ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/11/13
                 ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠡᠭᠦᠷᠭᠡ  ᠬᠠᠷᠢᠭᠤᠴᠠᠯᠭ᠎ᠠ ᠪᠣᠯ᠄            ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠤᠨ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ  ᠢ ᠪᠤᠢ ᠪᠣᠯᠭᠠᠬᠤ ᠬᠡᠷᠡᠭᠲᠡᠶ᠃            ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠣᠯᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠡ ᠵᠢᠴᠢ ᠡᠷᠬᠡ ᠣᠯᠭᠤᠭᠰᠠᠨ ᠬᠡᠪᠴᠢᠶᠡᠨ ᠳᠤᠤᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃          ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ  ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠶᠳᠪᠦᠷᠢᠯᠡᠵᠦ ᠰᠢᠮᠳᠠᠭᠤᠯᠤᠨ ᠰᠢᠶᠳᠪᠦᠷᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ  ᠠᠵᠢᠯᠠᠯᠭ᠎ᠠ ᠶᠢ ᠵᠢᠷᠤᠮᠵᠢᠭᠤᠯᠤᠨ᠎ᠠ᠃             ︵ᠳᠦᠷᠪᠡ︶ ᠳᠡᠭᠡᠷ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ ᠬᠤᠯᠪᠣᠭᠳᠠᠯ ᠪᠦᠬᠦᠢ ᠪᠠᠶᠢᠴᠠᠭᠠᠯᠲᠠ ᠶᠢ ᠡᠭᠦᠷᠭᠡᠯᠡᠨ᠎ᠡ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃              ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠶᠯᠡᠴᠢᠯᠡᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠶᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ ᠪᠤᠰᠤ ᠥᠷᠢᠰᠥᠯᠳᠦᠭᠡᠨ  ᠬᠢᠬᠦ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ  ᠪᠠᠶᠢᠴᠠᠭᠠᠨ ᠰᠢᠶᠳᠪᠦᠷᠢᠯᠡᠨ᠎ᠡ᠃ ᠵᠠᠷ ᠤᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠤᠨ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠥᠬᠡᠶ ᠪᠠᠷ ᠦᠶᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠥᠬᠦᠶ ᠦᠨᠡᠮᠯᠡᠯ ᠥᠬᠡᠶ ᠪᠠᠷ ᠦᠶᠯᠡᠳᠪᠦᠷᠢᠯᠡᠵᠦ ᠡᠵᠡᠩᠨᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠵᠢᠨᠢᠩ ᠲᠣᠭᠤᠷᠢᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃         ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ  ᠬᠡᠷᠡᠭᠵᠢᠭᠦᠯᠬᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠡᠷᠡᠭᠯᠡᠯᠲᠡ ᠶᠢ  ᠨᠢᠭᠡᠳᠣᠯᠳᠠᠢ ᠲᠥᠯᠥᠪᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ  ᠶᠠᠰᠣ ᠴᠢᠨᠠᠷ  ᠢ ᠬᠢᠨᠠᠨ ᠬᠠᠮᠢᠶᠠᠷᠬᠤ ᠳᠦᠷᠢᠮ  ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠪᠠᠶᠢᠴᠠᠭᠠᠯᠲᠠ ᠶᠢ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠵᠣᠬᠢᠶᠠᠨ ᠪᠠᠶᠢᠭᠤᠯᠵᠤ᠂  ᠪᠠᠷᠢᠮᠵᠢᠶ᠎ᠡ  ᠎ ᠳᠤ  ᠨᠡᠶᠢᠴᠡᠬᠦ  ᠦᠭᠡᠢ ᠦᠶᠯᠡᠳᠬᠦᠨ ᠢ ᠡᠭᠡᠭᠦᠯᠦᠨ ᠠᠪᠴᠢᠷᠠᠬᠤ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠦᠶᠯᠡᠳᠬᠦᠨ ᠤ  ᠬᠠᠭᠤᠷᠮᠠᠭ ᠡᠳ᠋ ᠢ ᠰᠡᠷᠭᠡᠶᠢᠯᠡᠬᠦ ᠠᠵᠢᠯ ᠢ ᠬᠢᠨᠠᠵᠤ ᠬᠠᠮᠢᠶᠠᠷᠤᠨ᠎ᠠ᠃        ︵ᠳᠣᠯᠤᠭ᠎ᠠ︶ ᠦᠶᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠤᠨ᠎ᠠ᠃ ᠵᠢᠨᠢᠩ ᠲᠣᠭᠤᠷᠢᠭ ᠤᠨ ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ  ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠳᠦᠷᠢᠮ  ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠶᠯᠡᠳᠪᠦᠷᠢ ᠶᠢᠨ ᠦᠶᠯᠡᠳᠬᠦᠨ ᠤ ᠦᠶᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠵᠢᠯ ᠢ  ᠬᠠᠷᠢᠭᠤᠴᠠᠨ᠎ᠠ᠃       ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ ᠲᠣᠨᠤᠭ ᠲᠦᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃         ︵ᠶᠢᠰᠦ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠳᠦᠷᠢᠮ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ  ᠢ  ᠨᠡᠶᠢᠲᠡᠪᠣᠷᠢᠵᠢᠭᠤᠯᠣᠨ᠎ᠠ᠃ ᠵᠢᠨᠢᠩ ᠲᠣᠭᠤᠷᠢᠭ ᠤᠨ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃         ︵ᠠᠷᠪᠠ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ  ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠶᠯᠡᠳᠪᠦᠷᠢᠯᠡᠵᠦ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠰᠢᠨᠵᠢᠬᠦ᠂ ᠬᠢᠨᠠᠨ ᠪᠠᠶᠢᠴᠠᠭᠠᠵᠤ ᠰᠢᠶᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠶ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠠᠷᠪᠠᠨ ᠨᠢᠭᠡ︶ ᠵᠢᠨᠢᠩ ᠲᠣᠭᠤᠷᠢᠭ ᠤᠨ ᠬᠡᠮᠵᠢᠯᠲᠡ ᠶᠢᠨ ᠠᠵᠢᠯ ᠢ ᠬᠠᠷᠢᠭᠤᠴᠠᠵᠤ ᠨᠢᠭᠡᠳᠦᠯᠲᠡᠶ ᠬᠠᠮᠢᠶᠠᠷᠤᠨ᠎ᠠ᠃ ᠤᠯᠤᠰ ᠎ ᠤᠨ ᠬᠡᠮᠵᠢᠯᠲᠡ ᠶᠢᠨ ᠳᠦᠷᠢᠮ  ᠢ ᠨᠠᠶᠢᠳᠠᠪᠤᠷᠢᠵᠢᠭᠤᠯᠬᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ  ᠨᠢᠭᠡᠴᠢ  ᠶᠢ ᠶᠠᠪᠤᠭᠤᠯᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃           ︵ᠠᠷᠪᠠᠨ ᠬᠤᠶᠠᠷ︶ ᠵᠢᠨᠢᠩ ᠲᠣᠭᠤᠷᠢᠭ ᠤᠨ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠶᠣᠰᠣᠭᠠᠷ᠂ ᠪᠥᠬᠦ  ᠲᠤᠭᠤᠷᠢᠭ ᠤᠨ ᠪᠠᠷᠢᠮᠵᠢᠶᠠᠵᠢᠭᠤᠯᠬᠤ ᠠᠵᠢᠯ ᠤᠨ ᠴᠢᠬᠤᠯᠠ ᠶᠡᠭᠡ ᠵᠦᠶᠯᠡᠰ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ᠂ ᠪᠠᠷᠢᠮᠵᠢᠶ᠎ᠠ ᠶᠢ ᠦᠨᠡᠯᠡᠨ  ᠵᠢᠱᠢᠬᠦ᠂ ᠪᠠᠷᠢᠮᠵᠢᠶ᠎ᠠ ᠶᠢ ᠳᠠᠬᠢᠨ ᠬᠢᠨᠠᠬᠤ ᠠᠵᠢᠯ ᠢ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠳᠤ ᠬᠠᠤᠯᠢ ᠶᠣᠰᠣᠭᠠᠷ  ᠵᠢᠯᠣᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ  ᠪᠠᠶᠢᠴᠠᠭᠠᠨ᠎ᠠ᠃           ︵ᠠᠷᠪᠠᠨ ᠭᠤᠷᠪᠠ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠵᠤ ᠨᠢᠭᠡᠳᠦᠯᠲᠡᠢ  ᠬᠠᠮᠢᠶᠠᠷᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃            ︵ᠠᠷᠪᠠᠨ ᠳᠦᠷᠪᠡ︶ ᠵᠢᠨᠢᠩ ᠲᠣᠭᠤᠷᠢᠭ ᠤᠨ ᠭᠡᠷᠡᠴᠢᠯᠡᠯ ᠤᠨ ᠠᠵᠢᠯ ᠢ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ᠂ ᠬᠠᠮᠢᠶ᠎ᠠ ᠪᠦᠬᠦᠢ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃            ︵ᠠᠷᠪᠠᠨ ᠲᠠᠪᠤ︶ ᠵᠢᠨᠢᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠶᠯᠡᠴᠢᠯᠡᠬᠦ ᠠᠵᠢᠯ ᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ  ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃           ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠵᠤ᠂ ᠮᠡᠳᠡᠯᠭᠡ ᠶᠢᠨ  ᠪᠦᠲᠦᠭᠡᠭᠳᠡᠭᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠶᠯᠡᠴᠢᠯᠡᠭᠡ  ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠦᠷᠢᠭᠦᠯᠥᠨ᠎ᠡ᠃ ᠵᠢᠨᠢᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠪᠠᠯᠠ ᠮᠥᠩᠭᠦ ᠶᠢ  ᠬᠠᠮᠢᠶᠠᠷᠴᠤ᠂ ᠲᠤᠰᠬᠠᠶ ᠠᠰᠢᠭ ᠢ ᠬᠤᠪᠢᠷᠠᠭᠤᠯᠬᠤ ᠲᠥᠷᠥᠯ ᠵᠦᠶᠯ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ  ᠦᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠶᠢ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠪᠠᠶᠢᠴᠠᠭᠠᠨ ᠰᠢᠶᠳᠪᠦᠷᠢᠯᠡᠬᠦ ᠶᠢ ᠵᠢᠯᠣᠭᠤᠳᠤᠨ ᠥᠷᠨᠢᠭᠦᠯᠬᠦ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠲᠠᠢ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠠᠷᠪᠠᠨ ᠳᠣᠯᠤᠭ᠎ᠠ︶ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠎ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃           ︵ᠠᠷᠪᠠᠨ  ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ  ᠢ ᠬᠠᠷᠢᠭᠤᠴᠠᠨ᠎ᠠ᠃           ︵ᠠᠷᠪᠠ ᠶᠢᠰᠦ︶ ᠡᠮ ᠤᠨ ᠵᠦᠶᠯ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ︶᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠮ ᠤᠨ ᠵᠦᠢᠯ᠂ ᠡᠮᠴᠢᠯᠡᠭᠡᠨ ᠤ ᠪᠠᠭᠠᠵᠢ  ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠵᠢᠨᠢᠩ ᠲᠣᠭᠤᠷᠢᠭ ᠤᠨ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠪᠣᠯᠤᠨ ᠠᠵᠢᠯ ᠤᠨ ᠲᠥᠯᠥᠪᠵᠢᠭᠦᠯᠭᠡ ᠶᠢ  ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃          ︵ᠬᠤᠷᠢ︶ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠶᠢᠨ ᠡᠵᠡᠩᠨᠡᠯᠲᠡ ᠪᠣᠯᠤᠨ ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠵᠢᠴᠢ ᠵᠠᠰᠠᠯ ᠴᠢᠮᠡᠭ ᠤᠨ ᠡᠳ᠋ ᠤᠨ ᠡᠵᠡᠩᠨᠡᠯᠲᠡ᠂ ᠬᠡᠷᠡᠭᠯᠡᠯᠲᠡ ᠬᠠᠮᠢᠶᠠᠷᠦᠯᠲᠠ ᠶᠢᠨ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠢ ᠲᠣᠭᠲᠠᠭᠰᠠᠨ ᠡᠷᠬᠡ ᠮᠡᠳᠡᠯ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠮ ᠤᠨ ᠵᠦᠶᠯ ᠢ ᠲᠥᠷᠥᠯ ᠬᠤᠪᠢᠶᠠᠨ ᠬᠠᠮᠢᠶᠠᠷᠬᠤ ᠳᠦᠷᠢᠮ  ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠤᠰ ᠭᠠᠵᠠᠷ ᠣᠷᠣᠨ ᠤ ᠪᠠᠨ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠠᠰᠠᠭᠤᠳᠠᠯ ᠲᠠᠢ ᠦᠶᠯᠡᠳᠬᠦᠨ ᠢ ᠡᠭᠡᠭᠦᠯᠦᠨ ᠠᠪᠴᠢᠷᠠᠬᠤ ᠪᠠ ᠰᠢᠶᠳᠪᠦᠷᠢᠯᠡᠬᠦ ᠳᠦᠷᠢᠮ  ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠵᠦᠶᠯ ᠤᠨ ᠳᠦᠷᠢᠮ ᠢ ᠬᠡᠷᠡᠭᠵᠢᠭᠦᠯᠦᠨ᠎ᠡ᠃           ︵ᠬᠤᠷᠢᠨ ᠨᠢᠭᠡ︶ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠡᠮ ᠤᠨ ᠵᠦᠶᠯ ᠡᠵᠡᠩᠨᠡᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ︔ ᠮᠢᠨᠴᠦᠷᠡᠭᠦᠯᠬᠦ ᠡᠮ ᠤᠨ ᠵᠦᠶᠯ᠂ ᠨᠢᠭᠡᠳᠦᠭᠡᠷ ᠲᠥᠷᠥᠯ ᠤᠨ ᠮᠡᠳᠡᠷᠡᠯ ᠤᠨ ᠡᠮ ᠤᠨ ᠵᠦᠶᠯ ᠢ ᠬᠤᠪᠢ ᠬᠥᠮᠦᠨ ᠠᠪᠴᠤ ᠶᠠᠪᠤᠬᠤ᠂ ᠰᠢᠤᠳᠠᠨ ᠢᠶᠠᠷ ᠶᠠᠪᠤᠭᠤᠯᠬᠤ ᠭᠡᠷᠡᠴᠢ ᠬᠢᠵᠦ ᠥᠭᠬᠦ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃         ︵ᠬᠤᠷᠢᠨ ᠬᠤᠶᠠᠷ︶ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠎ ᠤᠳ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠶᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠪᠣᠯᠤᠨ ᠵᠠᠰᠠᠯ ᠴᠢᠮᠡᠭ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠶᠳᠪᠦᠷᠢᠯᠡᠬᠦ ᠠᠵᠢᠯ ᠢ ᠵᠣᠬᠢᠶᠠᠨ  ᠪᠠᠶᠢᠭᠤᠯᠤᠨ ᠥᠷᠨᠢᠭᠦᠯᠬᠦ ᠬᠡᠷᠡᠭᠲᠡᠶ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃           ︵ᠬᠤᠷᠢᠨ ᠭᠤᠷᠪᠠ︶  ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃           ᠨᠢᠭᠡᠴᠢ ᠶᠢᠨ ᠬᠠᠶ᠋ᠢᠭ᠄ ᠵᠢᠨᠢᠩ ᠲᠣᠭᠤᠷᠢᠭ ᠤᠨ ᠮᠢᠨ ᠵᠢᠶᠠᠨ ᠵᠠᠮ ᠤᠨ 38 ᠳ᠋ᠤᠭᠠᠷ ᠨᠣᠮᠧᠷ           ᠬᠠᠷᠢᠯᠴᠠᠬᠤ ᠤᠲᠠᠰᠤ᠄ 0474- 8814600
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2