ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/11/17
            ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ  ᠪᠠᠶᠢᠭᠤᠯᠦᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠎ ᠢ ᠦᠨᠳᠦᠰᠦᠯᠡᠨ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2019 ᠣᠨ ᠤ 3 ᠰᠠᠷ᠎ᠠ ᠳᠤ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠪᠦᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠠᠶᠤᠯ ᠦᠭᠡᠶ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ  ᠪᠠᠭᠠᠰᠬᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠬᠤ ᠬᠡᠷᠡᠭᠲᠡᠶ᠃ ᠠᠶᠤᠯ ᠦᠭᠡᠢ ᠦᠶᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠶᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃          ︵ᠬᠤᠶᠠᠷ︶ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠂ ᠠᠶᠤᠯ ᠦᠭᠡᠢ ᠦᠶᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ  ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ  ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠬᠠᠮᠢᠶ᠎ᠠ ᠪᠥᠬᠦᠶ ᠵᠢᠷᠤᠮᠵᠢᠯ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃          ︵ᠭᠤᠷᠪᠠ︶ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠤᠨ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠪᠣᠯᠤᠨ ᠠᠶᠤᠯ ᠦᠭᠡᠶ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ  ᠲᠣᠰᠬᠠᠢ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ  ᠠᠬᠢᠭᠤᠯᠤᠨ᠎ᠠ᠃          ︵ᠳᠦᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ  ᠪᠠᠶᠢᠳᠡᠯ ᠢ ᠮᠡᠳᠡᠭᠦᠯᠬᠦ ᠳᠦᠷᠢᠮ  ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ  ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ  ᠲᠣᠰᠠᠯᠠᠭᠰᠠᠨ  ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃          ︵ᠲᠠᠪᠤ︶  ᠵᠢᠨᠢᠩ ᠲᠣᠭᠤᠷᠢᠭ ᠤᠨ ᠠᠶᠤᠯ ᠦᠭᠡᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ  ᠲᠦᠷᠦᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠵᠤ᠂ ᠵᠢᠨᠢᠩ ᠲᠣᠭᠤᠷᠢᠭ ᠤᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠡᠭᠦᠰᠬᠦ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃            ︵ᠵᠢᠷᠭᠤᠭ᠎ᠠ︶ ᠡᠷᠬᠡ ᠶᠢᠨ ᠬᠡᠪᠴᠢᠶ᠎ᠡ ᠶᠣᠰᠣᠭᠠᠷ ᠵᠢᠨᠢᠩ ᠲᠣᠭᠤᠷᠢᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ  ᠪᠠᠶᠢᠭᠤᠯᠵᠤ᠂ ᠵᠢᠯᠣᠭᠤᠳᠬᠤ ᠲᠠᠪᠴᠠᠩ ᠤᠨ ᠵᠣᠯᠭᠠᠭᠤᠯᠤᠯᠲᠠ ᠶᠢ ᠠᠬᠢᠭᠤᠯᠤᠨ᠂ ᠭᠠᠯ ᠤᠨᠲᠠᠷᠠᠭᠠᠬᠤ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ  ᠬᠠᠮᠲᠤᠷᠠᠯᠴᠠᠭᠤᠯᠤᠨ ᠮᠠᠨ ᠤ  ᠲᠤᠭᠤᠷᠢᠭ ᠤᠨ ᠪᠠᠴᠢᠮ  ᠪᠠᠶᠢᠳᠡᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠬᠤ ᠬᠡᠷᠡᠭᠲᠡᠶ᠃ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ  ᠨᠢᠭᠡᠳᠤᠯᠲᠠᠢ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ᠂ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠣᠯᠤᠨ ᠭᠠᠵᠠᠷ ᠤᠨ ᠭᠠᠮᠰᠢᠭ ᠢ ᠠᠪᠤᠷᠠᠨ ᠲᠤᠰᠠᠯᠠᠬᠤ᠂ ᠦᠶᠯᠡᠳᠪᠦᠷᠢᠯᠡᠯ ᠤᠨ ᠠᠶᠤᠯ ᠦᠭᠡᠢ ᠶᠢᠨ ᠠᠳᠡᠯ  ᠢ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃        ︵ᠳᠣᠯᠤᠭ᠎ᠠ︶ ᠡᠷᠬᠡ ᠮᠡᠳᠡᠯ ᠤᠨ ᠶᠣᠰᠣᠭᠠᠷ ᠵᠢᠨᠢᠩ ᠲᠣᠭᠤᠷᠢᠭ ᠤᠨ ᠭᠠᠯ ᠤᠨᠲᠠᠷᠠᠭᠠᠬᠤ ᠳᠤ ᠬᠢᠨᠠᠯᠲᠠ  ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃             ︵ ᠨᠠᠢᠮᠠ︶ ᠵᠢᠨᠢᠩ ᠣᠷᠣᠨ ᠤ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ᠂ ᠤᠰᠤ ᠭᠠᠩ ᠤᠨ  ᠭᠠᠮᠰᠢᠭ ᠪᠣᠯᠤᠨ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ  ᠲᠤᠭᠤᠷᠢᠭ ᠤᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ  ᠬᠠᠷᠢᠭᠤᠴᠠᠨ᠎ᠠ  ᠃            ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠲᠤᠰᠠᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠲᠣᠭᠤᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠬᠦ ᠬᠡᠷᠡᠭᠲᠡᠶ᠃            ︵ᠠᠷᠪᠠ︶ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ  ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠶᠯᠡᠳᠪᠦᠷᠢᠯᠡᠯ ᠤᠨ ᠪᠠᠶᠢᠴᠠᠭᠠᠯᠲᠠ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃            ︵ᠠᠷᠪᠠᠨ ᠨᠢᠭᠡ︶ ᠳᠡᠰ ᠬᠤᠪᠢᠶᠠᠬᠤ᠂ ᠬᠠᠷᠢᠶ᠎ᠠ ᠭᠠᠵᠠᠷ ᠎ ᠲᠤ  ᠎ ᠨᠢ ᠬᠠᠷᠢᠶᠠᠯᠠᠭᠤᠯᠬᠤ ᠵᠠᠷᠴᠢᠮ ᠤᠨ ᠶᠣᠰᠣᠭᠠᠷ᠂ ᠦᠶᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠶᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠦᠭᠡᠶ ᠦᠶᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠦᠭᠡᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ  ᠲᠠᠯᠪᠢᠵᠤ ᠪᠠᠶᠢᠴᠠᠭᠠᠬᠤ ᠬᠡᠷᠡᠭᠲᠡᠶ᠃ ᠠᠶᠤᠯ ᠦᠭᠡᠢ ᠦᠶᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ  ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠬᠦ ᠬᠡᠷᠡᠭᠲᠡᠶ᠃ ᠪᠦᠬᠦ ᠲᠤᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠠᠶᠤᠯ ᠦᠭᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠶᠢᠯᠡᠭᠰᠡᠨ ᠠᠵᠢᠯ ᠪᠣᠯᠤᠨ ᠬᠤᠸᠠᠷ ᠫᠤᠤᠵᠢᠩ ᠤᠨ ᠠᠶᠤᠯ ᠦᠭᠡᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃            ︵ᠠᠷᠪᠠᠨ ᠬᠤᠶᠠᠷ︶ ᠦᠶᠯᠡᠳᠪᠦᠷᠢᠯᠡᠯ ᠤᠨ ᠠᠶᠤᠯ ᠦᠭᠡᠢ ᠶᠢᠨ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠶᠳᠪᠦᠷᠢᠯᠡᠭᠰᠡᠨ ᠪᠠ  ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃            ︵ᠠᠷᠪᠠᠨ ᠭᠤᠷᠪᠠ︶ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠣᠭᠯᠠᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ  ᠎ ᠢ ᠪᠠᠶᠢᠭᠤᠯᠤᠨ ᠲᠡᠭᠦᠯᠳᠡᠷᠵᠢᠭᠦᠯᠵᠦ ᠂ ᠭᠠᠮᠰᠢᠭ ᠠᠴᠠ ᠠᠪᠤᠷᠠᠬᠤ  ᠦᠶ᠎ᠡ ᠳᠤ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃           ︵ᠠᠷᠪᠠᠨ  ᠳᠦᠷᠪᠡ︶ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠶᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠶᠯᠡᠳᠪᠦᠷᠢᠯᠡᠯ ᠤᠨ ᠰᠢᠨᠵᠢᠯᠡᠬᠦ ᠤᠬᠠᠭᠠᠨ  ᠮᠠᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃            ︵ᠠᠷᠪᠠᠨ ᠲᠠᠪᠤ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠮᠢ ᠠᠬᠤᠢ ᠶᠢᠨ ᠣᠷᠴᠢᠨ ᠲᠣᠭᠤᠷᠢᠨ  ᠢ ᠬᠠᠮᠠᠭᠠᠯᠠᠬᠤ᠂ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ  ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃          ︵ᠠᠷᠪᠠᠨ ᠵᠢᠷᠭᠤᠭ᠎ᠠ︶ ᠲᠤᠭᠤᠷᠢᠭ ᠤᠨ  ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃           ︵ᠠᠷᠪᠠᠨ ᠳᠣᠯᠤᠭ᠎ᠠ︶  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠯᠢᠳᠡᠭᠵᠢᠭᠦᠯᠦᠨ᠂ ᠨᠢᠭᠡᠳᠦᠯᠲᠡᠶ ᠲᠥᠯᠥᠪᠯᠡᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷᠲᠦ ᠥᠨᠳᠥᠷ ᠦᠷ᠎ᠡ  ᠪᠦᠲᠦᠮᠵᠢᠲᠡᠢ  ᠲᠤᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠵᠤ᠂  ᠨᠢᠭᠡᠳᠦᠯᠲᠡᠢ ᠵᠢᠯᠣᠭᠤᠳᠤᠭᠰᠠᠨ᠂ ᠲᠤᠰᠬᠠᠶ ᠪᠠ ᠪᠠᠶᠢᠩᠭᠤ ᠬᠤᠤᠰᠯᠠᠭᠰᠠᠨ᠂ ᠲᠤᠰᠬᠠᠯ ᠰᠣᠷᠭᠤᠭ᠂ ᠳᠡᠭᠡᠷ᠎ᠡ ᠳᠣᠤᠷ᠎ᠠ ᠱᠠᠲᠤ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ  ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠬᠦ  ᠶᠢ ᠠᠬᠢᠭᠤᠯᠤᠨ᠎ᠠ᠃ ᠨᠢᠭᠡ ᠳᠤ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ  ᠶᠢ ᠪᠠᠷᠢᠮᠲᠠᠯᠠᠨ᠎ᠠ᠃ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠠᠴᠠ ᠭᠠᠮᠰᠢᠭ ᠠᠴᠠ  ᠠᠪᠤᠷᠠᠬᠤ ᠶᠢ ᠨᠢᠭᠡᠳᠦᠯᠲᠡᠶ ᠪᠠᠶᠢᠯᠭᠠᠬᠤ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ  ᠴᠢᠬᠤᠯᠠᠴᠢᠯᠠᠬᠤ ᠠᠴᠠ ᠭᠠᠮᠰᠢᠭ ᠠᠴᠠ ᠡᠮᠦᠨᠡᠬᠢ ᠰᠡᠷᠭᠡᠶᠢᠯᠡᠯᠲᠡ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠶᠡᠷᠦᠩᠬᠡᠶᠢᠯᠡᠨ ᠭᠠᠮᠰᠢᠭ ᠢ ᠪᠠᠭᠠᠰᠬᠠᠬᠤ ᠲᠡᠰᠢ ᠬᠤᠪᠢᠷᠠᠭᠤᠯᠬᠤ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠲᠡᠰᠢ  ᠬᠤᠪᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠭᠠᠮᠰᠢᠭ ᠢ  ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ  ᠲᠦᠪᠰᠢᠨ ᠢ ᠦᠨᠡᠨᠬᠦ ᠪᠠᠲᠤᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ  ᠴᠢᠩᠭᠠᠷᠠᠭᠤᠯᠵᠤ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ  ᠳᠡᠭᠡᠭᠰᠢᠯᠡᠭᠦᠯᠵᠦ ᠂ ᠬᠥᠮᠦᠨ ᠠᠮᠠ ᠶᠢᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ  ᠶᠡᠭᠡ ᠠᠶᠤᠯᠭᠦᠶ ᠶᠢᠨ ᠡ᠊ᠨᠳᠡᠯ ᠢ ᠡᠷᠡᠰ ᠬᠤᠷᠢᠭᠯᠠᠨ᠎ᠠ᠃              ᠬᠠᠷᠢᠯᠴᠠᠬᠤ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B3 ᠳ᠋ᠤᠭᠠᠷ ᠠᠰᠠᠷ              ᠬᠠᠷᠢᠯᠴᠠᠬᠤ ᠤᠲᠠᠰᠤ᠄ 0474 — 8243342 ᠰᠢᠤᠳᠠᠨ ᠬᠠᠶᠢᠷᠴᠠᠭ᠄ 3466199151@qqq. comtejnqyjglj@163 . com
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2