ᠵᠢᠨᠢᠡᠭ ᠲᠤᠭᠤᠷᠢᠭ ᠤᠨ ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2020/11/17
         ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ ᠲᠣᠭᠤᠷᠢᠭ ᠤᠨ ᠬᠠᠭᠤᠴᠢᠨ ᠲᠤᠭᠤᠷᠢᠭ ᠤᠨ ᠲᠥᠪ ᠬᠡᠰᠡᠭ ᠲᠤ ᠪᠠᠶᠢᠷᠢᠯᠠᠵᠤ᠂ ᠵᠡᠭᠦᠨ ᠠᠴᠠ ᠤᠷᠤᠭᠰᠢᠯᠠᠯᠲᠠ ᠶᠢᠨ ᠵᠠᠮ ᠤᠨ ᠬᠡᠷᠡᠭ ᠡᠷᠬᠢᠯᠡᠬᠦ ᠭᠠᠵᠠᠷ ᠲᠠᠢ ᠵᠠᠬ᠎ᠠ  ᠨᠡᠶᠢᠯᠡᠭᠦᠯᠬᠦ  ᠂ ᠪᠠᠷᠠᠭᠤᠨ ᠠᠴᠠ ᠲᠡᠮᠦᠷ ᠵᠠᠮ ᠤᠨ ᠱᠤᠭᠤᠮ ᠤᠨ ᠶᠡᠭᠡ ᠲᠡᠮᠦᠷ ᠬᠥᠭᠦᠷᠭᠡ ︵ᠬᠥᠭᠦᠷᠭᠡ ᠶᠢᠨ ᠪᠠᠷᠠᠭᠤᠨᠳᠠᠬᠢ ᠬᠡᠷᠡᠭ ᠡᠷᠬᠢᠯᠡᠬᠦ ᠭᠠᠵᠠᠷ ᠲᠠᠢ ᠵᠠᠬ᠎ᠠ ᠨᠡᠶᠢᠯᠡᠭᠦᠯᠬᠦ︶ ᠬᠦᠷᠬᠦ ᠪᠣᠯᠤᠨ᠎ᠠ᠃ ᠡᠮᠦᠨ᠎ᠡ ᠠᠴᠠ ᠡᠩᠬᠡ ᠵᠠᠮ ︵ᠬᠥᠭᠦᠷᠭᠡ ᠶᠢᠨ ᠵᠡᠭᠦᠨᠳᠡᠬᠢ ᠬᠡᠷᠡᠭ ᠡᠷᠬᠢᠯᠡᠬᠦ ᠭᠠᠵᠠᠷ ᠲᠠᠢ ᠵᠠᠬ᠎ᠠ ᠨᠡᠶᠢᠯᠡᠵᠦ︶᠂ ᠤᠮᠠᠷᠠᠰᠢ ᠨᠠᠷᠠᠰᠤᠨ ᠭᠤᠤᠯ ︵ᠮᠠ ᠯᠢᠶᠠᠨ ᠴᠢᠦᠶ ᠰᠢᠶᠠᠩ ᠤᠨ ᠵᠠᠰᠠᠭ ᠵᠠᠬᠢᠷᠭᠠᠨ ᠤ ᠲᠣᠰᠬᠤᠨ ᠲᠠᠢ ᠵᠠᠬ᠎ᠠ ᠨᠡᠶᠢᠯᠡᠵᠦ ᠪᠣᠶ︶᠂ ᠬᠠᠷᠢᠶᠠᠲᠤ ᠣᠷᠣᠨ ᠤ ᠲᠠᠯᠠᠪᠠᠶ ᠨᠢ 5.8 ᠲᠡᠭᠰᠢ ᠳᠥᠷᠪᠡᠯᠵᠢᠨ ᠺᠢᠯᠣᠮᠧᠲᠷ  ᠂ ᠣᠳᠣ ᠨᠡᠶᠢᠲᠡ 72  ᠰᠠᠭᠤᠭᠠᠯᠢ ᠲᠣᠭᠤᠷᠢᠭ᠂ 104 ᠳᠠᠩ ᠠᠰᠠᠷ᠂ ᠰᠠᠭᠤᠭᠠᠯᠢ ᠠᠷᠠᠳ 16865 ᠡᠷᠦᠬᠡ᠂ 42910 ᠬᠥᠮᠦᠨ ᠪᠠᠶᠢᠵᠤ᠂ ᠬᠢᠲᠠᠳ᠂ ᠮᠣᠩᠭᠤᠯ᠂ ᠬᠤᠲᠣᠩ᠂ ᠮᠠᠨᠵᠤ᠂ ᠵᠡᠷᠭᠡ  ᠦᠨᠳᠦᠰᠦᠨ ᠪᠠᠶᠢᠨ᠎ᠠ᠃ ᠬᠠᠷᠢᠶ᠎ᠠ ᠣᠷᠣᠨ ᠳᠤ ᠰᠠᠭᠤᠭ᠎ᠠ ᠨᠢᠭᠡᠴᠡ ᠬᠤᠲᠠ ᠶᠢᠨ ᠱᠠᠲᠤ᠂ ᠲᠣᠭᠤᠷᠢᠭ ᠤᠨ ᠱᠠᠲᠤ᠂ ᠲᠡᠮᠦᠷ ᠵᠠᠮ ᠤᠨ ᠪᠠᠶᠢᠭᠤᠯᠭ᠎ᠠ 20 ᠭᠠᠷᠤᠶ ᠪᠠᠶᠢᠨ᠎ᠠ᠃        ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠢᠨ ᠲᠢ ᠵᠠᠮ ᠤᠨ ᠵᠡᠭᠡᠯᠢ  ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠰᠢᠨ᠎ᠡ ᠪᠠᠶᠢᠳᠠᠯ ᠤᠨ ᠬᠡᠷᠡᠭᠴᠡᠭᠡ ᠳᠤ ᠢᠳᠡᠪᠬᠢᠲᠡᠶ ᠵᠣᠬᠢᠴᠠᠵᠤ ᠪᠠᠶᠢᠨ᠎ᠠ᠃ ᠤᠯᠤᠰ ᠎ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠶᠠᠪᠤᠴᠠ ᠳᠤ᠂ ᠪᠢᠳᠡ ᠤᠯᠠᠨ ᠶᠠᠩᠵᠤ ᠬᠡᠯᠪᠡᠷᠢ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠰᠡᠳᠬᠢᠴᠡ᠂ ᠬᠠᠷᠠᠯᠲᠠ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠ ᠠᠵᠢᠯᠯᠠᠭ᠎ᠠ ᠶᠢᠨ ᠠᠷᠭ᠎ᠠ ᠮᠠᠶ᠋ᠢᠭ ᠵᠡᠷᠭᠡ ᠲᠠᠯ᠎ᠠ ᠪᠠᠷ ᠠᠯᠢ ᠤᠯᠠᠨ ᠦᠶᠯᠡᠳᠦᠯᠭᠡ ᠪᠠ ᠰᠢᠨ᠎ᠡ ᠡᠭᠦᠳᠦᠯᠲᠡ ᠬᠢᠵᠡᠶ᠃ ᠪᠢᠳᠡ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠲᠤᠰ ᠬᠠᠷᠢᠶ᠎ᠠ ᠣᠷᠣᠨ ᠤ ᠪᠠᠨ ᠳᠣᠲᠣᠷ᠎ᠠ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠡᠶ᠎ᠡ ᠵᠣᠬᠢᠴᠠᠯ ᠲᠠᠢ ᠪᠣᠯᠪᠠᠰᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠤᠢ ᠪᠣᠯᠭᠠᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2