ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2020/11/19
               ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠦᠭᠡᠳ ᠵᠢᠩᠬᠢᠨᠢ ᠰᠠᠯᠠᠭᠠᠨ ᠤ ᠳᠡᠰ ᠪᠣᠯᠤᠨ᠎ᠠ ᠃ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ  ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠫᠠᠶᠢᠰᠠ ᠶᠢ  ᠡᠯᠭᠦᠵᠦ ᠪᠤᠢ᠃ ᠭᠤᠣᠯ ᠡᠭᠦᠷᠭᠡ ᠬᠠᠷᠢᠭᠤᠴᠠᠯᠭ᠎ᠠ᠄           ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ  ᠶᠢᠨ ᠪᠣᠳᠣᠯᠭ᠎ᠠ ᠶᠢ ᠲᠤᠭᠤᠰᠢᠯᠠᠭᠤᠯᠵᠠᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠶᠢᠲᠡᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ  ᠴᠢᠩᠭᠠᠳᠬᠠᠨ᠎ᠠ᠃         ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠬᠥᠭᠵᠢᠯᠲᠡ ᠶᠢᠨ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ  ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ  ᠲᠣᠭᠲᠠᠭᠠᠵᠤ᠂ ᠡᠷᠡᠭᠦᠯ ᠡᠩᠬᠡ ᠵᠢᠨᠢᠩ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠣᠬᠢᠴᠠᠭᠤᠯᠤᠨ ᠠᠬᠢᠭᠤᠯᠤᠨ᠎ᠠ  ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠵᠤ᠂ ᠪᠥᠬᠦ  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ  ᠠᠷᠭ᠎ᠠ ᠬᠡᠮᠵᠢᠶ᠎ᠡ ᠶᠢ ᠲᠤᠭᠤᠷᠪᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠷᠣᠨ ᠨᠤᠲᠤᠭ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ  ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ᠂ ᠤᠯᠠᠨ ᠡᠰᠢᠵᠢᠬᠦ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠲᠡᠯ᠎ᠡ ᠤᠷᠲᠤᠳᠬᠠᠬᠤ ᠶᠢ ᠲᠦᠯᠬᠢᠨ ᠠᠬᠢᠭᠤᠯᠬᠤ ᠵᠡᠷᠭᠡ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ  ᠬᠦᠨᠵᠢᠭᠡᠶᠢᠷᠡᠬᠦᠯᠬᠦ ᠶᠢ ᠵᠣᠬᠢᠴᠠᠭᠤᠯᠤᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ  ᠃ ᠪᠥᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠢᠭᠡᠶᠢᠷᠡᠬᠦᠯᠬᠦ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠬᠤ ᠶᠢ ᠠᠬᠢᠭᠤᠯᠬᠤ ᠭᠤᠤᠯ ᠴᠣᠭᠴᠠ ᠶᠢᠨ ᠣᠯᠠᠨ ᠡᠰᠢᠵᠢᠭᠰᠡᠨ᠂ ᠠᠷᠭ᠎ᠠ ᠮᠠᠶ᠋ᠢᠭ ᠤᠨ ᠣᠯᠠᠨ ᠶᠠᠩᠵᠤᠯᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠪᠥᠬᠦ  ᠲᠤᠭᠤᠷᠢᠭ ᠤᠨ ᠡᠮᠴᠢᠯᠡᠭᠡᠨ ᠤ ᠦᠶᠯᠡᠴᠢᠯᠡᠭᠡ ᠪᠠ ᠡᠮ ᠤᠨ ᠵᠦᠶᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ  ᠶᠢᠨ ᠰᠠᠨᠠᠭᠤᠯᠭ᠎ᠠ ᠶᠢ ᠳᠤᠷᠠᠳᠪᠠ᠃            ︵ᠭᠤᠷᠪᠠ︶ ᠪᠥᠬᠦ  ᠲᠤᠭᠤᠷᠢᠭ ᠤᠨ ᠡᠪᠡᠳᠴᠢᠨ ᠡᠮᠭᠡᠭ  ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ᠂ ᠤᠯᠤᠰ  ᠤᠨ ᠡᠭᠡᠯᠢᠯᠡᠭᠡ ᠶᠢᠨ ᠲᠥᠯᠥᠪᠵᠢᠭᠦᠯᠭᠡ ᠵᠢᠴᠢ ᠠᠷᠠᠳ ᠲᠦᠮᠡᠨ  ᠎ ᠤ ᠡᠷᠡᠭᠦᠯ ᠮᠡᠨᠳᠤ ᠤᠯᠠᠨ ᠨᠡᠶᠢᠲᠡ ᠶᠢᠨ ᠡᠷᠡᠭᠦᠯ  ᠬᠠᠮᠠᠭᠠᠯᠠᠯ ᠲᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠲᠤ ᠭᠠᠷ ᠲᠦᠷᠦᠭᠦ ᠠᠷᠭ᠎ᠠ   ᠬᠡᠮᠵᠢᠶ᠎ᠠ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ ᡾᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠪᠦᠬᠦ  ᠲᠤᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ  ᠃ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃            ︵ᠳᠥᠷᠪᠡ︶ ᠬᠥᠮᠦᠨ ᠠᠮᠠ ᠶᠢᠨ ᠨᠠᠰᠤᠵᠢᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠪᠥᠭᠡᠳ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ  ᠃ ᠪᠦᠬᠦ  ᠲᠤᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠮᠨᠡᠯᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠵᠤ᠂ ᠨᠠᠰᠤᠵᠢᠯ ᠤᠨ ᠦᠶᠯᠡᠰ ᠪᠠ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ᠂ ᠡᠮ ᠡᠮᠨᠡᠯᠭᠡ ᠬᠢᠭᠡᠳ ᠵᠢᠭᠤᠯᠴᠢᠯᠠᠯ᠂  ᠪᠡᠶ᠎ᠡ ᠶᠢᠨ ᠲᠠᠮᠢᠷ᠂ ᠢᠳᠡᠭᠡᠨ ᠪᠠ ᠢᠨᠲ᠋ᠤᠷ ᠰᠦᠯᠵᠢᠶ᠎ᠡ ᠵᠡᠷᠭᠡ ᠠᠵᠢᠯ ᠲᠦᠷᠦᠯ ᠤᠨ ᠭᠦᠨᠵᠡᠭᠡᠶ ᠠᠭᠤᠰᠤᠯᠴᠠᠯ ᠢ  ᠠᠬᠢᠭᠤᠯᠤᠨ᠎ᠠ᠃             ︵ᠲᠠᠪᠤ︶ ᠤᠯᠤᠰ ᠎ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ ᠳᠦᠷᠢᠮ  ᠢ ᠨᠠᠶᠢᠳᠠᠪᠤᠷᠢᠵᠢᠭᠤᠯᠬᠤ᠂ ᠤᠯᠤᠰ ᠤᠨ ᠡᠮ ᠤᠨ ᠵᠦᠶᠯ ᠤᠨ ᠬᠠᠤᠯᠢ ᠶᠢᠨ ᠪᠢᠴᠢᠭ ᠪᠣᠯᠤᠨ ᠤᠯᠤᠰ ᠤᠨ ᠦᠨᠳᠦᠰᠦᠨ ᠡᠮ ᠤᠨ ᠵᠦᠶᠯ ᠤᠨ ᠭᠠᠷᠴᠠᠭ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠶᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠠᠶᠤᠯ ᠦᠭᠡᠶ ᠶᠢᠨ ᠪᠠᠷᠢᠮᠵᠢᠶ᠎ᠠ ᠶᠢ ᠮᠥᠷᠳᠡᠬᠦ ᠵᠢᠴᠢ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠪᠣᠯᠤᠨ ᠳᠤᠲᠠᠭᠳᠠᠵᠤ ᠪᠠᠶᠢᠭ᠎ᠠ ᠡᠮ ᠤᠨ ᠵᠦᠶᠯ ᠢ ᠰᠡᠷᠡᠮᠵᠢᠯᠡᠭᠦᠯᠬᠦ ᠠᠵᠢᠯ ᠢ ᠥᠷᠨᠢᠭᠦᠯᠬᠦ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠵᠦ ᠦᠨᠡᠯᠡᠬᠦ ᠶᠢ ᠵᠣᠬᠢᠶᠠᠨ ᠪᠠᠶᠢᠭᠤᠯᠤᠨ  ᠦᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃            ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠵᠢᠷᠤᠮᠵᠢᠭᠰᠠᠨ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ  ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ  ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠨᠡᠶᠢᠲᠡᠯᠡᠨ᠎ᠡ  ᠃ ︽ᠲᠠᠮᠠᠬᠢ ᠶᠢ ᠬᠢᠵᠠᠭᠠᠷᠯᠠᠬᠤ ᠪᠦᠳᠦᠭᠦᠪᠴᠢ ᠨᠡᠶᠢᠲᠡ ᠶᠢᠨ ᠭᠡᠷ᠎ᠡ ︾᠎ ᠶᠢᠨ ᠭᠡᠷ᠎ᠡ ᠶᠢ ᠭᠦᠶᠴᠡᠳᠬᠡᠬᠦ ᠠᠵᠢᠯ ᠢ   ᠭᠦᠶᠴᠡᠳᠬᠡᠨ᠎ᠡ᠃             ︵ᠳᠣᠯᠤᠭ᠎ᠠ︶ ᠪᠥᠬᠦ  ᠲᠤᠭᠤᠷᠢᠭ ᠤᠨ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠶᠯᠡᠴᠢᠯᠡᠭᠡᠨ ᠤ ᠠᠵᠢᠯ  ᠲᠦᠷᠤᠯ  ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ  ᠃ ᠡᠮᠴᠢᠯᠡᠭᠡᠨ ᠤ ᠦᠶᠯᠡᠴᠢᠯᠡᠭᠡ ᠶᠢᠨ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ  ᠪᠠᠶᠢᠭᠤᠯᠤᠯᠲᠠ  ᠲᠡᠭᠦᠯᠳᠡᠷᠵᠢᠭᠦᠯᠦᠨ᠎ᠡ  ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ  ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ  ᠃ ᠪᠥᠬᠦ  ᠲᠤᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠴᠢᠯᠡᠭᠡᠨ ᠤ ᠦᠶᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠴᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠶᠯᠡᠴᠢᠯᠡᠭᠡᠨ ᠤ ᠵᠢᠷᠤᠮᠵᠢᠯ ᠢ  ᠲᠤᠭᠲᠠᠭᠠᠨ᠎ᠠ  ᠃ ᠡᠭᠦᠨ ᠤ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃              ︵ ᠨᠠᠢᠮᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠲᠥᠯᠥᠪᠯᠡᠭᠡᠲᠦ ᠦᠷᠡᠵᠢᠯ ᠤᠨ  ᠲᠦᠷᠤ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠪᠠ ᠲᠦᠷᠦᠭᠦ ᠬᠥᠮᠦᠨ ᠠᠮᠠ ᠶᠢᠨ ᠬᠡᠪ ᠴᠢᠨᠠᠷ ᠢ ᠳᠡᠭᠡᠭᠰᠢᠯᠡᠭᠦᠯᠬᠦ  ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ  ᠃ ᠲᠥᠯᠥᠪᠯᠡᠭᠡᠲᠦ ᠦᠷᠡᠵᠢᠯ ᠤᠨ ᠠᠰᠢᠭ ᠲᠤᠰᠠ ᠶᠢᠨ ᠤᠳᠤᠷᠢᠳᠤᠮᠵᠢ ᠪᠠ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢ ᠠᠬᠢᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠲᠥᠯᠥᠪᠯᠡᠭᠡᠲᠦ ᠦᠷᠡᠵᠢᠯ ᠤᠨ ᠱᠠᠩᠨᠠᠨ ᠲᠡᠳᠬᠦᠬᠦ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠦᠴᠢᠷᠳᠡᠯᠲᠡᠶ ᠬᠡᠷ ᠪᠦᠯᠢ ᠶᠢ ᠲᠡᠳᠬᠦᠨ ᠳᠡᠮᠵᠢᠬᠦ ᠵᠡᠷᠭᠡ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠣᠯᠠᠨ ᠲᠦᠮᠡᠨ ᠤ ᠪᠦᠯᠬᠦᠮ  ᠲᠥᠯᠥᠪᠯᠡᠭᠡᠲᠦ ᠦᠷᠡᠵᠢᠯ ᠤᠨ ᠠᠵᠢᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠲᠣᠭᠲᠠᠴᠠ ᠶᠢ  ᠪᠠᠶᠢᠭᠤᠯᠤᠨ᠎ᠠ᠃              ︵ᠶᠢᠰᠦ︶ ᠪᠦᠬᠦ  ᠲᠤᠭᠤᠷᠢᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠴᠢᠯᠡᠭᠡ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠥᠭᠵᠢᠯᠲᠡ ᠶᠢᠨ ᠲᠥᠯᠥᠪᠵᠢᠭᠦᠯᠪᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡ  ᠤᠨ ᠰᠢᠰᠲ᠋ᠧᠮᠵᠢ ᠶᠢᠨ ᠪᠠᠶᠢᠭᠤᠯᠤᠯᠲᠠ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠤᠮᠵᠢ ᠶᠢᠨ ᠠᠵᠢᠯᠯᠠᠭᠠᠨ ᠤ ᠰᠢᠨ᠎ᠡ  ᠲᠣᠭᠲᠠᠴᠠ ᠪᠣᠯᠤᠨ ᠬᠥᠳᠡᠭᠡ ᠲᠣᠰᠬᠤᠨ ᠤ ᠡᠮᠴᠢ ᠶᠢᠨ ᠬᠠᠮᠢᠶᠠᠷᠤᠯᠲᠠ ᠶᠢᠨ ᠳᠦᠷᠢᠮ  ᠢ ᠪᠠᠶᠢᠭᠤᠯᠤᠨ ᠪᠦᠷᠢᠨᠰᠢᠭᠦᠯᠦᠨ᠎ᠡ᠃              ︵ᠠᠷᠪᠠ︶ ᠪᠦᠬᠦ  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠬᠥᠭᠵᠢᠯᠲᠡ ᠶᠢᠨ  ᠲᠦᠷᠤ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃              ︵ᠠᠷᠪᠠᠨ ᠨᠢᠭᠡ︶ ᠪᠦᠬᠦ  ᠲᠤᠭᠤᠷᠢᠭ ᠤᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠬᠠᠷᠢᠭᠤᠴᠠᠵᠤ᠂ ᠪᠦᠬᠦ  ᠲᠤᠭᠤᠷᠢᠭ ᠤᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠣᠶᠣᠯ ᠢ ᠵᠠᠯᠭᠠᠮᠵᠢᠯᠠᠨ ᠬᠥᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮ ᠡᠮᠨᠡᠯᠭᠡ᠂ ᠡᠷᠡᠭᠦᠯᠵᠢᠯ᠂ ᠰᠤᠷᠭᠠᠨ ᠬᠥᠮᠦᠵᠢᠯ᠂  ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠪᠣᠯᠤᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠨ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ  ᠬᠥᠭᠵᠢᠭᠦᠯᠬᠦ ᠶᠢ ᠠᠬᠢᠭᠤᠯᠤᠨ᠎ᠠ᠃              ︵ᠠᠷᠪᠠᠨ ᠬᠤᠶᠠᠷ︶ ᠪᠥᠬᠦ  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ  ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ  ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠣᠷᠣᠨ ᠤ ᠭᠠᠳᠠᠨᠠᠬᠢ ᠲᠣᠮᠣ ᠬᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ ᠪᠣᠯᠤᠨ ᠪᠦᠯᠦᠭᠯᠡᠯ ᠯᠦᠭᠡ  ᠰᠤᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃             ︵ᠠᠷᠪᠠᠨ ᠭᠤᠷᠪᠠ︶ ᠪᠥᠬᠦ  ᠲᠤᠭᠤᠷᠢᠭ ᠤᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠤᠨ ᠠᠵᠢᠯ ᠢ  ᠬᠠᠷᠢᠭᠤᠴᠠᠵᠦ᠂  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠡᠷᠡᠭᠦᠯᠵᠢᠯ ᠤᠨ ᠡᠮᠴᠢᠯᠡᠭᠡᠨ ᠤ ᠲᠠᠯ᠎ᠠ ᠪᠠᠷ ᠬᠢ ᠬᠤᠯᠪᠣᠭᠳᠠᠯ ᠪᠥᠬᠦᠶ ᠠᠵᠢᠯ ᠤᠨ ᠡᠭᠦᠷᠭᠡ ᠵᠢᠴᠢ ᠬᠠᠮᠢᠶ᠎ᠠ ᠪᠥᠬᠦᠶ ᠵᠦᠶᠯᠡᠰ ᠢ ᠳᠠᠭᠠᠭᠠᠨ ᠭᠦᠶᠴᠡᠳᠬᠡᠨ᠎ᠡ  ᠃ ᠴᠢᠬᠤᠯᠠ ᠬᠤᠷᠠᠯ ᠪᠣᠯᠤᠨ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃            ︵ᠠᠷᠪᠠᠨ ᠳᠥᠷᠪᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠮᠤᠷ ᠲᠦᠪᠰᠢᠨ ᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠶᠤᠯᠲᠠᠶ ᠬᠢᠮᠢ ᠶᠢᠨ ᠪᠣᠳᠠᠰ ᠤᠨ ᠬᠤᠤᠷᠲᠤ ᠴᠢᠨᠠᠷ ᠢ ᠬᠢᠨᠠᠨ ᠲᠣᠭᠲᠠᠭᠠᠬᠤ ᠬᠠᠮᠢᠶᠠᠷᠤᠯᠲᠠ ᠪᠠ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠠᠶᠤᠯ ᠦᠭᠡᠢ ᠪᠠᠷ ᠰᠢᠶᠳᠪᠦᠷᠢᠯᠡᠬᠦ ᠬᠠᠮᠢᠶᠠᠷᠦᠯᠲᠠ ᠶᠢ ᠬᠠᠷᠢᠭᠤᠴᠠᠨ᠎ᠠ  ᠃ ᠰᠠᠴᠤᠷᠠᠭ ᠴᠢᠨᠠᠷᠲᠠᠶ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠤᠷᠢᠳᠴᠢᠯᠠᠨ ᠦᠨᠡᠯᠡᠭᠰᠡᠨ  ᠮᠡᠳᠡᠭᠦᠯᠦᠯᠲᠡ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠢᠳᠡᠪᠬᠢ ᠴᠢᠨᠠᠷᠲᠠᠶ ᠠᠵᠢᠯ ᠤᠨ ᠨᠥᠯᠥᠭᠡᠨ ᠤ ᠡᠪᠡᠳᠴᠢᠨ ᠤ ᠬᠤᠤᠷ  ᠬᠥᠨᠥᠭᠡᠯ ᠢᠶᠠᠷ ᠬᠦᠨᠳᠦ ᠨᠣᠴᠢᠲᠠᠶ ᠪᠦᠲᠦᠭᠡᠨ ᠪᠠᠶᠢᠭᠤᠯᠤᠯᠲᠠ ᠶᠢᠨ ᠵᠦᠶᠯᠡᠰ ᠤᠨ ᠰᠡᠷᠭᠡᠶᠢᠯᠡᠨ ᠬᠠᠮᠠᠭᠠᠯᠠᠬᠤ  ᠲᠦᠬᠦᠷᠤᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ  ᠴᠢᠨᠡᠷᠲᠠᠢ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠵᠦᠶᠯᠡᠰ ᠤᠨ ᠪᠠᠷᠢᠯᠭ᠎ᠠ ᠳᠠᠭᠤᠰᠴᠤ ᠰᠢᠯᠭᠠᠨ ᠠᠪᠬᠤ  ᠂ ᠦᠶᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ  ᠠᠵᠢᠯ ᠢ ᠬᠠᠷᠢᠭᠤᠴᠠᠨ᠎ᠠ  ᠃ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ᠂ ᠬᠢᠨᠠᠨ ᠲᠣᠭᠲᠠᠭᠠᠬᠤ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃          ︵ᠠᠷᠪᠠᠨ ᠲᠠᠪᠤ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭᠠᠨ ᠤ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠢ ᠲᠣᠭᠲᠠᠭᠠᠯ ᠶᠣᠰᠣᠭᠠᠷ ᠪᠦᠬᠦᠨ ᠢ  ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠲᠥᠪᠯᠡᠷᠡᠭᠦᠯᠬᠦ᠂  ᠨᠢᠭᠡᠳᠭᠡᠬᠦ᠂ ᠢᠯᠡ ᠪᠣᠯᠭᠠᠬᠤ︾᠎ ᠳᠤ ᠣᠷᠣᠭᠤᠯᠵᠤ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠥᠷᠲᠡᠭᠡ ᠪᠠᠷ ᠬᠢᠨᠠᠨ ᠵᠥᠪᠰᠢᠶᠡᠷᠡᠬᠦ᠂ ᠨᠢᠭᠡ ᠬᠡᠯᠬᠢᠶ᠎ᠡ ᠪᠠᠷ ᠦᠶᠯᠡᠴᠢᠯᠡᠬᠦ︾ ᠠᠵᠢᠯᠯᠠᠭᠠᠨ ᠤ ᠵᠠᠭᠪᠤᠷ ᠢ ᠪᠥᠬᠦ ᠲᠠᠯ᠎ᠠ ᠪᠠᠷ ᠪᠡᠶᠡᠯᠡᠭᠦᠯᠦᠨ᠎ᠡ  ᠃ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠠᠴᠠ ᠡᠮᠦᠨᠡᠬᠢ ᠴᠢᠬᠤᠯᠠ ᠨᠥᠬᠦᠴᠡᠯ ᠤᠨ ᠲᠤᠭ᠎ᠠ ᠬᠡᠮᠵᠢᠶ᠎ᠡ ᠶᠢ  ᠶᠡᠬᠡᠪᠡᠷ ᠪᠠᠭᠠᠰᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠥᠬᠡᠶ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠪᠠ ︽ᠪᠤᠰᠤᠳ ᠪᠢᠴᠢᠭ ᠮᠠᠲ᠋ᠧᠷᠢᠶᠠᠯ᠂ ᠮᠠᠲ᠋ᠧᠷᠢᠶᠠᠯ ︾ ᠵᠡᠷᠭᠡ ᠪᠠᠯᠠᠷᠬᠠᠶ ᠴᠢᠨᠠᠷ᠂ ᠲᠣᠭᠲᠠᠭᠠᠯᠲᠤ ᠪᠤᠰᠤ  ᠴᠢᠨᠡᠷ ᠱᠠᠭᠠᠷᠳᠠᠯᠭ᠎ᠠ ᠶᠢ ᠴᠥᠮ ᠬᠦᠴᠦᠨ ᠥᠬᠡᠶ ᠪᠣᠯᠭᠠᠨ᠎ᠠ︔ ︽ᠰᠢᠭᠦᠬᠦ ᠪᠠ ᠬᠠᠮᠢᠶᠠᠷᠬᠤ ᠶᠢ ᠰᠠᠯᠭᠠᠬᠤ᠂ ᠱᠠᠲᠤ ᠳᠠᠪᠬᠤᠷᠭ᠎ᠠ ᠨᠢ ᠳᠣᠣᠷ᠎ᠠ᠂ ᠡᠷᠬᠡ ᠬᠠᠷᠢᠭᠤᠴᠠᠯᠭ᠎ᠠ ᠨᠢ  ᠠᠳᠡᠯᠢ ᠪᠠᠶᠢᠬᠤ︾ ᠵᠠᠷᠴᠢᠮ ᠢ ᠪᠠᠷᠢᠮᠲᠠᠯᠠᠵᠤ᠂ ᠬᠢᠨᠠᠨ ᠵᠥᠪᠰᠢᠶᠡᠷᠡᠬᠦ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ᠂ ᠬᠦᠷᠭᠡᠬᠦ ᠡᠯ᠎ᠡ ᠱᠠᠲᠤ ᠦᠶ᠎ᠡ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠬᠢᠨᠠᠨ ᠬᠠᠮᠢᠶᠠᠷᠬᠤ ᠠᠵᠢᠯ ᠤᠨ ᠠᠭᠤᠯᠭ᠎ᠠ ᠳᠤ ᠬᠠᠷᠢᠶᠠᠯᠠᠭᠳᠠᠬᠤ ᠭᠤᠭᠴᠤᠭ᠎ᠠ ᠪᠦᠬᠦᠨ ᠢ ᠴᠥᠮ ᠬᠦᠴᠦᠨ ᠦᠭᠡᠢ  ᠪᠣᠯᠭᠠᠵᠤ᠂ ︽ᠰᠢᠭᠦᠬᠦ ᠪᠠᠷ ᠬᠠᠮᠢᠶᠠᠷᠬᠤ ᠶᠢ ᠣᠷᠣᠯᠠᠭᠤᠯᠬᠤ︾᠎ ᠶᠢ ᠲᠠᠰᠤ ᠵᠣᠭᠰᠣᠭᠠᠬᠤ ᠬᠡᠷᠡᠭᠲᠡᠶ  ᠃ ᠣᠯᠠᠨ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ᠂ ᠦᠢᠯᠡᠴᠢᠯᠡᠬᠦ ᠡᠲᠡᠭᠡᠳ ᠤᠨ ᠠᠰᠢᠭ ᠲᠤᠰᠠ ᠲᠠᠢ ᠨᠢᠭᠲᠠ  ᠬᠤᠯᠪᠤᠭ᠎ᠠ ᠲᠠᠢ ᠬᠢᠨᠠᠨ ᠵᠥᠪᠰᠢᠶᠡᠷᠡᠬᠦ ᠬᠢᠨᠠᠨ ᠵᠥᠪᠰᠢᠶᠡᠷᠡᠬᠦ ᠲᠥᠷᠥᠯ ᠵᠦᠶᠯ ᠢ ᠡᠷᠬᠡᠪᠰᠢ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠭᠰᠡᠨ ᠤ  ᠳᠠᠷᠠᠭ᠎ᠠ ᠲᠤᠬᠠᠶ ᠶᠢᠨ ᠭᠠᠵᠠᠷ ᠲᠤᠨᠢ ᠭᠦᠶᠴᠡᠳᠬᠡᠵᠦ ᠳᠠᠭᠤᠰᠬᠠᠵᠤ᠂ ᠳᠠᠩᠰᠠᠯᠠᠭᠤᠯᠬᠤ ᠲᠥᠷᠥᠯ ᠵᠦᠶᠯ ᠢ ᠳᠠᠷᠤᠶ  ᠢᠷᠡᠭᠰᠡᠨ ᠳᠠᠷᠤᠶ ᠲᠦᠷᠭᠡᠨ ᠭᠦᠶᠴᠡᠳᠬᠡᠬᠦ ᠶᠢ ᠬᠡᠷᠡᠭᠵᠢᠭᠦᠯᠦᠨ᠎ᠡ  ᠃ ᠬᠢᠨᠠᠨ ᠵᠥᠪᠰᠢᠶᠡᠷᠡᠬᠦ ᠬᠥᠮᠦᠰ ᠲᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠤᠨ ᠡᠯ᠎ᠡ ᠭᠤᠭᠴᠤᠭ᠎ᠠ ᠶᠢᠨ ᠬᠢᠨᠠᠨ ᠵᠥᠪᠰᠢᠶᠡᠷᠡᠬᠦ  ᠨᠥᠬᠦᠴᠡᠯ᠂ ᠠᠵᠢᠯ ᠤᠨ ᠪᠠᠷᠢᠮᠵᠢᠶ᠎ᠠ᠂ ᠬᠢᠨᠠᠨ ᠵᠥᠪᠰᠢᠶᠡᠷᠡᠬᠦ ᠭᠤᠤᠯᠳᠠᠯᠭ᠎ᠠ᠂ ᠮᠠᠲ᠋ᠧᠷᠢᠶᠠᠯ ᠤᠨ ᠱᠠᠭᠠᠷᠳᠠᠯᠭ᠎ᠠ᠂ ᠣᠨᠴᠣᠭᠤᠶ ᠠᠰᠠᠭᠤᠳᠠᠯ ᠢ ᠰᠢᠶᠳᠪᠦᠷᠢᠯᠡᠬᠦ ᠠᠷᠭ᠎ᠠ ᠵᠡᠷᠭᠡ ᠪᠣᠳᠠᠲᠠᠶ ᠬᠢᠨᠠᠨ ᠵᠥᠪᠰᠢᠶᠡᠷᠡᠬᠦ ᠱᠠᠭᠠᠷᠳᠠᠯᠭ᠎ᠠ ᠶᠢ ᠢᠯᠡ ᠪᠣᠯᠭᠠᠵᠤ᠂ ᠪᠠᠷᠢᠮᠵᠢᠶᠠᠵᠢᠭᠤᠯᠤᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠵᠦ᠂ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠵᠦ ᠳᠠᠭᠤᠰᠬᠠᠬᠤ ᠨᠣᠷᠮ ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃             ︵ᠠᠷᠪᠠᠨ ᠵᠢᠷᠭᠤᠭ᠎ᠠ︶ ᠪᠦᠬᠦ  ᠲᠤᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃             ︵ᠠᠷᠪᠠᠨ ᠳᠣᠯᠤᠭ᠎ᠠ︶  ᠲᠤᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ  ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ  ᠬᠦᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃            ︵ᠠᠷᠪᠠᠨ  ᠨᠠᠢᠮᠠ︶  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠪᠣᠯᠤᠨ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃             ︵ᠠᠷᠪᠠ ᠶᠢᠰᠦ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ  ᠶᠢ ᠬᠤᠪᠢᠷᠠᠭᠤᠯᠬᠤ᠂  ᠪᠠᠭᠤᠯᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠭᠡᠷᠡᠴᠢᠯᠡᠯᠲᠡ ᠶᠣᠰᠣᠭᠠᠷ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠰᠢᠶᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠭᠦᠨᠵᠡᠭᠡᠶ ᠠᠬᠢᠭᠤᠯᠵᠤ᠂  ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠤ ︽ᠨᠢᠭᠡ ᠯᠡ ᠤᠳᠠᠭ᠎ᠠ ᠳᠤ ᠰᠠᠶᠢᠲᠤᠷ ᠡᠷᠬᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠲᠤᠰ ᠰᠢᠰᠲ᠋ᠧᠮ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠡᠩᠬᠡ ᠨᠢᠩᠰᠢᠶᠠ ᠶᠢ ᠴᠤᠭᠯᠠᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠢᠲᠠᠳ ᠧᠦ᠋ᠷᠣᠫᠠ ᠡᠮᠨᠡᠯᠭᠡ᠂ ᠬᠢᠲᠠᠳ ᠮᠣᠩᠭᠤᠯ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠵᠠᠭᠪᠤᠷ  ᠢ ᠬᠤᠪᠢᠷᠠᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ  ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠨ᠎ᠠ᠃             ᠬᠠᠷᠢᠯᠴᠠᠬᠤ ᠤᠲᠠᠰᠤ᠄ 0474 — 8189345 ︵ᠹᠠᠺᠰ︶᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2