ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/11/13
            ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ A5 ᠳ᠋ᠤᠭᠠᠷ ᠠᠰᠠᠷ ᠤᠨ 4 ᠳ᠋ᠦ᠋ᠭᠡᠷ ᠳᠡᠭᠲᠡᠷ ᠲᠤ ᠪᠤᠶ᠃ ᠠᠯᠪᠠᠯᠠᠬᠤ ᠲᠠᠯᠠᠪᠠᠶ ᠨᠢ 210 ᠲᠡᠭᠰᠢ ᠳᠥᠷᠪᠡᠯᠵᠢᠨ ᠮᠧᠲᠷ ᠪᠠᠶᠢᠵᠤ᠂ 8 ᠵᠠᠰᠠᠭ ᠵᠠᠬᠢᠷᠭᠠᠨ ᠤ ᠣᠷᠣᠨ ᠲᠤᠭ᠎ᠠ᠂ 1 ᠲᠣᠪᠴᠢᠶᠠᠨ ᠳᠠᠷᠤᠭ᠎ᠠ᠂ 2 ᠳᠡᠳ᠋ ᠳᠠᠷᠤᠭ᠎ᠠ᠂ 5  ᠲᠠᠰᠤᠭ ᠤᠨ ᠬᠠᠷᠢᠭᠤᠴᠠᠯᠭᠠᠲᠠᠨ ᠪᠣᠶ᠃ ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ  ᠪᠦᠬᠦ‌‍ᠲ᠋ᠤᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠲᠥᠪ ᠥᠷᠲᠡᠭᠡ ᠶᠢᠨ ᠠᠵᠢᠯ ᠢ  ᠤᠳᠤᠷᠢᠳᠤᠨ ᠵᠢᠯᠣᠭᠤᠳᠬᠤ ᠶᠢ ᠬᠠᠷᠢᠭᠤᠴᠠᠨ᠎ᠠ᠃ ᠭᠤᠤᠯᠳᠠᠭᠤ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠦᠶᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃         ᠣᠲᠣ ᠪᠣᠯᠲᠠᠯ᠎ᠠ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠴᠤᠭᠯᠠᠭᠤᠯᠬᠤ  ᠰᠢᠰᠲ᠋ᠧᠮ ᠠᠴᠠ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 12571 ᠬᠥᠮᠦᠨ ᠢ ᠳᠡᠩᠰᠡᠯᠡᠵᠦ ᠪᠠᠶᠢᠨ᠎ᠠ᠃ ᠡᠭᠦᠨ ᠳᠤ ᠴᠡᠷᠢᠭ ᠠᠴᠠ ᠬᠠᠯᠠᠭᠳᠠᠭᠰᠠᠨ ᠺᠠᠳ᠋ᠷ 1065 ᠬᠥᠮᠦᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ 10527 ᠬᠥᠮᠦᠨ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠪᠠ ᠪᠠᠭ᠎ᠠ ᠣᠹᠢᠼᠧᠷ 53 ᠬᠥᠮᠦᠨ᠂ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠠᠮᠠᠷᠠᠭᠰᠠᠨ ᠠᠵᠢᠯᠲᠠᠨ 50 ᠬᠥᠮᠦᠨ᠂ ᠵᠡᠮᠳᠡᠭ ᠴᠡᠷᠢᠭ 154 ᠬᠥᠮᠦᠨ᠂ ᠵᠡᠮᠳᠡᠭ ᠡᠷᠦᠬᠡ ᠶᠢᠨ ᠴᠡᠷᠢᠭ 1 ᠬᠥᠮᠦᠨ᠂ ᠦᠷᠡᠭᠳᠡᠭᠰᠡᠨ ᠪᠠᠭᠠᠲᠤᠷ ᠤᠨ ᠭᠡᠷ ᠪᠦᠯᠢ 41 ᠬᠥᠮᠦᠨ᠂ ᠠᠯᠪᠠᠨ  ᠶᠠᠪᠣᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ 41 ᠬᠥᠮᠦᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ 24 ᠬᠥᠮᠦᠨ᠂ ᠵᠢᠩᠬᠢᠨᠢ ᠠᠯᠪᠠᠨ ᠤ ᠴᠡᠷᠢᠭ ᠤᠨ ᠭᠡᠷ ᠪᠦᠯᠢ 433 ᠬᠥᠮᠦᠨ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ 648 ᠬᠥᠮᠦᠨ ᠪᠠᠶᠢᠨ᠎ᠠ᠃ ᠨᠠᠮ ᠤᠨ ᠭᠡᠰᠢᠭᠦᠨ 7437 ᠬᠥᠮᠦᠨ  ᠪᠠᠶᠢᠨ᠎ᠠ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠱᠠᠲᠤᠨ ᠤ ᠠᠩᠬ᠎ᠠ ᠬᠢᠨᠠᠬᠤ ᠠᠵᠢᠯ ᠢ  ᠪᠡᠶᠡᠯᠡᠭᠦᠯᠪᠡ᠃          2018 ᠤᠨ᠂ 2017 ᠣᠨ ᠳᠤ ᠴᠡᠷᠢᠭ ᠠᠴᠠ ᠬᠠᠯᠠᠭᠳᠠᠭᠰᠠᠨ ᠤᠶᠤᠲᠠᠳ ᠢ 19 ᠨᠡᠷᠡᠰ ︵2017 ᠣᠨ ᠳᠤ ᠴᠡᠷᠢᠭ ᠠᠴᠠ ᠬᠠᠯᠠᠭᠳᠠᠭᠰᠠᠨ︶᠂ ᠪᠦᠬᠦᠨ ᠢ ᠪᠥᠬᠦ ᠲᠤᠭ᠎ᠠ ᠪᠠᠷ ᠨᠢ ᠵᠣᠭᠤᠰ ᠰᠠᠯᠭᠠᠨ ᠥᠭᠬᠦ ᠠᠵᠢᠯ ᠦᠶᠯᠡᠰ ᠤᠨ ᠨᠢᠭᠡᠴᠡ ᠳᠤ ᠳᠣᠭᠢᠷᠠᠭᠤᠯᠪᠠ︔ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠥᠪᠯᠡᠷᠡᠭᠦᠯᠦᠨ ᠲᠤᠰᠢᠶᠠᠭᠰᠠᠨ ᠠᠵᠢᠯ ᠠᠴᠠ  ᠰᠢᠯᠵᠢᠭᠰᠡᠨ ᠪᠠᠭ᠎ᠠ ᠣᠹᠢᠼᠧᠷ᠂ ᠬᠠᠯᠠᠭᠳᠠᠭᠰᠠᠨ ᠪᠠᠭ᠎ᠠ ᠣᠹᠢᠼᠧᠷ 1 ᠬᠥᠮᠦᠨ ᠢ ᠬᠦᠯᠢᠶᠡᠨ ᠠᠪᠴᠤ᠂  ᠳᠡᠭᠡᠳᠦ ᠱᠠᠲᠤᠨ ᠤ ᠲᠣᠭᠲᠠᠭᠠᠭᠰᠠᠨ ᠴᠠᠭ ᠤᠨ ᠵᠠᠩᠭᠢᠯᠠᠭ᠎ᠠ ᠶᠢᠨ ᠴᠠᠭ ᠤᠨ ᠶᠣᠰᠣᠭᠠᠷ᠂ ᠡᠳᠦᠭᠡ ᠨᠢᠭᠡᠨᠲᠡ ᠲᠣᠭᠤᠷᠢᠭ  ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢ ᠳᠠᠭᠠᠭᠤᠯᠤᠨ ᠪᠠᠶᠢᠭᠤᠯᠤᠨ  ᠲᠦᠪᠬᠢᠨᠡᠭᠦᠯᠪᠡ᠃ 2017 ᠤᠨ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠣᠷᠣᠨ ᠨᠤᠲᠤᠭ ᠤᠨ ᠠᠵᠤ ᠠᠬᠤᠢ ᠶᠢᠨ ᠨᠥᠬᠦᠪᠥᠷᠢ 61 ᠬᠥᠮᠦᠨ ᠣᠯᠭᠤᠵᠤ᠂ ᠪᠠᠷᠢᠮᠵᠢᠶ᠎ᠠ ᠨᠢ 30877 ᠲᠥᠭᠦᠷᠢᠭ \ ᠵᠢᠯ  \ ᠬᠥᠮᠦᠨ᠂ ᠨᠡᠶᠢᠲᠡ 386 ᠲᠦᠮᠡᠨ ᠲᠥᠭᠦᠷᠢᠭ ᠲᠠᠷᠬᠠᠭᠠᠪᠠ᠃ ᠨᠡᠶᠢᠲᠡ 50 ᠴᠡᠷᠢᠭ ᠤᠨ ᠠᠯᠪᠠᠨ ᠠᠴᠠ ᠪᠠᠭᠤᠭᠰᠠᠳ ᠠᠵᠢᠯ ᠣᠯᠭᠤᠬᠤ ᠪᠣᠯᠪᠠᠰᠤᠷᠠᠯ ᠳᠤ ᠣᠷᠣᠯᠴᠠᠪᠠ᠂ ᠡᠭᠦᠨ ᠳᠤ ᠂ 24 ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠰᠤᠷᠤᠯᠭ᠎ᠠ ᠶᠢᠨ ᠨᠠᠮᠲᠠᠷ ᠤᠨ ᠪᠣᠯᠪᠠᠰᠤᠷᠠᠯ ᠳᠤ ᠣᠷᠣᠯᠴᠠᠵᠤ᠂ 26 ᠪᠠᠶᠢᠯᠳᠤᠭᠴᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠪᠠ᠃ ᠥᠩᠭᠡᠷᠡᠭᠰᠡᠨ ᠵᠢᠯ ᠳᠤ 4 ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠥᠪᠡᠰᠦᠪᠡᠨ ᠠᠵᠢᠯ ᠡᠷᠢᠬᠦ ᠶᠢ  ᠰᠤᠩᠭᠤᠵᠦ᠂ ᠥᠪᠡᠷ ᠲᠡᠭᠡᠨ ᠠᠵᠢᠯ ᠡᠷᠢᠬᠦ ᠨᠥᠬᠦᠪᠥᠷᠢ ᠮᠥᠩᠭᠦ ᠶᠢ 15.16 ᠲᠦᠮᠡᠨ ᠲᠥᠭᠦᠷᠢᠭ ᠲᠠᠷᠬᠠᠭᠠᠵᠠᠶ᠃ 2019 ᠤᠨ ᠂ 2017 ᠣᠨ ᠳᠤ ᠴᠡᠷᠢᠭ ᠲᠤ ᠣᠷᠣᠵᠤ ᠵᠢᠨᠢᠩ ᠳᠤ ᠨᠤᠲᠤᠭ ᠲᠠᠢ ᠠᠯᠪᠠᠨ ᠵᠢᠷᠤᠮ ᠤᠨ ᠴᠡᠷᠢᠭ ᠤᠨ ᠬᠤᠶᠠᠳᠤᠭᠠᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ ᠲᠠᠷᠬᠠᠭᠠᠵᠤ᠂ ᠪᠠᠷᠢᠮᠵᠢᠶ᠎ᠠ ᠨᠢ 20202 ᠲᠥᠭᠦᠷᠢᠭ \ ᠬᠥᠮᠦᠨ ︵ᠡᠭᠦᠨ  ᠤ ᠳᠣᠲᠣᠷ᠎ᠠ ᠰᠢᠨᠵᠢᠶᠠᠩ ᠳᠤ ᠤᠷᠤᠭᠰᠠᠨ᠂ ᠲᠥᠪᠡᠳ ᠲᠤ ᠤᠷᠤᠭᠰᠠᠨ ᠪᠠᠶᠢᠯᠳᠤᠭᠴᠢ 13 ᠬᠥᠮᠦᠨ᠂ ᠪᠠᠷᠢᠮᠵᠢᠶ᠎ᠠ ᠶᠣᠰᠣᠭᠠᠷ 3 ᠳᠠᠬᠢᠨ ᠢᠶᠠᠷ ᠲᠠᠷᠬᠠᠭᠠᠨ᠎ᠠ︶᠂ ᠨᠡᠶᠢᠲᠡ 301 ᠲᠦᠮᠡᠨ ᠲᠥᠭᠦᠷᠢᠭ ᠲᠠᠷᠬᠠᠭᠠᠪᠠ᠃ 2018 ᠣᠨ ᠳᠤ ᠴᠡᠷᠢᠭ ᠲᠤ ᠣᠷᠣᠭᠰᠠᠨ ᠵᠢᠨᠢᠩ ᠤᠨ ᠬᠠᠷᠢᠶᠠᠲᠤ ᠠᠯᠪᠠᠨ ᠵᠢᠷᠤᠮ ᠤᠨ ᠴᠡᠷᠢᠭ ᠤᠨ ᠨᠢᠭᠡᠳᠦᠭᠡᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ  ᠳᠤ ᠲᠠᠷᠬᠠᠭᠠᠵᠤ᠂ ᠪᠠᠷᠢᠮᠵᠢᠶ᠎ᠠ ᠨᠢ 22211 ᠲᠥᠭᠦᠷᠢᠭ / ᠬᠥᠮᠦᠨ᠂ ᠨᠡᠶᠢᠲᠡ 269 ᠲᠦᠮᠡᠨ ᠲᠥᠭᠦᠷᠢᠭ ᠲᠠᠷᠬᠠᠭᠠᠪᠠ᠃         2018 ᠣᠨ ᠤ ᠴᠠᠭᠠᠨ ᠰᠠᠷ᠎ᠠ᠂ ᠬᠠᠮᠲᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠵᠢᠨᠢᠩ ᠲᠣᠭᠤᠷᠢᠭ ᠲᠤ ᠰᠠᠭᠤᠭ᠎ᠠ  ᠴᠡᠷᠢᠭ ᠠᠩᠭᠢ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠢ ᠲᠤᠬᠤᠨᠢᠭᠤᠯᠵᠦ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠡᠳ᠋ ᠨᠡᠶᠢᠲᠡ 15 ᠲᠦᠮᠡ ᠭᠠᠷᠤᠶ ᠲᠥᠭᠦᠷᠢᠭ ᠲᠠᠷᠬᠠᠭᠠᠵᠠᠶ᠃ 2018 ᠣᠨ ᠳᠤ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ︵ᠠᠬᠠᠮᠠᠳ ᠴᠡᠷᠢᠭ ᠠᠴᠠ ᠬᠠᠯᠠᠭᠳᠠᠭᠰᠠᠳ᠂  ᠡᠪᠡᠳᠴᠢᠨ ᠲᠠᠢ ᠨᠤᠲᠤᠭ ᠲᠠᠭᠠᠨ ᠪᠤᠴᠠᠭᠰᠠᠨ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂  ᠭᠤᠷᠪᠠᠨ ᠬᠡᠷ ᠪᠦᠯᠢ ᠵᠡᠷᠭᠡ︶ ᠤᠨ ᠵᠡᠮᠳᠡᠭᠴᠦᠳ ᠤᠨ ᠠᠰᠠᠷᠠᠮᠵᠢ ᠶᠢᠨ ᠮᠥᠩᠭᠦ ᠪᠠ ᠲᠣᠭᠲᠠᠮᠠᠯ ᠬᠤᠭᠤᠴᠠᠭ᠎ᠠ ᠲᠠᠢ  ᠨᠦᠬᠦᠪᠦᠷᠢ ᠮᠥᠩᠭᠦ 1106 ᠲᠦᠮᠡᠨ ᠲᠥᠭᠦᠷᠢᠭ ᠲᠠᠷᠬᠠᠭᠠᠪᠠ᠃ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠡᠮ ᠡᠮᠨᠡᠯᠭᠡ ᠶᠢᠨ ᠨᠥᠬᠦᠪᠥᠷᠢ ᠶᠢ 80 ᠲᠦᠮᠡᠨ ᠲᠥᠭᠦᠷᠢᠭ ᠳᠠᠩᠰᠠᠨ ᠠᠴᠠ ᠲᠠᠶᠢᠯᠵᠤ᠂ ᠠᠮᠢᠳᠤᠷᠠᠯ ᠨᠢ ᠬᠦᠴᠢᠷᠳᠡᠯᠲᠡᠶ 30 ᠬᠥᠮᠦᠨ ︵ᠤᠳᠠᠭ᠎ᠠ︶ 5 ᠲᠦᠮᠡ ᠭᠠᠷᠤᠶ ᠲᠥᠭᠦᠷᠢᠭ ᠲᠦᠷ ᠴᠠᠭ ᠠᠪᠤᠷᠠᠨ ᠲᠤᠰᠠᠯᠠᠪᠠ᠃ 2019 ᠣᠨ ᠤ ︽8 · 1︾ ᠤ ᠬᠤᠭᠤᠴᠠᠭᠠᠨ ᠳᠤ᠂ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠵᠤ᠂ ᠵᠢᠨᠢᠩ ᠲᠣᠭᠤᠷᠢᠭ ᠲᠤ ᠰᠠᠭᠤᠭ᠎ᠠ ᠴᠡᠷᠢᠭ ᠠᠩᠭᠢ ᠪᠠ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠢ ᠲᠤᠬᠤᠨᠢᠭᠤᠯᠵᠦ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠵᠡᠷᠭᠡ ᠨᠡᠶᠢᠲᠡ 35 ᠲᠦᠮᠡ ᠭᠠᠷᠤᠢ ᠲᠥᠭᠦᠷᠢᠭ ᠪᠣᠯᠪᠠ᠃         ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ  ᠦᠢᠯᠡᠴᠢᠯᠡᠭᠡ  ᠶᠢ ᠪᠠᠷᠢᠮᠲᠠᠯᠠᠬᠤ ᠪᠠᠷ ᠵᠣᠷᠢᠯᠲᠠ ᠪᠣᠯᠭᠠᠵᠠᠶ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ  ᠬᠠᠷᠠᠭᠠᠯᠵᠠᠬᠤ ᠡᠲᠡᠭᠡᠳ ᠲᠤ ᠦᠶᠯᠡᠴᠢᠯᠡᠨ᠎ᠡ︔ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ  ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠶᠢ ᠪᠤᠢ ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂  ᠬᠦᠷᠳᠡᠮᠵᠢ ᠶᠢᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2