ᠵᠢᠨᠢᠩ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/11/19
           ᠨᠢᠭᠡᠳᠦᠭᠡᠷ ᠵᠦᠶᠯ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠵᠢᠨᠢᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ︵ᠲᠢᠩᠬᠢᠮ ᠲᠠᠷᠬᠠᠭᠠᠭᠰᠠᠨ ︹ 2019 ︺ 3 ᠳ᠋ᠤᠭᠠᠷ ᠲᠣᠭᠠᠲᠤ︶᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃            ᠬᠤᠶᠠᠳᠤᠭᠠᠷ ᠵᠦᠶᠯ  ᠵᠢᠨᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ ᠪᠣᠯᠤᠨ᠎ᠠ᠃            ᠭᠤᠷᠪᠠᠳᠤᠭᠠᠷ ᠵᠦᠶᠯ ᠵᠢᠨᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ‌‍ᠪᠣᠯ᠄            ︵ᠨᠢᠭᠡ︶ ᠠᠷᠠᠳ ᠤᠨ ᠶᠠᠪᠤᠳᠠᠯ ᠤᠨ ᠦᠶᠯᠡᠰ ᠤᠨ ᠬᠥᠭᠵᠢᠯᠲᠡ ᠶᠢᠨ ᠬᠠᠤᠯᠢ ᠲᠣᠭᠲᠠᠭᠠᠯ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃            ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠬᠠᠮᠢᠶᠠᠷᠬᠤ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ   ᠵᠢᠯᠣᠭᠤᠳᠴᠤ᠂  ᠲᠤᠭᠤᠷᠢᠭ ᠤᠨ ᠲᠣᠰ ᠱᠠᠲᠤᠨ ᠤ ᠰᠢᠭᠤᠳ ᠳᠠᠩᠰᠠᠯᠠᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃            ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ  ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠨᠢ ᠣᠷᠣ ᠥᠬᠡᠶ ᠲᠡᠨᠦᠭᠦᠴᠢᠯᠡᠵᠦ ᠭᠤᠶᠢᠷᠠᠨᠴᠢᠯᠠᠭᠰᠠᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃             ︵ᠳᠦᠷᠪᠡ︶ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠲᠠ ᠬᠥᠳᠡᠭᠡ ᠶᠢᠨ ᠨᠡᠶᠢᠭᠡᠮ  ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ  ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠶ᠃ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃             ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠬᠡᠷᠡᠭᠵᠢᠭᠦᠯᠵᠦ᠂ ᠪᠦᠬᠦ  ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ  ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠭᠠᠵᠠᠷ ᠤᠨ ᠨᠡᠷᠡᠶᠢᠳᠦᠯ ᠤᠨ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃             ︵ᠵᠢᠷᠭᠤᠭ᠎ᠠ︶ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂   ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃             ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠶᠯᠡᠴᠢᠯᠡᠭᠡᠨ ᠤ  ᠵᠢᠷᠤᠮᠵᠢᠯ᠊ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃          ︵ᠨᠠᠶᠢᠮᠠ︶ ᠪᠦᠬᠦ  ᠲᠤᠭᠤᠷᠢᠭ ᠤᠨ ᠨᠠᠰᠤᠲᠠᠶᠢᠴᠤᠳ  ᠤᠨ ᠠᠰᠠᠷᠠᠮᠵᠢ  ᠶᠢᠨ ᠦᠢᠯᠡᠴᠢᠯᠡᠭᠡᠨ  ᠤ ᠠᠵᠢᠯ  ᠢ ᠨᠢᠭᠡᠳᠦᠯᠲᠡᠢ  ᠲᠦᠯᠦᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ ᠂ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ  ᠪᠣᠳᠤᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠪᠦᠬᠦ ᠲᠤᠭᠤᠷᠢᠭ ᠤᠨ ᠮᠡᠳᠡᠷᠡᠯ ᠤᠨ ᠡᠪᠡᠳᠴᠢᠲᠡᠨ ᠤ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃            ︵ᠶᠢᠰᠦ︶  ᠲᠤᠭᠤᠷᠢᠭ ᠤᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠯᠡᠨ ᠠᠬᠢᠭᠤᠯᠬᠤ ᠬᠡᠷᠡᠭᠲᠡᠶ᠃           ︵ᠠᠷᠪᠠ︶ ᠬᠡᠤᠬᠡᠳ ᠤᠨ ᠠᠰᠠᠷᠠᠮᠵᠢ᠂ ᠥᠨᠥᠴᠢᠨ ᠥᠷᠥᠭᠡᠰᠦᠨ ᠬᠡᠤᠬᠡᠳ ᠤᠨ ᠪᠠᠲᠤᠯᠠᠭ᠎ᠠ᠂ ᠬᠡᠤᠬᠡᠳ ᠡᠷᠭᠦᠨ  ᠲᠡᠵᠢᠭᠡᠬᠦ᠂ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ  ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠳᠦᠷᠢᠮ ᠢ ᠪᠦᠷᠢᠨᠰᠢᠭᠦᠯᠦᠨ᠎ᠡ᠃             ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠡᠶᠢᠭᠡᠮ ᠤᠨ ᠲᠤᠰᠠᠯᠠᠨ ᠲᠡᠳᠬᠦᠬᠦ ᠠᠵᠢᠯ ᠢ ᠵᠢᠯᠣᠭᠤᠳᠤᠨ᠎ᠠ             ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ  ᠶᠢᠨ ᠠᠵᠢᠯᠯᠠᠭᠰᠠᠳ ᠤᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃            ︵ᠠᠷᠪᠠᠨ ᠭᠤᠷᠪᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ  ᠪᠠᠶᠢᠭᠤᠯᠤᠨ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠶᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ  ᠬᠠᠮᠠᠭᠠᠯᠠᠯᠲᠠ᠂ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠬᠢᠬᠦ ᠪᠠ ᠲᠣᠭᠲᠠᠭᠤᠨ  ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠢᠴᠢ ᠶᠠᠳᠠᠭᠤ ᠶᠢ ᠲᠡᠳᠬᠦᠬᠦ᠂ ᠵᠠᠰᠠᠭ  ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠡ᠃            ︵ᠠᠷᠪᠠᠨ ᠳᠥᠷᠪᠡᠨ︶ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃            ︵ᠠᠷᠪᠠᠨ ᠲᠠᠪᠤ︶  ᠵᠢᠨᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠦᠨᠳᠦᠰᠦᠨ ᠠᠷᠠᠳ ᠤᠨ ᠠᠮᠢᠳᠤᠷᠠᠯ ᠢ  ᠪᠠᠲᠤᠯᠠᠬᠤ ᠡᠭᠦᠷᠭᠡ ᠴᠢᠳᠠᠪᠤᠷᠢ ᠪᠠᠨ  ᠴᠢᠩᠭᠠᠳᠬᠠᠪᠠᠯ ᠵᠣᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ  ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ  ᠭᠦᠢᠴᠠᠳᠭᠡᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠬᠡᠦᠬᠡᠳ ᠵᠡᠷᠭᠡ ᠣᠨᠴᠠᠭᠠᠢ ᠬᠥᠮᠦᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠪᠠ ᠭᠤᠭᠴᠤᠭ᠎ᠠ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠵᠢᠭᠰᠡᠨ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠤᠭ ᠣᠷᠢᠭ ᠤᠨ ᠣᠯᠠᠨ ᠨᠡᠶᠢᠢᠲᠡ ᠶᠢᠨ ᠦᠶᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2