ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ
ᠨᠡᠶᠢᠲᠡᠯᠡᠭᠰᠡᠨ ᠴᠠᠭ᠄
2020/11/13
                 ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠵᠢᠨᠢᠩ ᠲᠣᠭᠤᠷᠢᠭ ᠤᠨ ᠰᠢᠨ᠎ᠡ ᠬᠠᠭᠤᠴᠢᠨ ᠲᠣᠭᠤᠷᠢᠭ ᠤᠨ ᠠᠭᠤᠯᠵᠠᠷ ᠬᠡᠰᠡᠭ ᠲᠤ ᠪᠠᠶᠢᠷᠢᠯᠠᠨ᠎ᠠ᠃ ᠨᠥᠬᠦᠷᠯᠡᠯ ᠶᠡᠭᠡ ᠵᠡᠭᠡᠯᠢ ᠶᠢᠨ 4  ᠳ᠋ᠦ᠋ᠭᠡᠷ ᠨᠣᠮᠧᠷ ᠲᠤ᠂ ᠬᠠᠷᠢᠶᠠᠲᠤ ᠣᠷᠣᠨ ᠤ ᠶᠡᠷᠦᠩᠬᠡᠶ ᠲᠠᠯᠠᠪᠠᠢ ᠨᠢ 10.33 ᠲᠡᠭᠰᠢ ᠳᠥᠷᠪᠡᠯᠵᠢᠨ ᠺᠢᠯᠣᠮᠧᠲᠷ᠂ ᠵᠡᠭᠦᠨᠰᠢ ᠪᠠᠨ ᠢ ᠪᠢᠩ ᠭᠸᠦ᠂ ᠡᠮᠦᠨᠡᠰᠢ 110 ᠤᠯᠤᠰ ᠎ ᠤᠨ ᠵᠠᠮ᠂ ᠪᠠᠷᠠᠭᠤᠨᠰᠢ ᠠᠮᠢ ᠠᠬᠤᠶ ᠶᠢᠨ ᠶᠡᠭᠡ ᠵᠠᠮ᠂ ᠤᠮᠠᠷᠠᠰᠢ ᠱᠠ ᠾᠧ ᠰᠤᠪᠠᠭ ᠬᠦᠷᠲᠡᠯ᠎ᠡ᠂ ᠪᠥᠬᠦ ᠡᠷᠦᠬᠡ ᠶᠢᠨ ᠲᠤᠭ᠎ᠠ 26040 ᠡᠷᠦᠬᠡ᠂ ᠪᠥᠬᠦ ᠬᠥᠮᠦᠨ ᠠᠮᠠ ᠨᠢ 70300 ᠬᠥᠮᠦᠨ ᠂ ᠰᠠᠭᠤᠭ ᠎ᠠ ᠨᠢᠭᠡᠴᠡ 46 ᠪᠠᠶᠢᠨ᠎ᠠ᠃ ᠨᠠᠮ ᠤᠨ ᠠᠵᠢᠯᠯᠠᠬᠤ ᠬᠤᠷᠢᠶ᠎ᠠ ᠶᠢᠨ ᠳᠣᠤᠷ᠎ᠠ 13 ᠨᠠᠮ ᠤᠨ ᠡᠭᠦᠷ ᠪᠠᠶᠢᠭᠤᠯᠵᠤ᠂ ᠡᠭᠦᠨ ᠤ ᠳᠣᠲᠣᠷ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ 12 ᠪᠤᠶ᠃ ᠪᠠᠶᠢᠭᠤᠯᠭ᠎ᠠ ᠶᠢᠨ ᠨᠠᠮ ᠤᠨ ᠡᠭᠦᠷ 1᠂ ᠨᠡᠶᠢᠲᠡ 423 ᠨᠠᠮ ᠤᠨ ᠭᠡᠰᠢᠭᠦᠨ᠂ 56 ᠨᠡᠭᠦᠳᠡᠯ ᠨᠠᠮ ᠤᠨ ᠭᠡᠰᠢᠭᠦᠨ  ᠪᠠᠶᠢᠨ᠎ᠠ᠃ ᠬᠡᠷᠡᠭ ᠡᠷᠬᠢᠯᠡᠬᠦ ᠭᠠᠵᠠᠷ ᠤᠨ ᠳᠣᠤᠷ᠎ᠠ ᠨᠢ ᠨᠠᠮ ᠵᠠᠰᠠᠭ ᠤᠨ ᠠᠯᠪᠠᠨ ᠭᠡᠷ᠂ ᠡᠷᠡᠭᠦᠯ ᠬᠠᠮᠠᠭᠠᠯᠠᠯ ᠶᠢᠨ ᠠᠯᠪᠠᠨ ᠭᠡᠷ᠂ ᠠᠷᠠᠳ ᠤᠨ ᠶᠠᠪᠤᠳᠠᠯ ᠤᠨ ᠭᠠᠵᠠᠷ᠂ ᠶᠡᠷᠦᠩᠬᠡᠶᠢᠯᠡᠨ ᠵᠠᠰᠠᠬᠤ ᠠᠯᠪᠠᠨ ᠭᠡᠷ᠂ ᠨᠢᠭᠡᠳᠦᠯ  ᠪᠦᠳᠦᠭᠡᠨ ᠪᠠᠶᠢᠭᠤᠯᠤᠯᠲᠠ ᠶᠢᠨ ᠠᠯᠪᠠᠨ ᠭᠡᠷ  ᠪᠠᠶᠢᠭᠤᠯᠪᠠ᠃          ᠤᠶᠢᠷ᠎ᠠ ᠶᠢᠨ ᠵᠢᠯ ᠤᠨ ᠲᠤᠷᠰᠢ᠂   ᠬᠤ᠋ ᠱᠠᠨ ᠵᠡᠭᠡᠯᠢ ᠭᠤᠳᠤᠮᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠭᠰᠣᠯᠲᠠ ᠳᠡᠭᠡᠷ᠎ᠡ ᠤᠬᠠᠮᠰᠠᠷ ᠠᠴᠠ ᠪᠠᠨ ᠪᠠᠲᠤ ᠵᠣᠭᠰᠣᠵᠤ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ︽ᠣᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠯ᠎ᠡ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ  ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠠᠷᠠᠳ ᠲᠤ ᠦᠶᠯᠡᠴᠢᠯᠡᠬᠦ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢ ᠥᠨᠳᠥᠷ ᠪᠠᠷᠢᠮᠵᠢᠶ᠎ᠠ᠂  ᠴᠢᠩᠭ᠎ᠠ ᠱᠠᠭᠠᠷᠳᠠᠵᠤ᠂ ᠨᠡᠶᠢᠭᠡᠮ ᠲᠣᠭᠤᠷᠢᠭ ᠤᠨ ᠨᠠᠮ ᠤᠨ  ᠵᠣᠬᠢᠶᠠᠨ ᠪᠠᠶᠢᠭᠤᠯᠤᠯᠲᠠ ᠶᠢᠨ ᠭᠤᠤᠯᠯᠠᠭᠴᠢ ᠶᠢᠨ ᠳᠠᠭᠠᠭᠤᠯᠭ᠎ᠠ ᠪᠣᠯᠤᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠲᠠᠰᠤᠷᠠᠯᠲᠠ ᠦᠭᠡᠢ  ᠴᠢᠩᠭᠠᠳᠬᠠᠵᠠᠢ᠃ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ᠂ ᠵᠣᠬᠢᠶᠠᠨ ᠪᠠᠶᠢᠭᠤᠯᠤᠯᠲᠠ᠂ ᠬᠥᠲᠥᠯᠥᠨ ᠳᠠᠭᠠᠭᠤᠯᠬᠤ ᠬᠦᠴᠦᠨ ᠢ ᠳᠡᠭᠡᠭᠰᠢᠯᠡᠭᠦᠯᠦᠨ᠎ᠡ᠃         ᠠᠵᠢᠯ ᠤᠨ ᠳᠤᠮᠳᠠ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ +᠂ ︽4 + N︾ ᠨᠡᠶᠢᠭᠡᠮ ᠲᠣᠭᠤᠷᠢᠭ ᠤᠨ ᠵᠥᠪᠳᠡᠯᠴᠡᠨ ᠵᠠᠰᠠᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠨᠠᠪᠴᠢᠭᠦᠯᠥᠨ᠂ ᠰᠠᠶᠢᠨ ᠳᠤᠷᠠᠴᠤᠳ ᠤᠨ ᠡᠩᠨᠡᠭᠡ ᠶᠢ ᠪᠤᠶᠢᠵᠢᠭᠤᠯᠬᠤ ᠵᠢᠴᠢ ᠡᠬᠢ ᠪᠠᠶᠠᠯᠢᠭ᠂ ᠬᠡᠷᠡᠭᠴᠡᠭᠡ ᠱᠠᠭᠠᠷᠳᠠᠯᠭ᠎ᠠ ᠪᠠ ᠲᠥᠷᠥᠯ ᠵᠦᠶᠯ ᠤᠨ ︽ᠭᠤᠷᠪᠠᠨ ᠲᠣᠳᠣᠷᠬᠠᠶ ᠬᠠᠭᠤᠳᠠᠰᠤ︾᠎ ᠶᠢ ᠪᠠᠶᠢᠭᠤᠯᠬᠤ ᠶᠢ ᠢᠳᠡᠪᠬᠢᠲᠡᠶ ᠪᠠᠷ ᠰᠦᠪᠡᠭᠴᠢᠯᠡᠨ  ᠳᠡᠯᠭᠡᠷᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠴᠢᠷᠮᠠᠶᠢᠨ᠎ᠠ᠃ ᠲᠠᠰᠤᠷᠠᠯᠲᠠ ᠦᠭᠡᠢ ᠨᠠᠷᠢᠯᠢᠭᠵᠢᠭᠤᠯᠵᠤ᠂ ᠪᠣᠳᠠᠲᠠᠶᠢᠵᠢᠭᠤᠯᠵᠤ᠂ ᠦᠢᠯᠡᠴᠢᠯᠡᠭᠡᠨ ᠤ ᠠᠭᠤᠯᠭ᠎ᠠ ᠪᠠᠨ  ᠭᠦᠨᠵᠡᠭᠡᠶᠢᠷᠡᠭᠦᠯᠵᠦ᠂ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ᠬᠠᠮᠤᠭ ᠰᠡᠭᠦᠯᠴᠢ ᠶᠢᠨ ᠨᠢᠭᠡ ᠺᠢᠯᠣᠮᠧᠲᠷ ᠤᠨ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂   ᠬᠤ᠋ ᠱᠠᠨ ᠤ ᠠᠷᠠᠳ ᠣᠯᠠᠨ ᠤ ᠲᠣᠮᠣ ᠲᠠᠪᠴᠠᠩ᠂ ᠨᠡᠶᠢᠭᠡᠮ ᠲᠣᠭᠤᠷᠢᠭ ᠤᠨ ᠤᠷᠠᠯᠢᠭ ᠤᠨ ᠨᠠᠶᠢᠷ᠂ ᠠᠷᠠᠳ ᠤᠨ ᠰᠣᠶᠣᠯ ᠤᠨ ᠬᠦᠷᠢᠶᠡᠯᠡᠩ ᠵᠡᠷᠭᠡ ᠣᠯᠠᠨ  ᠬᠤ᠋ ᠱᠠᠨ ᠤ ᠣᠨᠴᠠᠯᠢᠭᠲᠤ ᠠᠵᠢᠯᠯᠠᠭᠠᠨ ᠤ ᠠᠴᠢᠶᠠᠯᠠᠪᠤᠷᠢ ᠶᠢ ᠪᠦᠷᠢᠯᠳᠦᠭᠦᠯᠵᠡᠶ᠃ ᠲᠠᠯ᠎ᠠ ᠨᠤᠲᠤᠭ ᠤᠨ ᠡᠵᠢ ᠶᠢᠨ ᠪᠥᠵᠢᠭᠴᠢᠨ ᠤ ᠠᠩᠭᠢ᠂ ᠸᠠᠩ ᠬᠥᠩ ᠤᠷᠠᠯᠢᠭ ᠤᠨ ᠪᠦᠯᠬᠦᠮ᠂ ᠰᠢᠶᠠ ᠮᠠᠨ ᠤ ᠨᠠᠶᠢᠷᠠᠯ ᠳᠠᠭᠤᠤ ᠶᠢᠨ ᠪᠦᠯᠬᠦᠮ᠂ ᠲᠠᠯ᠎ᠠ ᠨᠤᠲᠤᠭ ᠤᠨ ᠨᠠᠶᠢᠷᠠᠯ ᠳᠠᠭᠤᠤ ᠶᠢᠨ ᠪᠦᠯᠬᠦᠮ᠂ ᠪᠠᠶ ᠯᠢᠩ ᠰᠢᠪᠠᠭᠤ ᠡᠭᠡᠴᠢ ᠳᠡᠭᠦᠤ ᠶᠢᠨ ᠪᠥᠵᠢᠭ ᠤᠨ ᠠᠩᠭᠢ ᠵᠡᠷᠭᠡ ᠠᠷᠪᠠ ᠭᠠᠷᠤᠶ ᠣᠯᠠᠨ ᠲᠦᠮᠡᠨ ᠤ ᠤᠳᠬ᠎ᠠ ᠤᠷᠠᠯᠢᠭ ᠤᠨ ᠡᠩᠨᠡᠭᠡ ᠶᠢ ᠪᠤᠶᠢᠵᠢᠭᠤᠯᠤᠨ ᠪᠦᠷᠢᠯᠳᠦᠭᠦᠯᠵᠡᠶ᠃ ᠤᠯᠠᠭᠠᠨᠴᠠᠪ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠠᠬᠢᠭᠤᠯᠬᠤ ᠡᠪᠯᠡᠯ᠂ ᠤᠯᠠᠭᠠᠨᠴᠠᠪ ᠬᠤᠲᠠ ᠶᠢᠨ ᠰᠡᠳᠭᠢᠴᠡ ᠶᠢᠨ ᠡᠷᠡᠭᠦᠯ ᠬᠠᠮᠠᠭᠠᠯᠠᠯ ᠤᠨ ᠨᠡᠶᠢᠭᠡᠮᠯᠢᠭ ᠵᠡᠷᠭᠡ ᠨᠡᠶᠢᠭᠡᠮ ᠤᠨ ᠰᠠᠶᠢᠨ ᠳᠤᠷ᠎ᠠ ᠶᠢᠨ ᠵᠣᠬᠢᠶᠠᠨ   ᠪᠠᠶᠢᠭᠤᠯᠤᠯᠲᠠ᠂ ᠬᠠᠷᠢᠶ᠎ᠠ ᠣᠷᠣᠨ ᠤ ᠰᠠᠭᠤᠭᠠᠯᠢ ᠠᠷᠠᠳ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠮᠢᠳᠤᠷᠠᠯ ᠢᠶᠠᠨ ᠬᠠᠶᠢᠷᠠᠯᠠᠬᠤ ᠡᠶ᠎ᠡ ᠵᠣᠬᠢᠴᠠᠯ ᠲᠠᠢ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠳᠴᠤ ᠪᠠᠶᠢᠨ᠎ᠠ᠃           ᠤᠶᠢᠷ᠎ᠠ ᠶᠢᠨ ᠵᠢᠯ ᠳᠤ᠂ ᠬᠤ᠋ ᠱᠠᠨ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠷᠢᠳ ᠬᠤᠵᠢᠳ ᠪᠦᠬᠦ ᠤᠯᠤᠰ ᠤᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ  ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂  ᠤᠯᠤᠰ ᠎ ᠤᠨ ᠭᠠᠵᠢᠭᠤ ᠨᠣᠮᠯᠠᠯ ᠦᠭᠡᠢ  ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠡᠪᠯᠡᠯ ᠤᠨ ᠡᠭᠦᠷ᠂ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾᠂ ᠥᠪᠡᠷᠲᠡᠭᠡᠨ ᠵᠠᠰᠠᠬᠤ ᠣᠷᠣᠨ ᠤ ᠤᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠵᠢᠴᠢ ᠬᠤᠳᠠ᠂ ᠲᠣᠭᠤᠷᠢᠭ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠪᠡ᠃                            ᠬᠤ᠋ ᠱᠠᠨ ᠵᠡᠭᠡᠯᠢ ᠭᠤᠳᠤᠮᠵᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠤᠨ ᠬᠠᠷᠢᠯᠴᠠᠬᠤ ᠤᠲᠠᠰᠤ᠄ 0474 — 8188260
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2