ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/11/13
            ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ A5 ᠳ᠋ᠤᠭᠠᠷ ᠠᠰᠠᠷ ᠤᠨ 4 ᠳ᠋ᠦ᠋ᠭᠡᠷ ᠳᠡᠭᠲᠡᠷ ᠲᠤ ᠪᠤᠶ᠃ ᠠᠯᠪᠠᠯᠠᠬᠤ ᠲᠠᠯᠠᠪᠠᠶ ᠨᠢ 210 ᠲᠡᠭᠰᠢ ᠳᠥᠷᠪᠡᠯᠵᠢᠨ ᠮᠧᠲᠷ ᠪᠠᠶᠢᠵᠤ᠂ 8 ᠵᠠᠰᠠᠭ ᠵᠠᠬᠢᠷᠭᠠᠨ ᠤ ᠣᠷᠣᠨ ᠲᠤᠭ᠎ᠠ᠂ 1 ᠲᠣᠪᠴᠢᠶᠠᠨ ᠳᠠᠷᠤᠭ᠎ᠠ᠂ 2 ᠳᠡᠳ᠋ ᠳᠠᠷᠤᠭ᠎ᠠ᠂ 5  ᠲᠠᠰᠤᠭ ᠤᠨ ᠬᠠᠷᠢᠭᠤᠴᠠᠯᠭᠠᠲᠠᠨ ᠪᠣᠶ᠃ ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ  ᠪᠦᠬᠦ‌‍ᠲ᠋ᠤᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠲᠥᠪ ᠥᠷᠲᠡᠭᠡ ᠶᠢᠨ ᠠᠵᠢᠯ ᠢ  ᠤᠳᠤᠷᠢᠳᠤᠨ ᠵᠢᠯᠣᠭᠤᠳᠬᠤ ᠶᠢ ᠬᠠᠷᠢᠭᠤᠴᠠᠨ᠎ᠠ᠃ ᠭᠤᠤᠯᠳᠠᠭᠤ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠦᠶᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃         ᠣᠲᠣ ᠪᠣᠯᠲᠠᠯ᠎ᠠ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠴᠤᠭᠯᠠᠭᠤᠯᠬᠤ  ᠰᠢᠰᠲ᠋ᠧᠮ ᠠᠴᠠ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 12571 ᠬᠥᠮᠦᠨ ᠢ ᠳᠡᠩᠰᠡᠯᠡᠵᠦ ᠪᠠᠶᠢᠨ᠎ᠠ᠃ ᠡᠭᠦᠨ ᠳᠤ ᠴᠡᠷᠢᠭ ᠠᠴᠠ ᠬᠠᠯᠠᠭᠳᠠᠭᠰᠠᠨ ᠺᠠᠳ᠋ᠷ 1065 ᠬᠥᠮᠦᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ 10527 ᠬᠥᠮᠦᠨ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠪᠠ ᠪᠠᠭ᠎ᠠ ᠣᠹᠢᠼᠧᠷ 53 ᠬᠥᠮᠦᠨ᠂ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠠᠮᠠᠷᠠᠭᠰᠠᠨ ᠠᠵᠢᠯᠲᠠᠨ 50 ᠬᠥᠮᠦᠨ᠂ ᠵᠡᠮᠳᠡᠭ ᠴᠡᠷᠢᠭ 154 ᠬᠥᠮᠦᠨ᠂ ᠵᠡᠮᠳᠡᠭ ᠡᠷᠦᠬᠡ ᠶᠢᠨ ᠴᠡᠷᠢᠭ 1 ᠬᠥᠮᠦᠨ᠂ ᠦᠷᠡᠭᠳᠡᠭᠰᠡᠨ ᠪᠠᠭᠠᠲᠤᠷ ᠤᠨ ᠭᠡᠷ ᠪᠦᠯᠢ 41 ᠬᠥᠮᠦᠨ᠂ ᠠᠯᠪᠠᠨ  ᠶᠠᠪᠣᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ 41 ᠬᠥᠮᠦᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ 24 ᠬᠥᠮᠦᠨ᠂ ᠵᠢᠩᠬᠢᠨᠢ ᠠᠯᠪᠠᠨ ᠤ ᠴᠡᠷᠢᠭ ᠤᠨ ᠭᠡᠷ ᠪᠦᠯᠢ 433 ᠬᠥᠮᠦᠨ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ 648 ᠬᠥᠮᠦᠨ ᠪᠠᠶᠢᠨ᠎ᠠ᠃ ᠨᠠᠮ ᠤᠨ ᠭᠡᠰᠢᠭᠦᠨ 7437 ᠬᠥᠮᠦᠨ  ᠪᠠᠶᠢᠨ᠎ᠠ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠱᠠᠲᠤᠨ ᠤ ᠠᠩᠬ᠎ᠠ ᠬᠢᠨᠠᠬᠤ ᠠᠵᠢᠯ ᠢ  ᠪᠡᠶᠡᠯᠡᠭᠦᠯᠪᠡ᠃          2018 ᠤᠨ᠂ 2017 ᠣᠨ ᠳᠤ ᠴᠡᠷᠢᠭ ᠠᠴᠠ ᠬᠠᠯᠠᠭᠳᠠᠭᠰᠠᠨ ᠤᠶᠤᠲᠠᠳ ᠢ 19 ᠨᠡᠷᠡᠰ ︵2017 ᠣᠨ ᠳᠤ ᠴᠡᠷᠢᠭ ᠠᠴᠠ ᠬᠠᠯᠠᠭᠳᠠᠭᠰᠠᠨ︶᠂ ᠪᠦᠬᠦᠨ ᠢ ᠪᠥᠬᠦ ᠲᠤᠭ᠎ᠠ ᠪᠠᠷ ᠨᠢ ᠵᠣᠭᠤᠰ ᠰᠠᠯᠭᠠᠨ ᠥᠭᠬᠦ ᠠᠵᠢᠯ ᠦᠶᠯᠡᠰ ᠤᠨ ᠨᠢᠭᠡᠴᠡ ᠳᠤ ᠳᠣᠭᠢᠷᠠᠭᠤᠯᠪᠠ︔ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠥᠪᠯᠡᠷᠡᠭᠦᠯᠦᠨ ᠲᠤᠰᠢᠶᠠᠭᠰᠠᠨ ᠠᠵᠢᠯ ᠠᠴᠠ  ᠰᠢᠯᠵᠢᠭᠰᠡᠨ ᠪᠠᠭ᠎ᠠ ᠣᠹᠢᠼᠧᠷ᠂ ᠬᠠᠯᠠᠭᠳᠠᠭᠰᠠᠨ ᠪᠠᠭ᠎ᠠ ᠣᠹᠢᠼᠧᠷ 1 ᠬᠥᠮᠦᠨ ᠢ ᠬᠦᠯᠢᠶᠡᠨ ᠠᠪᠴᠤ᠂  ᠳᠡᠭᠡᠳᠦ ᠱᠠᠲᠤᠨ ᠤ ᠲᠣᠭᠲᠠᠭᠠᠭᠰᠠᠨ ᠴᠠᠭ ᠤᠨ ᠵᠠᠩᠭᠢᠯᠠᠭ᠎ᠠ ᠶᠢᠨ ᠴᠠᠭ ᠤᠨ ᠶᠣᠰᠣᠭᠠᠷ᠂ ᠡᠳᠦᠭᠡ ᠨᠢᠭᠡᠨᠲᠡ ᠲᠣᠭᠤᠷᠢᠭ  ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢ ᠳᠠᠭᠠᠭᠤᠯᠤᠨ ᠪᠠᠶᠢᠭᠤᠯᠤᠨ  ᠲᠦᠪᠬᠢᠨᠡᠭᠦᠯᠪᠡ᠃ 2017᠎ ᠤᠨ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠣᠷᠣᠨ ᠨᠤᠲᠤᠭ ᠤᠨ ᠠᠵᠤ ᠠᠬᠤᠢ ᠶᠢᠨ ᠨᠥᠬᠦᠪᠥᠷᠢ 61 ᠬᠥᠮᠦᠨ ᠣᠯᠭᠤᠵᠤ᠂ ᠪᠠᠷᠢᠮᠵᠢᠶ᠎ᠠ ᠨᠢ 30877 ᠲᠥᠭᠦᠷᠢᠭ \ ᠵᠢᠯ  \ ᠬᠥᠮᠦᠨ᠂ ᠨᠡᠶᠢᠲᠡ 386 ᠲᠦᠮᠡᠨ ᠲᠥᠭᠦᠷᠢᠭ ᠲᠠᠷᠬᠠᠭᠠᠪᠠ᠃ ᠨᠡᠶᠢᠲᠡ 50 ᠴᠡᠷᠢᠭ ᠤᠨ ᠠᠯᠪᠠᠨ ᠠᠴᠠ ᠪᠠᠭᠤᠭᠰᠠᠳ ᠠᠵᠢᠯ ᠣᠯᠭᠤᠬᠤ ᠪᠣᠯᠪᠠᠰᠤᠷᠠᠯ ᠳᠤ ᠣᠷᠣᠯᠴᠠᠪᠠ᠂ ᠡᠭᠦᠨ ᠳᠤ ᠂ 24 ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠰᠤᠷᠤᠯᠭ᠎ᠠ ᠶᠢᠨ ᠨᠠᠮᠲᠠᠷ ᠤᠨ ᠪᠣᠯᠪᠠᠰᠤᠷᠠᠯ ᠳᠤ ᠣᠷᠣᠯᠴᠠᠵᠤ᠂ 26 ᠪᠠᠶᠢᠯᠳᠤᠭᠴᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠪᠠ᠃ ᠥᠩᠭᠡᠷᠡᠭᠰᠡᠨ ᠵᠢᠯ ᠳᠤ 4 ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠥᠪᠡᠰᠦᠪᠡᠨ ᠠᠵᠢᠯ ᠡᠷᠢᠬᠦ ᠶᠢ  ᠰᠤᠩᠭᠤᠵᠦ᠂ ᠥᠪᠡᠷ ᠲᠡᠭᠡᠨ ᠠᠵᠢᠯ ᠡᠷᠢᠬᠦ ᠨᠥᠬᠦᠪᠥᠷᠢ ᠮᠥᠩᠭᠦ ᠶᠢ 15.16 ᠲᠦᠮᠡᠨ ᠲᠥᠭᠦᠷᠢᠭ ᠲᠠᠷᠬᠠᠭᠠᠵᠠᠶ᠃ 2019 ᠤᠨ ᠂ 2017 ᠣᠨ ᠳᠤ ᠴᠡᠷᠢᠭ ᠲᠤ ᠣᠷᠣᠵᠤ ᠵᠢᠨᠢᠩ ᠳᠤ ᠨᠤᠲᠤᠭ ᠲᠠᠢ ᠠᠯᠪᠠᠨ ᠵᠢᠷᠤᠮ ᠤᠨ ᠴᠡᠷᠢᠭ ᠤᠨ ᠬᠤᠶᠠᠳᠤᠭᠠᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ ᠲᠠᠷᠬᠠᠭᠠᠵᠤ᠂ ᠪᠠᠷᠢᠮᠵᠢᠶ᠎ᠠ ᠨᠢ 20202 ᠲᠥᠭᠦᠷᠢᠭ \ ᠬᠥᠮᠦᠨ ︵ᠡᠭᠦᠨ  ᠤ ᠳᠣᠲᠣᠷ᠎ᠠ ᠰᠢᠨᠵᠢᠶᠠᠩ ᠳᠤ ᠤᠷᠤᠭᠰᠠᠨ᠂ ᠲᠥᠪᠡᠳ ᠲᠤ ᠤᠷᠤᠭᠰᠠᠨ ᠪᠠᠶᠢᠯᠳᠤᠭᠴᠢ 13 ᠬᠥᠮᠦᠨ᠂ ᠪᠠᠷᠢᠮᠵᠢᠶ᠎ᠠ ᠶᠣᠰᠣᠭᠠᠷ 3 ᠳᠠᠬᠢᠨ ᠢᠶᠠᠷ ᠲᠠᠷᠬᠠᠭᠠᠨ᠎ᠠ︶᠂ ᠨᠡᠶᠢᠲᠡ 301 ᠲᠦᠮᠡᠨ ᠲᠥᠭᠦᠷᠢᠭ ᠲᠠᠷᠬᠠᠭᠠᠪᠠ᠃ 2018 ᠣᠨ ᠳᠤ ᠴᠡᠷᠢᠭ ᠲᠤ ᠣᠷᠣᠭᠰᠠᠨ ᠵᠢᠨᠢᠩ ᠤᠨ ᠬᠠᠷᠢᠶᠠᠲᠤ ᠠᠯᠪᠠᠨ ᠵᠢᠷᠤᠮ ᠤᠨ ᠴᠡᠷᠢᠭ ᠤᠨ ᠨᠢᠭᠡᠳᠦᠭᠡᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ ᠎ ᠳᠤ ᠲᠠᠷᠬᠠᠭᠠᠵᠤ᠂ ᠪᠠᠷᠢᠮᠵᠢᠶ᠎ᠠ ᠨᠢ 22211 ᠲᠥᠭᠦᠷᠢᠭ / ᠬᠥᠮᠦᠨ᠂ ᠨᠡᠶᠢᠲᠡ 269 ᠲᠦᠮᠡᠨ ᠲᠥᠭᠦᠷᠢᠭ ᠲᠠᠷᠬᠠᠭᠠᠪᠠ᠃         2018 ᠣᠨ ᠤ ᠴᠠᠭᠠᠨ ᠰᠠᠷ᠎ᠠ᠂ ᠬᠠᠮᠲᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠵᠢᠨᠢᠩ ᠲᠣᠭᠤᠷᠢᠭ ᠲᠤ ᠰᠠᠭᠤᠭ᠎ᠠ  ᠴᠡᠷᠢᠭ ᠠᠩᠭᠢ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠢ ᠲᠤᠬᠤᠨᠢᠭᠤᠯᠵᠦ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠡᠳ᠋ ᠨᠡᠶᠢᠲᠡ 15 ᠲᠦᠮᠡ ᠭᠠᠷᠤᠶ ᠲᠥᠭᠦᠷᠢᠭ ᠲᠠᠷᠬᠠᠭᠠᠵᠠᠶ᠃ 2018 ᠣᠨ ᠳᠤ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ︵ᠠᠬᠠᠮᠠᠳ ᠴᠡᠷᠢᠭ ᠠᠴᠠ ᠬᠠᠯᠠᠭᠳᠠᠭᠰᠠᠳ᠂  ᠡᠪᠡᠳᠴᠢᠨ ᠲᠠᠢ ᠨᠤᠲᠤᠭ ᠲᠠᠭᠠᠨ ᠪᠤᠴᠠᠭᠰᠠᠨ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂  ᠭᠤᠷᠪᠠᠨ ᠬᠡᠷ ᠪᠦᠯᠢ ᠵᠡᠷᠭᠡ︶᠎ ᠤᠨ ᠵᠡᠮᠳᠡᠭᠴᠦᠳ ᠤᠨ ᠠᠰᠠᠷᠠᠮᠵᠢ ᠶᠢᠨ ᠮᠥᠩᠭᠦ ᠪᠠ ᠲᠣᠭᠲᠠᠮᠠᠯ ᠬᠤᠭᠤᠴᠠᠭ᠎ᠠ ᠲᠠᠢ  ᠨᠦᠬᠦᠪᠦᠷᠢ ᠮᠥᠩᠭᠦ 1106 ᠲᠦᠮᠡᠨ ᠲᠥᠭᠦᠷᠢᠭ ᠲᠠᠷᠬᠠᠭᠠᠪᠠ᠃ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠡᠮ ᠡᠮᠨᠡᠯᠭᠡ ᠶᠢᠨ ᠨᠥᠬᠦᠪᠥᠷᠢ ᠶᠢ 80 ᠲᠦᠮᠡᠨ ᠲᠥᠭᠦᠷᠢᠭ ᠳᠠᠩᠰᠠᠨ ᠠᠴᠠ ᠲᠠᠶᠢᠯᠵᠤ᠂ ᠠᠮᠢᠳᠤᠷᠠᠯ ᠨᠢ ᠬᠦᠴᠢᠷᠳᠡᠯᠲᠡᠶ 30 ᠬᠥᠮᠦᠨ ︵ᠤᠳᠠᠭ᠎ᠠ︶ 5 ᠲᠦᠮᠡ ᠭᠠᠷᠤᠶ ᠲᠥᠭᠦᠷᠢᠭ ᠲᠦᠷ ᠴᠠᠭ ᠠᠪᠤᠷᠠᠨ ᠲᠤᠰᠠᠯᠠᠪᠠ᠃ 2019 ᠣᠨ ᠤ ︽8 · 1︾᠎ ᠤ ᠬᠤᠭᠤᠴᠠᠭᠠᠨ ᠳᠤ᠂ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠵᠤ᠂ ᠵᠢᠨᠢᠩ ᠲᠣᠭᠤᠷᠢᠭ ᠲᠤ ᠰᠠᠭᠤᠭ᠎ᠠ ᠴᠡᠷᠢᠭ ᠠᠩᠭᠢ ᠪᠠ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠢ ᠲᠤᠬᠤᠨᠢᠭᠤᠯᠵᠦ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠵᠡᠷᠭᠡ ᠨᠡᠶᠢᠲᠡ 35 ᠲᠦᠮᠡ ᠭᠠᠷᠤᠢ ᠲᠥᠭᠦᠷᠢᠭ ᠪᠣᠯᠪᠠ᠃         ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ  ᠦᠢᠯᠡᠴᠢᠯᠡᠭᠡ  ᠶᠢ ᠪᠠᠷᠢᠮᠲᠠᠯᠠᠬᠤ ᠪᠠᠷ ᠵᠣᠷᠢᠯᠲᠠ ᠪᠣᠯᠭᠠᠵᠠᠶ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ  ᠬᠠᠷᠠᠭᠠᠯᠵᠠᠬᠤ ᠡᠲᠡᠭᠡᠳ ᠲᠤ ᠦᠶᠯᠡᠴᠢᠯᠡᠨ᠎ᠡ︔ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ  ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠶᠢ ᠪᠤᠢ ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂  ᠬᠦᠷᠳᠡᠮᠵᠢ ᠶᠢᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2