ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2020/11/19
         ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ‌‍ᠲ᠋ᠤᠭᠤᠷᠢᠭ ᠤᠨ ᠵᠠᠰᠠᠭ ᠤᠨ ᠣᠷᠳᠣᠨ ᠤ  ᠠᠯᠪᠡᠨ ᠬᠡᠷ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃          ᠭᠤᠣᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠲᠤᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ᠂ ᠡᠯᠧᠺᠲᠷᠣᠨ ᠵᠠᠰᠠᠭ ᠤᠨ  ᠶᠠᠪᠣᠳᠡᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ  ᠵᠢᠷᠦᠮᠵᠢᠯ᠂ ᠲᠥᠬᠦᠷ ᠳᠦᠷᠢᠮ  ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃          ︵ᠬᠤᠶᠠᠷ︶ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ ᠪᠠᠭᠤᠯᠭᠠᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ  ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ  ᠳᠤᠷᠠᠳᠪᠠ᠃         ︵ᠭᠤᠷᠪᠠ︶ ᠪᠦᠬᠦ  ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠤᠯᠪᠣᠭᠳᠠᠯ ᠪᠥᠬᠦᠶ ᠲᠦᠷᠢᠮ ᠲᠣᠭᠲᠠᠭᠠᠯ ᠤᠨ ᠲᠥᠰᠦᠯ ᠢ  ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ  ᠲᠤᠭᠤᠷᠢᠭ ᠤᠨ ᠵᠠᠰᠠᠭ ᠵᠠᠬᠢᠷᠭᠠᠨ ᠤ ᠡᠷᠬᠡ ᠪᠣᠯᠤᠨ ᠣᠯᠠᠨ ᠨᠡᠶᠢᠢᠲᠡ ᠶᠢᠨ ᠦᠶᠯᠡᠴᠢᠯᠡᠭᠡᠨ ᠤ ᠵᠦᠶᠯᠡᠰ ᠢ  ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠨ᠎ᠠ᠃ ︽ᠦᠨᠡᠮᠯᠡᠯ ᠢ ᠬᠠᠰᠤᠵᠤ ᠠᠷᠠᠳ ᠲᠤ ᠳᠥᠭᠦᠮ ᠦᠵᠡᠭᠦᠯᠬᠦ︾ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠦᠢᠷᠨᠢᠭᠦᠯᠪᠠ᠃ ᠦᠶᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠴᠣᠮᠬᠠᠳᠬᠠᠵᠤ᠂ ᠨᠢᠭᠡᠳᠦᠯᠲᠡᠶ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃          ︵ ᠳᠦᠷᠪᠡ︶  ᠲᠤᠭᠤᠷᠢᠭ ᠤᠨ  ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ  ᠬᠠᠷᠢᠭᠤᠴᠠᠨ᠎ᠠ᠃ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢᠨ  ᠬᠠᠮᠢᠨᠶᠠᠷᠤᠯᠲᠠ ᠶᠢᠨ ᠠᠵᠢᠯ᠂  ᠲᠤᠭᠤᠷᠢᠭ ᠤᠨ ᠵᠠᠰᠠᠭ ᠤᠨ ᠣᠷᠳᠣᠨ ᠤ ᠲᠣᠤᠷ ᠰᠦᠯᠵᠢᠶ᠎ᠡ ᠪᠣᠯᠤᠨ ᠬᠤᠲᠠ ᠶᠢᠨ ᠵᠠᠰᠠᠭ ᠤᠨ ᠣᠷᠳᠣᠨ ᠤ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂  ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠢᠨᠲ᠋ᠧᠷ ᠰᠦᠯᠵᠢᠶ᠎ᠡ ᠶᠢᠨ ᠪᠠᠶᠢᠭᠤᠯᠤᠯᠲᠠ ᠶᠢᠨ ᠡᠳᠦᠷ ᠲᠤᠲᠤᠮ ᠤᠨ ᠲᠡᠭᠡᠭᠡᠪᠦᠷᠢ ᠶᠢᠨ ᠳᠣᠨᠣᠳᠠᠰᠤ ᠵᠢᠴᠢ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃  ᠲᠤᠭᠤᠷᠢᠭ ᠤᠨ ᠠᠯᠪᠠᠨ ᠪᠢᠴᠢᠭ ᠤᠨ ᠠᠯᠪᠠᠨ ᠪᠢᠴᠢᠭ ᠤᠨ ᠠᠵᠢᠯ ᠢ ᠨᠢᠭᠡ ᠴᠣᠭᠴᠠᠵᠢᠭᠤᠯᠬᠤ ᠶᠢᠨ ᠪᠦᠲᠦᠭᠡᠨ  ᠪᠠᠶᠢᠭᠤᠯᠵᠤ ᠳᠡᠯᠭᠡᠷᠡᠭᠦᠯᠬᠦ ᠠᠵᠢᠯ ᠢ ᠬᠠᠷᠢᠭᠤᠴᠠᠬᠤ ᠬᠡᠷᠡᠭᠲᠡᠶ᠃ ᠲᠣᠰ ᠰᠠᠯᠠᠭ᠎ᠠ ᠮᠥᠴᠢᠷ ᠤᠨ ᠢᠶᠠᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠢ  ᠵᠤᠬᠢᠴᠠᠭᠤᠯᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠲᠠ ᠳᠤ  ᠣᠷᠣᠯᠴᠠᠭᠤᠯᠤᠨ᠎ᠠ᠃ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠴᠠᠭᠤᠯᠤᠨ ᠬᠢᠨᠠᠨ ᠵᠥᠪᠰᠢᠶᠡᠷᠡᠬᠦ  ᠭᠤᠭᠴᠤᠭ᠎ᠠ  ᠶᠢ ᠳᠥᠭᠦᠮᠴᠢᠯᠡᠵᠦ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠬᠠᠮᠵᠢᠯᠴᠠᠨ ᠬᠢᠨᠠᠨ  ᠵᠥᠪᠰᠢᠶᠡᠷᠡᠬᠦ ᠶᠢ ᠠᠬᠢᠭᠤᠯᠵᠤ᠂ ᠣᠯᠠᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠵᠦᠶᠯᠡᠰ ᠢ ᠬᠠᠮᠲᠤᠷᠠᠨ ᠬᠢᠨᠠᠨ ᠵᠥᠪᠰᠢᠶᠡᠷᠡᠬᠦ ᠶᠢ ᠵᠣᠬᠢᠶᠠᠨ ᠪᠠᠶᠢᠭᠤᠯᠤᠨ᠎ᠠ᠃            ︵ᠲᠠᠪᠤ︶  ᠲᠤᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ  ᠶᠠᠪᠤᠳᠡᠯ ᠢ ᠢᠯᠡ ᠪᠣᠯᠭᠠᠬᠤ ᠠᠵᠢᠯ ᠢ ᠵᠣᠬᠢᠴᠠᠭᠤᠯᠬᠤ᠂ ᠵᠢᠯᠣᠭᠤᠳᠬᠤ᠂ ᠬᠢᠨᠠᠯᠲᠠ ᠲᠠᠯᠪᠢᠬᠤ ᠬᠡᠷᠡᠭᠲᠡᠶ᠃            ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ  ᠪᠠᠶᠢᠭᠤᠯᠤᠨ᠎ᠠ᠃ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠠᠵᠢᠯᠯᠠᠭᠠᠨ ᠤ  ᠬᠠᠮᠢᠶᠠᠷᠤᠯᠲᠠ ᠵᠢᠴᠢ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ᠊ ᠤᠨ ᠦᠶᠯᠡᠴᠢᠯᠡᠭᠡᠨ ᠤ ᠴᠣᠩᠬᠤ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠵᠢᠴᠢ ᠬᠢᠨᠠᠯᠲᠠ ᠲᠠᠯᠪᠢᠵᠤ  ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ ᠵᠣᠬᠢᠶᠠᠨ ᠪᠠᠶᠢᠭᠤᠯᠵᠤ᠂  ᠵᠣᠬᠢᠴᠠᠭᠤᠯᠤᠨ᠂ ᠬᠢᠨᠠᠯᠲᠠ ᠲᠠᠯᠪᠢᠵᠤ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ  ᠢ ᠦᠨᠡᠯᠡᠨ ᠵᠢᠱᠢᠬᠦ ᠠᠵᠢᠯ ᠢ ᠬᠠᠷᠢᠭᠤᠴᠠᠨ  ᠦᠷᠨᠢᠭᠦᠯᠦᠨ᠎ᠡ᠃            ︵ᠳᠣᠯᠤᠭ᠎ᠠ︶ ᠪᠦᠬᠦ  ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ  ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠤᠯᠪᠣᠭᠳᠠᠯ ᠪᠦᠬᠦᠢ ᠰᠠᠨᠠᠯ ᠥᠭᠬᠦ᠂ ᠵᠠᠭᠠᠯᠳᠤᠬᠤ᠂ ᠰᠠᠨᠠᠭᠤᠯᠭ᠎ᠠ ᠳᠤᠷᠠᠳᠬᠤ ᠠᠵᠢᠯ ᠢ ᠬᠦᠯᠢᠶᠡᠨ ᠠᠪᠴᠤ ᠰᠢᠶᠳᠪᠦᠷᠢᠯᠡᠨ᠎ᠡ᠃          ᠪᠥᠬᠦ ᠲᠤᠭᠤᠷᠢᠭ ᠤᠨ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠵᠢᠴᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢᠨ ᠲᠠᠪᠴᠠᠩ ᠤᠨ ᠬᠡᠷᠡᠭᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠬᠡᠷᠡᠭᠯᠡᠯᠲᠡ ᠶᠢ ᠠᠬᠢᠭᠤᠯᠵᠤ᠂ ᠵᠠᠰᠠᠭ ᠤᠨ  ᠶᠠᠪᠣᠳᠡᠯ ᠤᠨ ᠦᠶᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠪᠠ ᠠᠵᠤ  ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ ᠣᠷᠣᠬᠤ︾᠂ ︽ᠨᠢᠭᠡ ᠯᠡ ᠤᠳᠠᠭ᠎ᠠ ᠭᠦᠶᠦᠬᠦ︾᠎ ᠶᠢ ᠠᠬᠢᠭᠤᠯᠤᠨ᠎ᠠ᠃            ︵ ᠨᠠᠢᠮᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ  ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠶ ᠦᠶᠯᠡᠳᠪᠦᠷᠢᠯᠡᠯ ᠵᠢᠴᠢ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃            ︵ᠶᠢᠰᠦ︶  ᠲᠤᠭᠤᠷᠢᠭ ᠤᠨ  ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃             ᠤᠲᠠᠰᠤ᠄ 0474 — 8810085             ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B ᠲᠣᠭᠤᠷᠢᠭ ᠤᠨ 3 ᠳ᠋ᠤᠭᠠᠷ ᠨᠣᠮᠧᠷᠲᠤ ᠠᠰᠠᠷ             ᠢᠮᠧᠯ᠄ jnqxzdt@163. com
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2