ᠵᠢᠨᠢᠩ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/11/19
                   ᠵᠢᠨᠢᠩ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠪᠣᠯ᠄              ︵ᠨᠢᠭᠡ︶ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠪᠡ᠂ ᠪᠠᠷᠢᠮᠵᠢᠶ᠎ᠠ ᠶᠢ ᠬᠡᠷᠡᠭᠵᠢᠭᠦᠯᠦᠨ᠎ᠡ᠃             ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ  ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠶᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ  ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ  ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃             ︵ᠭᠤᠷᠪᠠ︶ ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ  ᠪᠣᠳᠤᠯᠭ᠎ᠠ ᠶᠢ ᠬᠡᠷᠡᠭᠵᠢᠭᠦᠯᠦᠨ᠎ᠡ᠃ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ  ᠪᠠᠶᠢᠭᠤᠯᠣᠨ ᠪᠦᠷᠢᠨᠰᠢᠭᠦᠯᠵᠦ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ  ᠥᠭᠡᠷᠡᠴᠢᠯᠡᠯᠲᠡ ᠶᠢᠨ ᠲᠥᠰᠦᠯ ᠢ ᠬᠡᠷᠡᠭᠵᠢᠭᠦᠯᠦᠨ᠎ᠡ᠃            ︵ᠳᠥᠷᠪᠡ︶ ᠤᠯᠤᠰ ᠤᠨ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠶᠯᠡᠴᠢᠯᠡᠭᠡᠨ ᠤ ᠲᠥᠷᠥᠯ ᠵᠦᠶᠯ᠂ ᠡᠮᠴᠢᠯᠡᠭᠡᠨ ᠤ ᠦᠶᠯᠡᠴᠢᠯᠡᠭᠡᠨ ᠤ ᠪᠡᠯᠡᠳᠬᠡᠮᠵᠢ ᠶᠢᠨ  ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠬᠡᠷᠡᠭᠵᠢᠭᠦᠯᠦᠨ᠎ᠡ᠃           ︵ᠲᠠᠪᠤ︶ ᠲᠣᠭᠲᠠᠭᠰᠠᠨ ᠴᠢᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠵᠣᠭᠤᠰ ᠥᠭᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ  ᠨᠡᠶᠢᠲᠡᠯᠡᠬᠦ ᠳᠦᠷᠢᠮ  ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠶᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ  ᠢ ᠬᠢᠨᠠᠨ ᠬᠠᠮᠢᠶᠠᠷᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ  ᠠᠵᠢᠯᠠᠯᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃            ︵ᠵᠢᠷᠭᠤᠭ᠎ᠠ︶ ᠡᠮᠨᠡᠯᠭᠡ ᠶᠢᠨ ᠪᠠᠲᠤᠯᠠᠭ᠎ᠠ ᠶᠢ ᠭᠠᠷᠲᠠᠨ ᠭᠦᠶᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠎ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃          ︵ᠳᠣᠯᠤᠭ᠎ᠠ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠨᠢᠭᠡᠳᠦᠯᠲᠡᠶ ᠳᠦᠷᠢᠮ  ᠢ ᠲᠡᠭᠦᠯᠳᠡᠷᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ︽ᠭᠤᠷᠪᠠᠨ ᠡᠮ ᠡᠮᠨᠡᠯᠭᠡ ᠶᠢᠨ ᠬᠤᠯᠪᠣᠭᠠᠯᠠᠨ  ᠬᠦᠳᠡᠯᠦᠯᠴᠠᠬᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ  ᠰᠠᠶᠢᠲᠦᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃             ᠤᠲᠠᠰᠤ᠄ 0474 — 8188229᠂ 0474 — 8188230             ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A ᠲᠣᠭᠤᠷᠢᠭ ᠤᠨ 5 ᠳ᠋ᠤᠭᠠᠷ ᠨᠣᠮᠧᠷᠲᠤ ᠠᠰᠠᠷ             ᠰᠢᠦᠳᠠᠨ ᠬᠠᠶᠢᠷᠴᠠᠭ᠄ jnqylbzj@163 . com
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2