ᠵᠢᠨᠢᠩ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2020/11/13
           ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ  ᠬᠠᠷᠢᠶᠠᠯᠠᠭᠤᠯᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠎ᠡ᠃         ᠵᠢᠨᠢᠩ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠣᠲᠣᠷ᠎ᠠ 3 ᠡᠷᠬᠡ ᠲᠤᠰᠢᠶᠠᠯᠲᠤ  ᠲᠠᠰᠤᠭ᠄ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠲᠠᠰᠤᠭ᠂ ᠮᠣᠩᠭᠤᠯ ᠦᠭᠡ ᠬᠡᠯᠡ ᠦᠰᠦᠭ ᠪᠢᠴᠢᠭ ᠤᠨ ᠲᠠᠰᠤᠭ ᠪᠤᠢ᠃ ᠭᠤᠣᠯ ᠡᠭᠦᠷᠭᠡ ᠬᠠᠷᠢᠭᠤᠴᠠᠯᠭ᠎ᠠ᠄           ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ  ᠲᠤᠤᠱᠠᠯᠠᠭᠤᠯᠣᠨ ᠬᠡᠷᠡᠭᠵᠢᠭᠦᠯᠦᠨ᠎ᠡ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ  ᠲᠣᠭᠲᠠᠭᠠᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ  ᠬᠠᠷᠢᠭᠤᠴᠠᠨ᠎ᠠ᠃ ᠦᠨᠳᠦᠰᠦᠲᠡᠨ ᠤ ᠠᠵᠢᠯ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠎ ᠤᠨ ᠲᠤᠬᠠᠶ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃           ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠤᠨ ᠪᠠᠶᠢᠭᠤᠯᠤᠯᠲᠠ ᠳᠤ ᠬᠢᠨᠠᠯᠲᠠ ᠲᠠᠯᠪᠢᠵᠤ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ  ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠶᠠᠪᠤᠳᠠᠯ ᠳᠤ ᠬᠢᠨᠠᠯᠲᠠ ᠲᠠᠯᠪᠢᠨ ᠰᠢᠶᠳᠪᠦᠷᠢᠯᠡᠵᠦ᠂  ᠴᠦᠬᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠪᠠ  ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ ᠠᠵᠢᠯ ᠢ ᠵᠣᠬᠢᠴᠠᠭᠤᠯᠤᠨ ᠵᠢᠯᠣᠭᠤᠳᠬᠤ ᠳᠤ ᠣᠷᠣᠯᠴᠠᠵᠤ ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ  ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃           ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ  ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ  ᠣᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠦᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠪᠠᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠵᠦ᠂ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠦᠶᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠵᠣᠬᠢᠴᠠᠭᠤᠯᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠶᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃           ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠦᠶᠯᠡᠰ ᠵᠡᠷᠭᠡ ᠲᠤᠰᠬᠠᠶ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠬᠦ  ᠲᠤᠭᠤᠷᠢᠭ ᠤᠨ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠦᠶᠯᠡᠰ ᠤᠨ ᠬᠥᠭᠵᠢᠯᠲᠡ ᠶᠢ  ᠶᠡᠷᠦᠩᠬᠡᠶᠢᠯᠡᠨ ᠦᠨᠡᠯᠡᠬᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠠᠶ᠃ ᠦᠨᠳᠦᠰᠦᠲᠡᠨ ᠤ ᠬᠡᠷᠡᠭ ᠡᠷᠬᠢᠯᠡᠬᠦ ᠦᠶᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠡᠷᠬᠢᠯᠡᠬᠦ  ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃            ︵ᠲᠠᠪᠤ︶ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ ᠪᠠᠶᠢᠭᠤᠯᠤᠨ ᠬᠦᠯᠢᠶᠡᠨ ᠠᠪᠤᠨ᠎ᠠ᠃           ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂  ᠤᠷᠴᠢᠭᠤᠯᠭ᠎ᠠ ᠶᠢ ᠵᠢᠯᠣᠭᠤᠳᠴᠤ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠪᠣᠯᠤᠨ᠎ᠠ᠃           ︵ᠳᠣᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠤ ᠬᠤᠯᠪᠣᠭᠳᠠᠯ ᠪᠦᠬᠦᠢ ᠭᠠᠳᠠᠭᠠᠳᠤ ᠲᠠᠢ ᠬᠠᠷᠢᠯᠴᠠᠬᠤ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠢᠬᠦ ᠪᠠ ᠭ᠋ᠤᠷᠰᠢᠯᠴᠠᠭ᠎ᠠ ᠬᠢᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃           ︵ ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ  ᠬᠦᠮᠥᠵᠢᠬᠦᠯᠬᠦ᠂ ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠳᠠᠭᠠᠭᠠᠨ ᠠᠪᠴᠤ ᠰᠢᠶᠳᠪᠦᠷᠢᠯᠡᠨ᠎ᠡ᠃           ︵ᠶᠢᠰᠦ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠶᠯᠡᠳᠪᠦᠷᠢᠯᠡᠯ᠂ ᠵᠥᠷᠢᠴᠡᠯ ᠢ ᠠᠷᠢᠯᠭᠠᠬᠤ᠂ ᠵᠠᠬᠢᠳᠠᠯ  ᠰᠤᠷᠪᠤᠯᠵᠢᠯᠠᠭ᠎ᠠ ᠪᠠ ᠲᠣᠭᠲᠠᠭᠤᠨ  ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ᠂ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠶ᠃            ︵ᠠᠷᠪᠠ︶ ᠲᠤᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2