ᠵᠢᠨᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/11/13
            ᠵᠢᠨᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠪᠣᠯᠬᠤ ᠰᠠᠯᠠᠭ᠎ᠠ ᠮᠥᠴᠢᠷ ᠪᠦᠭᠡᠳ ᠵᠢᠩᠬᠢᠨᠢ ᠰᠠᠯᠠᠭᠠᠨ ᠤ ᠳᠡᠰ ᠪᠣᠯᠤᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠠᠯᠪᠠᠨ ᠭᠡᠷ ᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠲᠤᠬᠢᠷᠠᠭᠤᠯᠵᠠᠢ᠃         ᠮᠠᠨ ᠤ ᠲᠣᠪᠴᠢᠶ᠎ᠠ ᠭᠤᠤᠯᠳᠠᠭᠤ ᠠᠷᠠᠳ ᠤᠨ ᠡᠶᠡᠳᠡᠭᠦᠯᠭᠡ᠂ ᠲᠥᠪᠬᠢᠨᠡᠭᠦᠯᠦᠨ ᠬᠠᠪᠰᠤᠷᠤᠨ ᠰᠤᠷᠭᠠᠬᠤ᠂ ᠨᠡᠶᠢᠭᠡᠮ  ᠲᠣᠭᠤᠷᠢᠭ ᠤᠨ ᠵᠠᠰᠠᠮᠵᠢᠯᠠᠯ᠂ ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ  ᠲᠦᠬᠡᠮᠡᠯᠵᠢᠭᠦᠯᠵᠦ ᠬᠠᠤᠯᠢ ᠶᠣᠰᠣᠭᠠᠷ ᠵᠠᠰᠠᠬᠤ᠂ ᠬᠠᠤᠯᠢ ᠴᠠᠭᠠᠵᠠ ᠶᠢᠨ ᠦᠶᠯᠡᠴᠢᠯᠡᠭᠡ᠂ ᠬᠠᠤᠯᠢ ᠴᠠᠭᠠᠵᠠ ᠶᠢᠨ  ᠳᠤᠰᠠᠯᠠᠮᠵᠢ᠂ ᠵᠢᠯᠣᠭᠤᠳᠤᠨ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠵᠦ ᠪᠠᠶᠢᠨ᠎ᠠ᠃ ᠠᠷᠠᠳ ᠣᠯᠠᠨ ᠤ ᠬᠠᠤᠯᠢ ᠴᠠᠭᠠᠵᠠ ᠶᠢᠨ ᠬᠡᠪ ᠴᠢᠨᠠᠷ ᠪᠠ ᠬᠠᠤᠯᠢ ᠳᠦᠷᠢᠮ ᠤᠨ ᠦᠵᠡᠯᠲᠡ ᠶᠢ ᠳᠡᠭᠡᠭᠰᠢᠯᠡᠭᠦᠯᠬᠦ ᠂ ᠠᠷᠠᠳ ᠤᠨ ᠬᠤᠭᠤᠷᠣᠨᠳᠣᠬᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠎ ᠳᠤ ᠨᠢ ᠠᠷᠢᠯᠭᠠᠵᠤ᠂ ᠬᠠᠤᠯᠢ ᠪᠠᠷ ᠵᠠᠰᠠᠬᠤ ᠶᠢ ᠪᠠᠳᠠᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠴᠢᠬᠤᠯᠠ ᠶᠡᠭᠡ ᠦᠶᠯᠡᠳᠦᠯ ᠦᠵᠡᠭᠦᠯᠵᠦ ᠪᠠᠶᠢᠨ᠎ᠠ᠃          ᠳᠣᠲᠣᠭᠠᠳᠤ ᠳᠠᠭᠠᠨ 7  ᠲᠠᠰᠤᠭ ᠲᠠᠢ᠄ ᠠᠯᠪᠠᠨ ᠬᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠭᠡᠳ ᠬᠠᠤᠯᠢ ᠶᠣᠰᠣᠭᠠᠷ ᠵᠠᠰᠠᠬᠤ ᠲᠠᠰᠤᠭ ︵ᠤᠬᠠᠭᠤᠯᠤᠨ ᠬᠥᠮᠦᠵᠢᠭᠦᠯᠬᠦ  ᠲᠠᠰᠤᠭ︶᠂ ᠠᠷᠠᠳ ᠲᠦᠮᠡᠨ ᠤ ᠬᠠᠤᠯᠢ ᠪᠠᠷ ᠵᠠᠰᠠᠬᠤ ᠲᠠᠰᠤᠭ ︵ᠦᠨᠳᠦᠰᠦᠨ ᠱᠠᠲᠤᠨ ᠤ  ᠲᠠᠰᠤᠭ︶᠂ ᠨᠡᠶᠢᠭᠡᠮ ᠲᠣᠭᠤᠷᠢᠭ ᠎ ᠤᠨ  ᠵᠠᠯᠠᠷᠠᠭᠤᠯᠤᠭ᠎ᠠ ᠶᠢᠨ ᠲᠠᠰᠤᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠭ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ︵ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ︶᠂ ᠣᠯᠠᠨ ᠡᠰᠢᠲᠦ ᠵᠥᠷᠢᠴᠡᠯ ᠢ ᠡᠶᠡᠳᠡᠭᠦᠯᠦᠨ ᠰᠢᠶᠳᠪᠦᠷᠢᠯᠡᠬᠦ  ᠲᠠᠰᠤᠭ  ᠎ ᠲᠠᠢ᠂ 2 ᠲᠤᠰᠬᠠᠶ ᠮᠡᠷᠭᠡᠵᠢᠯ ᠤᠨ ᠡᠶᠡᠳᠡᠭᠦᠯᠬᠦ ᠺᠣᠮᠢᠰ᠄ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠠᠳᠡᠯ ᠤᠨ ᠢᠷᠭᠡᠨ ᠤ ᠬᠡᠷᠡᠭ ᠤᠨ ᠬᠤᠬᠢᠷᠠᠯ ᠤᠨ ᠲᠥᠯᠥᠪᠦᠷᠢ ᠶᠢ ᠡᠶᠡᠳᠡᠭᠦᠯᠬᠦ ᠺᠣᠮᠢᠰ᠂ ᠰᠢᠭᠦᠬᠦ ᠬᠤᠷᠢᠶᠠᠨ ᠳᠤ ᠰᠠᠭᠤᠭ᠎ᠠ  ᠠᠷᠠᠳ ᠤᠨ ᠡᠶᠡᠳᠡᠭᠦᠯᠬᠦ ᠲᠥᠪ  ᠪᠤᠯᠤᠨ᠎ᠠ  ᠃10 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠄ ᠰᠢᠨᠬᠤᠸᠠ ᠵᠡᠭᠡᠯᠢ ᠶᠢᠨ ᠬᠠᠤᠯᠢ ᠴᠠᠭᠠᠵᠠ ᠶᠢᠨ ᠭᠠᠵᠠᠷ᠂ ᠤᠷᠤᠭᠰᠢᠯᠠᠯᠲᠠ ᠶᠢᠨ ᠵᠠᠮ ᠤᠨ ᠬᠠᠤᠯᠢ ᠴᠠᠭᠠᠵᠠ ᠶᠢᠨ ᠲᠣᠪᠴᠢᠶ᠎ᠠ᠂ ᠰᠢᠨ ᠲᠢ ᠵᠠᠮ ᠤᠨ ᠬᠠᠤᠯᠢ ᠴᠠᠭᠠᠵᠠ ᠶᠢᠨ ᠭᠠᠵᠠᠷ᠂  ᠴᠢᠶᠤᠤ ᠳ᠋ᠦᠡᠭ ᠬᠠᠤᠯᠢ ᠴᠠᠭᠠᠵᠠ ᠶᠢᠨ ᠭᠠᠵᠠᠷ᠂ ᠴᠢᠶᠣᠤ ᠰᠢ  ᠬᠠᠤᠯᠢ ᠴᠠᠭᠠᠵᠠ ᠶᠢᠨ ᠭᠠᠵᠠᠷ᠂ ᠴᠠᠩ ᠴᠢᠩ  ᠬᠠᠤᠯᠢ ᠴᠠᠭᠠᠵᠠ ᠶᠢᠨ ᠭᠠᠵᠠᠷ᠂ ᠬᠤ᠋ ᠱᠠᠨ  ᠬᠠᠤᠯᠢ ᠴᠠᠭᠠᠵᠠ ᠶᠢᠨ ᠭᠠᠵᠠᠷ᠂ ᠴᠢᠤᠸᠠᠨ ᠱᠠᠨ  ᠬᠠᠤᠯᠢ ᠴᠠᠭᠠᠵᠠ ᠶᠢᠨ ᠭᠠᠵᠠᠷ᠂ ᠪᠠᠶ ᠬᠠᠶ ᠽᠢ  ᠬᠠᠤᠯᠢ ᠴᠠᠭᠠᠵᠠ ᠶᠢᠨ ᠭᠠᠵᠠᠷ᠂ ᠮᠠ ᠯᠢᠶᠠᠨ ᠴᠢᠦᠶ ᠬᠠᠤᠯᠢ ᠴᠠᠭᠠᠵᠠ ᠶᠢᠨ ᠭᠠᠵᠠᠷ ᠪᠤᠯᠤᠨ᠎ᠠ᠃          2010 ᠣᠨ ᠳᠤ᠂ ᠵᠢᠨᠢᠩ ᠲᠣᠭᠤᠷᠢᠭ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂  ᠬᠠᠤᠯᠢ ᠴᠠᠭᠠᠵᠠ ᠶᠢᠨ ᠶᠠᠮᠤᠨ ᠠᠴᠠ ᠪᠦᠬᠦ ᠤᠯᠤᠰ ᠤᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠤ ᠰᠢᠶᠠᠨ ᠬᠤᠲᠠ᠂ ᠲᠣᠭᠤᠷᠢᠭ ᠳᠤ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ  ᠲᠦᠭᠡᠮᠵᠢᠯᠡᠭᠦᠯᠦᠯᠲᠡ ᠶᠢᠨ ᠠᠯᠪᠠᠨ ᠭᠡᠷ ᠢ ᠥᠪᠥᠷ ᠮᠣᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠲᠡᠷᠢᠭᠦᠨ ᠤ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠬᠠᠤᠯᠢ ᠶᠣᠰᠣᠭᠠᠷ ᠵᠠᠰᠠᠬᠤ ᠠᠯᠪᠠᠨ ᠭᠡᠷ︾ ᠣᠯᠭᠤᠵᠠᠶ᠃ 2011 ᠣᠨ ᠳᠤ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ︽ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ︾ ᠣᠯᠭᠤᠪᠠ᠂ 2010᠎  — 2012᠎  ᠤᠨ᠂ ᠭᠤᠷᠪᠠᠨ ᠵᠢᠯ ᠳᠠᠷᠠᠭᠠᠯᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠬᠠᠤᠯᠢ ᠴᠠᠭᠠᠵᠠ ᠶᠢᠨ ᠵᠠᠰᠠᠭ  ᠵᠠᠬᠢᠷᠭᠠᠨ ᠤ ᠠᠵᠢᠯ ᠤᠨ ᠬᠠᠷᠠᠯᠲᠠ ᠶᠢᠨ ᠬᠢᠨᠠᠨ ᠰᠢᠯᠭᠠᠷᠠᠭᠤᠯᠤᠯᠲᠠ ᠶᠢᠨ ︽ᠰᠢᠯᠢᠳᠡᠭ ᠨᠢᠭᠡᠴᠡ︾᠎ ᠪᠠᠷ ᠦᠨᠡᠯᠡᠭᠳᠡᠵᠦ᠂ ᠲᠤᠰ ᠲᠤᠰ 2011᠎ ᠤᠨ ᠪᠠ 2013 ᠣᠨ ᠤ 2015 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ  ᠤᠨ  ᠬᠤᠷᠢᠶ᠎ᠠ  ᠳᠤ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠎ ᠪᠠᠷ ᠦᠨᠡᠯᠡᠭᠳᠡᠪᠡ᠃            ᠭᠤᠣᠯ ᠡᠭᠦᠷᠭᠡ ᠬᠠᠷᠢᠭᠤᠴᠠᠯᠭ᠎ᠠ᠄           ︵ᠨᠢᠭᠡ︶ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ  ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ  ᠬᠠᠷᠢᠭᠤᠴᠠᠨ᠎ᠠ᠃           ︵ᠬᠤᠶᠠᠷ︶ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠠᠩᠰᠠᠯᠠᠭᠤᠯᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃          ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃  ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠶᠡᠷᠦᠩᠬᠡᠶᠢᠯᠡᠨ ᠵᠣᠬᠢᠴᠠᠭᠤᠯᠬᠤ ᠶᠢ  ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ  ᠠᠬᠢᠭᠤᠯᠵᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ ᠃ ᠪᠦᠬᠦ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃          ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ  ᠲᠤᠭᠤᠷᠢᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠶᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠶᠢ ᠲᠦᠯᠬᠢᠨ ᠠᠬᠢᠭᠤᠯᠤᠨ᠎ᠠ᠃ ᠪᠦᠬᠦ  ᠲᠤᠭᠤᠷᠢᠭ ᠤᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠣᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠱᠠᠲᠤᠨ ᠤ ᠠᠷᠠᠳ ᠤᠨ  ᠡᠶᠡᠳᠡᠭᠦᠯᠦᠭᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠨ᠎ᠠ᠃ ᠬᠠᠷᠢᠶ᠎ᠠ ᠣᠷᠣᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠪᠠ ᠬᠠᠤᠯᠢ ᠪᠠᠷᠢᠬᠤ  ᠲᠤᠰᠠᠯᠠᠭᠴᠢ ᠶᠢᠨ ᠬᠥᠮᠦᠰ ᠢ ᠬᠠᠮᠢᠶᠠᠷᠤᠨ᠎ᠠ᠃ ᠲᠣᠰ ᠲᠣᠭᠤᠷᠢᠭ ᠤᠨ ︽148︾ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃         ︵ᠲᠠᠪᠤ︶ ᠪᠦᠬᠦ  ᠲᠤᠭᠤᠷᠢᠭ ᠤᠨ ᠠᠷᠠᠳ ᠣᠯᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠶᠢ ᠪᠠᠲᠤᠯᠠᠬᠤ᠂ ᠠᠬᠢᠭᠤᠯᠬᠤ᠂ ᠬᠢᠨᠠᠯᠲᠠ ᠲᠠᠯᠪᠢᠬᠤ ᠶᠢ ᠪᠠᠲᠤᠯᠠᠬᠤ ᠳᠦᠷᠢᠮ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠴᠤ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ  ᠣᠷᠣᠯᠴᠠᠭᠤᠯᠤᠨ ᠳᠡᠮᠵᠢᠭᠦᠯᠦᠨ᠎ᠡ          ︵ᠵᠢᠷᠭᠤᠭ᠎ᠠ︶ ᠪᠦᠬᠦ  ᠲᠤᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠬᠠᠷᠢᠭᠤᠴᠠᠨ ᠵᠢᠯᠣᠭᠤᠳᠴᠤ  ᠬᠠᠮᠢᠶᠠᠷᠤᠨ᠎ᠠ᠃ ᠪᠥᠬᠦ  ᠲᠤᠭᠤᠷᠢᠭ ᠤᠨ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃          ︵ᠳᠣᠯᠤᠭ᠎ᠠ︶ ᠪᠦᠬᠦ  ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠢᠰᠲ᠋ᠧᠮᠵᠢ  ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ᠃ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ  ᠲᠥᠯᠥᠪᠯᠡᠨ ᠪᠠᠶᠢᠷᠢᠯᠠᠭᠤᠯᠵᠤ᠂ ᠪᠥᠬᠦ  ᠲᠤᠭᠤᠷᠢᠭ ᠤᠨ ᠬᠠᠤᠯᠢ ᠴᠠᠭᠠᠵᠠ ᠶᠢᠨ ᠵᠥᠪᠯᠡᠭᠴᠢ ᠂ ᠬᠠᠤᠯᠢᠴᠢ᠂ ᠬᠠᠤᠯᠢ ᠴᠠᠭᠠᠵᠠ  ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃  ᠲᠤᠭᠤᠷᠢᠭ ᠤᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂  ᠲᠤᠭᠤᠷᠢᠭ ᠴᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠰᠣᠩᠭᠤᠨ ᠤᠷᠢᠬᠤ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ  ᠡᠭᠦᠷᠭᠡᠯᠡᠨ᠎ᠡ᠃            ︵ ᠨᠠᠢᠮᠠ︶ ᠪᠦᠬᠦ  ᠲᠤᠭᠤᠷᠢᠭ  ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠪᠠ  ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ  ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠭᠠᠵᠠᠷ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃            ︵ᠶᠢᠰᠦ︶ ᠪᠥᠬᠦ  ᠲᠤᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠦᠨ᠂ ᠵᠣᠬᠢᠴᠠᠭᠤᠯᠤᠨ ᠵᠢᠯᠣᠭᠤᠳᠴᠤ᠂ ᠪᠥᠬᠦ  ᠲᠤᠭᠤᠷᠢᠭ ᠤᠨ ᠬᠠᠤᠯᠢ ᠴᠠᠭᠠᠵᠠ ᠶᠢᠨ  ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ  ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠣᠯᠤᠨ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃             ︵ᠠᠷᠪᠠ︶ ᠪᠦᠬᠦ  ᠲᠤᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ  ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃ ᠲᠣᠰ ᠰᠠᠯᠠᠭ᠎ᠠ ᠮᠥᠴᠢᠷ ᠵᠢᠴᠢ ᠲᠣᠰ ᠰᠢᠰᠲ᠋ᠧᠮ ᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠨ᠎ᠠ᠃            ︵ᠠᠷᠪᠠᠨ ᠨᠢᠭᠡ︶  ᠲᠤᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃           ᠬᠠᠶ᠋ᠢᠭ᠄ ᠵᠢᠨᠢᠩ ᠲᠣᠭᠤᠷᠢᠭ ᠤᠨ ᠰᠢᠨ᠎ᠡ ᠲᠣᠭᠤᠷᠢᠭ ᠤᠨ ᠴᠠᠬᠠᠷ ᠵᠡᠭᠦᠨ ᠵᠡᠭᠡᠯᠢ ᠶᠢᠨ ᠬᠤᠳᠠᠯᠳᠤᠭᠠᠨ ᠤ  ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A ᠲᠣᠭᠤᠷᠢᠭ ᠤᠨ 4  ᠳ᠋ᠦ᠋ᠭᠡᠷ ᠨᠣᠮᠧᠷᠲᠤ ᠠᠰᠠᠷ            ᠯᠠᠪᠯᠠᠬᠤ ᠤᠲᠠᠰᠤ᠄ 0474 — 8188301
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2