ᠵᠢᠨᠢᠡᠭ ᠲᠤᠭᠤᠷᠢᠭ ᠤᠨ ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2020/11/17
                 ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠨᠢᠩ ᠲᠣᠭᠤᠷᠢᠭ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠬᠠᠷᠢᠶ᠎ᠠ ᠣᠷᠣᠨ ᠨᠢ ᠵᠡᠭᠦᠨᠰᠢ ᠪᠡᠭᠡᠵᠢᠩ ᠪᠤᠭᠤᠲᠤ ᠶᠢᠨ ᠲᠡᠮᠦᠷ ᠵᠠᠮ ᠤᠨ ᠱᠤᠭᠤᠮ ᠠᠴᠠ ᠡᠬᠢᠯᠡᠨ᠂ ᠪᠠᠷᠠᠭᠤᠨᠰᠢ 208 ᠥᠨᠳᠥᠷ ᠬᠤᠷᠳᠤᠴᠠᠲᠤ ᠵᠠᠰᠠᠮᠠᠯ ᠵᠠᠮ ᠬᠦᠷᠲᠡᠯ᠎ᠡ᠂ ᠡᠮᠦᠨᠡᠰᠢ ᠪᠡᠭᠡᠵᠢᠩ ᠠᠴᠠ ᠲᠥᠪᠡᠳ ᠬᠦᠷᠬᠦ ᠲᠦᠷᠭᠡᠨ ᠳᠠᠪᠬᠢᠬᠤ ᠵᠠᠰᠠᠮᠠᠯ ᠵᠠᠮ᠂ ᠤᠮᠠᠷᠠᠰᠢ ᠰᠢᠨ ᠬᠤᠸᠠ ᠵᠡᠭᠡᠯᠢ ᠲᠤ ᠬᠦᠷᠴᠦ ᠂ ᠶᠡᠷᠦᠩᠬᠡᠶ ᠲᠠᠯᠠᠪᠠᠢ ᠨᠢ 23.49 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 13050 ᠡᠷᠦᠬᠡ᠂ ᠶᠡᠷᠦᠩᠬᠡᠶ ᠬᠥᠮᠦᠨ ᠠᠮᠠ ᠨᠢ 33642 ᠪᠠᠶᠢᠵᠤ᠂ ᠡᠭᠦᠨ ᠳᠤ ᠪᠠᠶᠢᠩᠭᠤ 20621 ᠬᠥᠮᠦᠨ ᠰᠠᠭᠤᠵᠤ᠂ ᠨᠡᠭᠦᠳᠡᠯ ᠬᠥᠮᠦᠨ ᠠᠮᠠ 13021 ᠪᠠᠶᠢᠵᠤ᠂ ᠳᠣᠷᠣᠭᠰᠢ 10 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ  ᠢ ᠬᠠᠷᠢᠶᠠᠯᠠᠭᠤᠯᠵᠤ᠂ 55 ᠨᠢᠭᠡᠴᠡ  ᠪᠤᠢ᠃ ᠬᠠᠷᠢᠶ᠎ᠠ ᠣᠷᠣᠨ ᠨᠢ  ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠬᠠᠷᠢᠶᠠᠯᠠᠭᠳᠠᠨ᠎ᠠ᠂ ︽ᠲᠠᠪᠤ ᠢᠯᠡᠭᠦᠤ ᠭᠤᠷᠪᠠ ᠴᠥᠭᠡᠨ ᠨᠢᠭᠡ ᠪᠠᠭᠤᠷᠠᠶ︾ ᠭᠡᠳᠡᠭ ᠨᠢ ᠳᠠᠷᠤᠶ ᠠᠵᠢᠯ ᠥᠬᠡᠶ ᠬᠥᠮᠦᠨ ᠣᠯᠠᠨ᠂ ᠶᠠᠪᠤᠭᠤᠯ ᠬᠥᠮᠦᠨ ᠠᠮᠠ ᠣᠯᠠᠨ᠂ ᠶᠠᠳᠠᠭᠤ ᠬᠦᠴᠢᠷᠳᠡᠯᠲᠡᠶ ᠬᠥᠮᠦᠨ ᠠᠮᠠ ᠣᠯᠠᠨ᠂ ᠨᠠᠰᠤᠲᠠᠶᠢᠴᠤᠳ ᠣᠯᠠᠨ᠂ ᠬᠥᠳᠡᠭᠡ ᠲᠣᠰᠬᠤᠨ ᠲᠤ ᠰᠢᠯᠵᠢᠨ ᠬᠤᠲᠠ ᠣᠷᠣᠬᠤ ᠬᠥᠮᠦᠨ ᠠᠮᠠ ᠣᠯᠠᠨ ᠪᠠᠶᠢᠬᠤ ᠶᠠᠪᠤᠳᠠᠯ ᠪᠣᠯᠤᠨ᠎ᠠ᠃  ᠬᠠᠷᠢᠶ᠎ᠠ ᠬᠡᠰᠡᠭ ᠲᠤ ᠰᠠᠭᠤᠭ᠎ᠠ ᠨᠢᠭᠡᠴᠡ ᠴᠥᠭᠡᠨ᠂ ᠠᠵᠤ ᠦᠶᠯᠡᠳᠪᠦᠷᠢ ᠶᠢᠨ ᠲᠥᠷᠥᠯ ᠵᠦᠶᠯ ᠴᠥᠭᠡᠨ᠂ ᠭᠦᠶᠯᠭᠡᠭᠡᠨ ᠤ ᠠᠵᠤ ᠦᠶᠯᠡᠰ ᠴᠥᠭᠡᠨ᠂ ᠰᠠᠭᠤᠷᠢ ᠪᠡᠯᠡᠳᠬᠡᠮᠵᠢ ᠪᠠᠭᠤᠷᠠᠶ ᠪᠠᠶᠢᠭ᠎ᠠ ᠢᠯᠡ ᠲᠣᠳᠣ ᠣᠨᠴᠠᠯᠢᠭ  ᠎ ᠲᠠᠢ᠃          ᠤᠶᠢᠷ᠎ᠠ ᠶᠢᠨ ᠵᠢᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠨᠢ ᠰᠢ ᠶᠢᠨ ᠫᠢᠩ ᠤᠨ  ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠤ᠂  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠤ ᠶᠡᠷᠦᠩᠬᠡᠶ  ᠰᠠᠭᠠᠷᠳᠠᠯᠭ᠎ᠠ ᠶᠣᠰᠣᠭᠠᠷ᠂ ︽ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ᠂ ᠲᠣᠭᠲᠠᠭᠤᠨ ᠪᠠᠶᠢᠯᠭᠠᠬᠤ ᠪᠣᠯ ᠨᠢᠭᠡᠳᠦᠭᠡᠷ ᠬᠠᠷᠢᠭᠤᠴᠠᠯᠭ᠎ᠠ ᠮᠥᠨ᠂ ᠠᠷᠠᠳ ᠤᠨ ᠲᠥᠯᠥᠭᠡ ᠵᠢᠳᠬᠦᠬᠦ ᠪᠣᠯ ᠨᠢᠭᠡᠳᠦᠭᠡᠷ ᠬᠠᠷᠠᠯᠲᠠ᠂ ᠦᠶᠯᠡᠴᠢᠯᠡᠭᠡ ᠪᠣᠯ ᠨᠢᠭᠡᠳᠦᠭᠡᠷ ᠵᠣᠷᠢᠯᠲᠠ ᠮᠥᠨ᠃ ︽ᠲᠣᠭᠲᠠᠭᠤᠨ ᠪᠠᠶᠢᠳᠠᠯ ᠢ ᠬᠠᠮᠠᠭᠠᠯᠠᠵᠤ᠂ ᠡᠶ᠎ᠡ ᠵᠣᠬᠢᠴᠠᠯ ᠢ ᠠᠬᠢᠭᠤᠯᠬᠤ︾᠎ ᠪᠠᠷ ᠬᠦᠴᠦᠯᠡᠬᠦ ᠴᠡᠭ ᠪᠣᠯᠭᠠᠵᠤ᠂ ︽ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠣᠨᠴᠠᠯᠢᠭᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︾᠎ ᠪᠠᠷ  ᠭᠠᠷᠳᠠᠴᠠ ᠪᠣᠯᠭᠠᠵᠤ᠂ ᠰᠠᠭᠤᠷᠢ ᠶᠢ ᠴᠢᠩᠭᠠᠷᠠᠭᠤᠯᠬᠤ᠂  ᠦᠢᠯᠡᠴᠢᠯᠡᠭᠡᠨ ᠢ ᠥᠷᠭᠡᠳᠬᠡᠬᠦ᠂ ᠣᠪᠣᠷ ᠰᠤᠷᠲᠠᠯ ᠢ ᠬᠤᠪᠢᠷᠠᠭᠤᠯᠬᠤ᠂ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠠᠶ᠃ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠬᠦᠴᠦᠷᠬᠡᠭᠵᠢᠭᠦᠯᠬᠦ᠂ ᠨᠡᠷᠡᠲᠦ ᠲᠡᠮᠳᠡᠭ ᠢ ᠪᠣᠶ ᠪᠣᠯᠭᠠᠬᠤ᠂ ᠬᠢᠯᠠᠰ ᠴᠡᠭ ᠢ ᠪᠤᠶᠢᠵᠢᠭᠤᠯᠬᠤ ᠳᠡᠭᠡᠷ᠎ᠡ ᠬᠦᠴᠦ ᠲᠠᠯᠪᠢᠵᠠᠶ᠃ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠠᠷᠠᠳ ᠲᠦᠮᠡᠨ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ  ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ᠂ ᠠᠵᠤ ᠠᠬᠤᠶ᠂ ᠨᠡᠶᠢᠭᠡᠮ᠂ ᠤᠶᠤᠨ ᠤ ᠪᠣᠯᠪᠠᠰᠤᠨ᠂ ᠰᠣᠶᠣᠯ ᠵᠡᠷᠭᠡ ᠡᠯ᠎ᠡ ᠵᠦᠶᠯ ᠤᠨ ᠠᠵᠢᠯ ᠦᠶᠯᠡᠰ ᠵᠣᠬᠢᠴᠠᠩᠭᠤᠶ ᠪᠠᠷ ᠬᠥᠭᠵᠢᠭᠰᠡᠨ᠂ ᠨᠡᠶᠢᠭᠡᠮ  ᠤᠨ ᠡᠶ᠎ᠡ ᠵᠣᠬᠢᠴᠠᠯ ᠲᠠᠢ ᠰᠢᠨ᠎ᠡ  ᠪᠠᠶᠢᠳᠡᠯ  ᠢ ᠴᠢᠷᠮᠠᠶᠢᠨ ᠪᠤᠢ ᠪᠣᠯᠭᠠᠨ᠎ᠠ᠃                 ᠬᠠᠷᠢᠯᠴᠠᠬᠤ ᠤᠲᠠᠰᠤ᠄ 0474--8150036           ᠬᠠᠷᠢᠯᠴᠠᠬᠤ ᠬᠠᠶ᠋ᠢᠭ᠄ ᠵᠢᠨᠢᠩ ᠲᠣᠭᠤᠷᠢᠭ ᠤᠨ ᠵᠢᠢ ᠯᠢᠶᠠᠩ ᠵᠠᠮ ᠤᠨ 8 ᠳ᠋ᠤᠭᠠᠷ ᠨᠣᠮᠧᠷ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2