠠ ᠶᠢᠨ ᠠᠨ ᠫᠢᠩ ᠠᠵᠢᠯᠯᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶᠃             ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠠᠵᠢᠯᠴᠢᠨ ᠲᠠᠷᠢᠶᠠᠴᠢᠨ ᠵᠠᠮ ᠤᠨ 23 ᠳ᠋ᠤᠭᠠᠷ ᠳ᠋ᠢᠩ ᠱᠧᠩ  ᠨᠡᠶᠢᠲᠡ ᠶᠢᠨ ᠪᠠᠶᠢᠷᠢ ᠶᠢᠨ ᠳᠣᠲᠣᠷ᠎ᠠ             ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8218547             5. ᠹᠦᠰᠢᠨ ᠵᠡᠭᠦᠨ ᠵᠠᠮ ᠤᠨ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠴᠢᠯᠥᠭᠡᠯᠡᠯᠲᠡ ᠶᠡᠭᠡ ᠵᠡᠭᠡᠯᠢ ᠶᠢᠨ 61 ᠳ᠋ᠦ᠋ᠭᠡᠷ ᠨᠣᠮᠧᠷ ︵ᠬᠡᠷᠡᠭ ᠡᠷᠬᠢᠯᠡᠬᠦ ᠭᠠᠵᠠᠷ ᠤᠨ ᠬᠦᠷᠢᠶᠡᠨ ᠤ ᠨᠢᠭᠡᠳᠦᠭᠡᠷ ᠳᠠᠪᠬᠤᠷᠭ᠎ᠠ︶᠎ ᠳᠤ  ᠪᠠᠶᠢᠷᠢᠯᠠᠵᠤ ᠪᠠᠶᠢᠨ᠎ᠠ᠃ ᠨᠡᠶᠢᠭᠡᠮ ᠤᠨ ᠠᠵᠢᠯᠲᠠᠨ ᠤ ᠲᠤᠭ᠎ᠠ 7 ᠬᠥᠮᠦᠨ᠂ ᠬᠠᠷᠢᠶᠠᠲᠤ ᠣᠷᠣᠨ 1113 ᠡᠷᠦᠬᠡ᠂ 2766 ᠬᠥᠮᠦᠨ ᠪᠠᠶᠢᠨ᠎ᠠ᠃ ᠬᠠᠷᠢᠶᠠᠲᠤ ᠣᠷᠣᠨ ᠳᠤ 4 ᠳᠠᠩ ᠪᠡᠶᠡᠲᠦ ᠠᠰᠠᠷ ᠲᠠᠢ᠂ ᠲᠤᠰ ᠲᠤᠰ ᠡᠳ᠋ ᠪᠠᠷᠠᠭ᠎ᠠ ᠶᠢᠨ ᠬᠥᠮᠥᠷᠭᠡ ᠶᠢᠨ ᠳᠠᠩ ᠪᠡᠶᠡᠲᠦ ᠠᠰᠠᠷ ︵3 ᠰᠠᠭᠤᠷᠢ︶᠂ ᠲᠡᠮᠦᠷᠯᠢᠭ ᠤᠨ ᠺᠣᠮᠫᠠᠨᠢ  ᠶᠢᠨ ᠳᠠᠩ ᠪᠡᠶᠡᠲᠦ ᠠᠰᠠᠷ ︵1 ᠰᠠᠭᠤᠷᠢ︶ ᠪᠣᠯᠤᠨ᠎ᠠ᠃ ᠪᠠᠷᠢᠯᠭ᠎ᠠ ᠶᠢᠨ ᠮᠠᠲ᠋ᠧᠷᠢᠶᠠᠯ ᠤᠨ ᠺᠣᠮᠫᠠᠨᠢ ᠶᠢᠨ ᠲᠠᠩ ᠪᠡᠶᠡᠲᠦ ᠠᠰᠠᠷ ︵1 ᠰᠠᠭᠤᠷᠢ︶᠂ ᠴᠢᠯᠠᠭᠤᠨ ᠲᠣᠰᠣᠨ ᠤ ᠺᠣᠮᠫᠠᠨᠢ ᠶᠢᠨ ᠲᠠᠩ ᠪᠡᠶᠡᠲᠦ ᠠᠰᠠᠷ ︵1 ᠰᠠᠭᠤᠷᠢ︶  ᠂ 4 ᠠᠵᠤ ᠠᠬᠤᠶᠢᠯᠠᠯ ︵ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠳ᠋ᠦᠩ ᠯᠠᠶ ᠱᠦᠨ ᠮᠢᠬᠠᠨ ᠤ ᠲᠥᠷᠥᠯ ᠢ ᠡᠳ᠋ᠰᠢᠭᠦᠯᠬᠦ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠵᠥᠩ ᠯᠢᠶᠠᠨ ᠱᠦᠶᠨᠢ ᠶᠢᠨ ᠬᠢᠵᠠᠭᠠᠷᠲᠤ ᠺᠣᠮᠫᠠᠨᠢ ᠶᠢᠨ ᠵᠢᠨᠢᠩ ᠬᠤᠪᠢᠶᠠᠷᠢ ᠺᠣᠮᠫᠠᠨᠢ᠂ ᠵᠢᠦ ᠵᠥᠩ︶ ᠪᠣᠶ᠃            ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠴᠢᠯᠥᠭᠡᠯᠡᠯᠲᠡ ᠶᠡᠭᠡ ᠵᠡᠭᠡᠯᠢ ᠶᠢᠨ 61 ᠳ᠋ᠦ᠋ᠭᠡᠷ ᠨᠣᠮᠧᠷ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠦᠷᠢᠶᠡᠨ ᠤ 1  ᠳ᠋ᠦ᠋ᠭᠡᠷ ᠳᠠᠪᠬᠤᠷᠭ᠎ᠠ             ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8277509             6. ᠵᠢᠶᠠ ᠮᠧᠶ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠨᠢ ᠵᠢᠶᠠ ᠮᠧᠶ ᠪᠠᠭ᠎ᠠ ᠲᠣᠭᠤᠷᠢᠭ ᠤᠨ ᠬᠦᠷᠢᠶᠡᠨ ᠳᠤ ᠪᠠᠶᠢᠷᠢᠯᠠᠵᠤ᠂ ᠨᠡᠶᠢᠭᠡᠮ ᠲᠣᠭᠤᠷᠢᠭ ᠤᠨ ᠲᠠᠯᠠᠪᠠᠢ 608 ᠲᠡᠭᠰᠢ ᠳᠥᠷᠪᠡᠯᠵᠢᠨ ᠮᠧᠲᠷ ᠪᠠᠶᠢᠵᠤ᠂ ᠬᠠᠷᠢᠶ᠎ᠠ ᠣᠷᠣᠨ ᠤ ᠶᠡᠷᠦᠩᠬᠡᠶ ᠲᠠᠯᠠᠪᠠᠢ ᠨᠢ 0.6 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠡᠷᠦᠬᠡ ᠶᠢᠨ ᠲᠤᠭ᠎ᠠ 3198 ᠡᠷᠦᠬᠡ᠂ ᠪᠥᠬᠦ ᠬᠥᠮᠦᠨ ᠠᠮᠠ ᠶᠢᠨ ᠲᠤᠭ᠎ᠠ 8267 ᠬᠥᠮᠦᠨ ᠪᠠᠶᠢᠨ᠎ᠠ᠃ ᠨᠡᠶᠢᠭᠡᠮ ᠲᠣᠭᠤᠷᠢᠭ ᠲᠤ ᠣᠳᠣ 11 ᠠᠵᠢᠯᠲᠠᠨ ᠲᠠᠢ᠂ ᠺᠢᠨᠣ᠋ ᠳᠤ ᠰᠠᠭᠤᠭ᠎ᠠ ᠨᠢᠭᠡᠴᠢ 1 ︵ᠲᠠᠪᠤᠳᠤᠭᠠᠷ ᠬᠡᠤᠬᠡᠳ ᠤᠨ ᠴᠡᠴᠡᠷᠯᠢᠭ︶᠂ ᠬᠠᠷᠢᠶᠠᠲᠤ ᠣᠷᠣᠨ ᠳᠤ ᠨᠡᠶᠢᠲᠡ 7 ᠵᠢᠵᠢᠭ ᠲᠣᠭᠤᠷᠢᠭ ︵ᠵᠢᠶᠠ ᠮᠧᠶ ᠪᠠᠭ᠎ᠠ ᠲᠣᠭᠤᠷᠢᠭ᠂ ᠵᠢᠶ ᠰᠢᠶᠠᠩ ᠶᠤᠸᠠᠨ 1᠎ ᠠᠴᠠ ᠭᠤᠷᠪᠠᠳᠤᠭᠠᠷ ᠬᠤᠭᠤᠴᠠᠭ᠎ᠠ᠂ ᠹᠠᠩ ᠵᠧᠩ ᠺᠠᠩ ᠴᠧᠩ᠂ ᠲᠠᠷᠢᠶᠠᠯᠠᠩ ᠤᠨ ᠪᠠᠩᠬᠢ ᠶᠢᠨ ᠨᠡᠶᠢᠲᠡ ᠶᠢᠨ ᠪᠠᠶᠢᠷᠢ᠂ ᠬᠠᠤᠯᠢ ᠴᠠᠭᠠᠵᠠ ᠶᠢᠨ  ᠨᠡᠶᠢᠲᠡ ᠶᠢᠨ ᠪᠠᠶᠢᠷᠢ︶ ᠪᠣᠶ᠃           ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠴᠢᠯᠥᠭᠡᠯᠡᠯᠲᠡ ᠵᠠᠮ ᠤᠨ 128 ᠳ᠋ᠤᠭᠠᠷ ᠨᠣᠮᠧᠷᠲᠤ ᠵᠢᠶᠠ ᠮᠧᠶ   ᠴᠡᠴᠡᠷᠯᠢᠭ ᠲᠣᠭᠤᠷᠢᠭ ᠤᠨ ᠬᠦᠷᠢᠶᠡᠨ ᠳᠤ           ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8303922           7. ᠡᠦ ᠯᠦ ᠨᠡᠶᠢᠭᠡᠮ ᠲᠣᠭᠤᠷᠢᠭ᠄ ᠨᠡᠶᠢᠭᠡᠮ ᠲᠣᠭᠤᠷᠢᠭ ᠬᠤᠸᠠ ᠨᠢᠩ ᠢᠯᠴᠢ ᠴᠠᠬᠢᠯᠭᠠᠨ ᠤ ᠡᠮᠦᠨ᠎ᠡ ᠂  ᠵᠡᠭᠦᠨᠰᠢ 208 ᠰᠠᠯᠪᠤᠷᠢ ᠱᠤᠭᠤᠮ ᠬᠦᠷᠦᠨ᠎ᠡ᠃ ᠬᠠᠷᠢᠶ᠎ᠠ ᠣᠷᠣᠨ ᠤ ᠲᠠᠯᠠᠪᠠᠢ ᠨᠢ 1.4 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠨᠡᠶᠢᠭᠡᠮ ᠤᠨ ᠠᠵᠢᠯᠲᠠᠨ ᠤ ᠲᠤᠭ᠎ᠠ ᠨᠢ 5 ᠬᠥᠮᠦᠨ ᠪᠠᠶᠢᠵᠤ᠂ ᠬᠠᠷᠢᠶ᠎ᠠ ᠣᠷᠣᠨ ᠤ ᠪᠦᠬᠦ ᠡᠷᠦᠬᠡ ᠶᠢᠨ ᠲᠤᠭ᠎ᠠ 530 ᠡᠷᠦᠬᠡ᠂ ᠪᠦᠬᠦ ᠬᠥᠮᠦᠨ ᠠᠮᠠ 1287 ᠪᠠᠶᠢᠨ᠎ᠠ᠃ ᠬᠠᠷᠢᠶᠠᠲᠤ ᠣᠷᠣᠨ ᠤ ᠳᠣᠣᠷ᠎ᠠ ᠡᠦ ᠵᠢᠶᠠ ᠲᠣᠰᠬᠤᠨ᠂ ᠯᠦ ᠵᠢᠶᠠ ᠪᠠ ᠬᠤᠶᠠᠷ ᠲᠣᠣᠷᠯᠢᠭ ᠪᠠᠶᠢᠭᠤᠯᠵᠠᠢ᠃ ᠰᠠᠭᠤᠭ᠎ᠠ  ᠨᠢᠭᠡᠴᠡ 1 ︵ᠬᠠᠶ ᠯᠢ ᠡᠯᠧᠺᠲᠷᠣᠨ ᠪᠦᠯᠦᠭᠯᠡᠯ︶ ᠪᠣᠶ᠃          ᠨᠡᠶᠢᠭᠡᠮ ᠲᠣᠭᠤᠷᠢᠭ ᠤᠨ ᠬᠠᠷᠢᠯᠴᠠᠬᠤ ᠬᠠᠶ᠋ᠢᠭ᠄ ᠶᠤᠸᠠᠨ ᠡᠤ ᠵᠢᠶᠠ ᠲᠣᠰᠬᠤᠨ ᠤ ᠪᠠᠭ᠎ᠠ ᠰᠤᠷᠭᠠᠭᠤᠯᠢ ᠶᠢᠨ  ᠬᠦᠷᠢᠶᠡᠨ ᠳᠣᠲᠣᠷ᠎ᠠ          ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ᠄ 0474 — 8386156          ᠣᠨᠴᠠᠯᠢᠭᠲᠤ ᠠᠵᠢᠯ ᠶᠢᠨ ᠣᠶᠢᠯᠠᠭᠠᠭᠳᠠᠬᠤᠨ          ᠴᠠᠩ ᠴᠢᠩ ᠵᠡᠭᠡᠯᠢ ᠭᠤᠳᠤᠮᠵᠢ ᠨᠢ ︽ᠨᠢᠭᠡ ᠣᠷᠣᠨ ᠰᠠᠭᠤᠴᠠ ᠨᠢᠭᠡ ᠦᠢᠯᠡᠳᠬᠦᠨ︾᠎ ᠤ ᠰᠢᠨ᠎ᠡ ᠮᠠᠶ᠋ᠢᠭ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂  ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠰᠡᠳᠬᠢᠮᠵᠢ᠂ ᠴᠢᠳᠠᠮᠵᠢ ᠶᠢᠨ ᠲᠣᠬᠢᠷᠠᠭᠤᠯᠤᠯᠲᠠ᠂ ᠪᠠᠶᠢᠭᠤᠯᠤᠯ ᠲᠣᠭᠲᠠᠴᠠ ᠵᠡᠷᠭᠡ ᠲᠠᠯ᠎ᠠ ᠪᠠᠷ ᠰᠢᠨ᠎ᠡ ᠶᠢ ᠡᠭᠦᠳᠦᠨ᠎ᠡ᠃  ᠴᠤ᠋ ᠰᠢᠨ᠎ᠡ ᠨᠡᠶᠢᠭᠡᠮ ᠲᠣᠭᠤᠷᠢᠭ ᠤᠨ ᠨᠡᠷᠡᠲᠦ ᠲᠡᠮᠳᠡᠭ ᠢ ᠡᠭᠦᠳᠦᠨ᠎ᠡ᠃ ︽ᠠᠵᠤ ᠦᠶᠯᠡᠳᠪᠦᠷᠢᠵᠢᠭᠦᠯᠦᠯᠲᠡ ᠨᠢᠭᠡ ᠪᠠᠬᠢᠯᠡᠯᠲᠡ︾ ᠪᠠ ︽ᠵᠢᠷᠭᠤᠭ᠎ᠠ Q᠎ ᠪᠠᠷ  ᠵᠢᠷᠭᠤᠭᠠᠨ ᠴᠡᠴᠡᠷᠯᠢᠭ ᠢ ᠲᠦᠯᠬᠢᠨ ᠠᠬᠢᠭᠤᠯᠬᠤ︾ ᠣᠨᠴᠠᠯᠢᠭᠲᠤ ᠨᠡᠶᠢᠭᠡᠮ ᠲᠣᠭᠤᠷᠢᠭ ᠤᠨ ᠣᠶᠢᠯᠠᠭᠠᠭᠳᠠᠬᠤᠨ ᠢ ᠦᠷᠭᠦᠯᠵᠢᠯᠡᠨ ᠰᠠᠶᠢᠲᠤᠷ ᠬᠢᠵᠦ᠂ ︽3166︾ ᠬᠠᠮᠢᠶᠠᠷᠤᠯᠲᠠ ᠦᠢᠯᠡᠴᠢᠯᠡᠭᠡᠨ ᠤ ᠰᠢᠨ᠎ᠡ ᠵᠠᠭᠪᠤᠷ  ᠢ ᠡᠭᠦᠳᠴᠦ᠂ ︽ᠨᠢᠭᠡ ᠲᠡᠩᠭᠡᠯᠢᠭ ᠬᠤᠶᠠᠷ ᠡᠭᠡᠯᠵᠢ ᠭᠤᠷᠪᠠᠨ ᠬᠠᠷᠠᠯᠲᠠ︾ ᠪᠠ ︽ᠶᠢᠰᠦᠨ ᠶᠡᠭᠡ ᠠᠵᠢᠯᠯᠠᠭ᠎ᠠ︾᠎ ᠶᠢᠨ ᠠᠵᠢᠯ ᠤᠨ ᠣᠨᠣᠯᠵᠢᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠲᠡᠩᠭᠡᠯᠢᠭ ᠪᠣᠯᠭᠠᠬᠤ ᠬᠡᠷᠡᠭᠲᠡᠶ᠃ ᠠᠷᠠᠳ ᠤᠨ ᠠᠮᠢᠳᠤᠷᠠᠯ᠂ ᠲᠣᠭᠲᠠᠭᠤᠨ ᠢᠶᠠᠷ ᠰᠠᠭᠤᠷᠢ ᠪᠣᠯᠭᠠᠭᠰᠠᠨ᠂ ᠵᠣᠯ ᠵᠢᠷᠭᠠᠯ ᠲᠠᠢ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠪᠠᠷ ᠬᠠᠷᠠᠯᠲᠠ ᠪᠣᠯᠭᠠᠭᠰᠠᠨ ᠰᠢᠨ᠎ᠡ ᠮᠠᠶ᠋ᠢᠭ ᠤᠨ ᠨᠡᠶᠢᠭᠡᠮ ᠲᠣᠭᠤᠷᠢᠭ ᠪᠤᠯᠤᠨ᠎ᠠ᠃        ᠨᠠᠮ ᠤᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠬᠠᠮᠢᠶᠠᠷᠤᠯᠲᠠ ︽ᠭᠤᠷᠮᠤᠰᠤᠨ  ᠴᠣᠭᠴᠠ︾ ᠰᠦᠯᠵᠢᠶᠡᠵᠢᠭᠰᠡᠨ ᠨᠡᠶᠢᠭᠡᠮ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ᠂ ᠬᠠᠮᠢᠶᠠᠷᠤᠯᠲᠠ ᠶᠢ ᠰᠦᠯᠵᠢᠶᠡᠵᠢᠭᠦᠯᠬᠦ᠂ ᠠᠵᠢᠯ ᠢ ᠣᠯᠠᠨ  ᠲᠦᠮᠡᠨᠴᠢᠯᠡᠬᠦ᠂ ᠦᠶᠯᠡᠴᠢᠯᠡᠭᠡᠨ ᠢ ᠨᠡᠶᠢᠭᠡᠮᠴᠢᠯᠡᠬᠦ ᠶᠢ ᠪᠡᠶᠡᠯᠡᠭᠦᠯᠵᠦ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠴᠢᠨᠠᠷ  ᠰᠠᠶᠢᠲᠣᠷ ᠥᠨᠳᠥᠷ ᠦᠷ᠎ᠡ ᠪᠦᠲᠦᠮᠵᠢᠲᠡᠶ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ  ᠰᠢᠰᠲ᠋ᠧᠮ ᠶᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃          ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠯᠴᠠᠬᠤ ᠬᠠᠶ᠋ᠢᠭ᠄ ᠵᠢᠨᠢᠩ ᠲᠣᠭᠤᠷᠢᠭ ᠤᠨ  ᠴᠢᠯᠤᠭᠡᠯᠡᠬᠦ ᠶᠡᠭᠡ ᠵᠡᠭᠡᠯᠢ ᠶᠢᠨ 61  ᠳ᠋ᠦ᠋ᠭᠡᠷ ᠨᠣᠮᠧᠷ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ           ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠯᠴᠠᠬᠤ ᠤᠲᠠᠰᠤ᠄ 0474 — 8284998
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2