ᠵᠢᠨᠢᠩ ᠲᠤᠭᠤᠷᠢᠭ ᠤᠨ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2020/11/24
               ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠨᠢᠩ ᠰᠢᠨ᠎ᠡ ᠲᠣᠭᠤᠷᠢᠭ ᠲᠤ ᠪᠠᠶᠢᠷᠢᠯᠡᠵᠣ᠂ ᠶᠡᠷᠦᠩᠬᠡᠶ ᠲᠠᠯᠠᠪᠠᠶ ᠨᠢ 31.3 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠷᠢᠶ᠎ᠠ ᠣᠷᠣᠨ ᠨᠢ ᠵᠡᠭᠦᠨᠰᠢ ᠨᠠᠷᠠᠰᠤᠨ ᠭᠤᠣᠯ ᠂ ᠪᠠᠷᠠᠭᠤᠨᠰᠢ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ᠂  ᠡᠮᠦᠨᠡᠰᠢ G6 ᠥᠨᠳᠥᠷ ᠬᠤᠷᠳᠤᠴᠠᠲᠤ ᠵᠠᠰᠠᠮᠠᠯ  ᠵᠡᠮ᠊  ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠵᠠᠬᠢᠷᠭᠠᠨ ᠤ ᠵᠠᠬ᠎ᠠ ᠨᠡᠶᠢᠯᠡᠵᠦ᠂ ᠤᠮᠠᠷᠠᠰᠢ  ᠤᠯᠠᠭᠠᠨᠴᠠᠪ  ᠵᠠᠮ ︵ᠤᠤᠯ ᠤᠨ 110 ᠤᠯᠤᠰ ᠎ ᠤᠨ ᠵᠠᠮ︶ ᠬᠦᠷᠴᠦ᠂ ᠳᠣᠣᠷ᠎ᠠ ᠨᠢ 14 ᠨᠡᠶᠢᠭᠡᠮ ᠲᠣᠭᠤᠷᠢᠭ ᠤᠨ ᠨᠠᠮ ᠤᠨ ᠡᠭᠦᠷ᠂ 1 ᠪᠠᠶᠢᠭᠤᠯᠭ᠎ᠠ ᠶᠢᠨ ᠨᠠᠮ ᠤᠨ ᠡᠭᠦᠷ᠂ ᠪᠦᠬᠦ ᠡᠷᠦᠬᠡ ᠶᠢᠨ ᠲᠤᠭ᠎ᠠ 27746  ᠪᠠᠶᠢᠵᠤ᠂ ᠪᠦᠬᠦ ᠬᠥᠮᠦᠨ ᠠᠮᠠ 69918 ᠬᠥᠮᠦᠨ᠂ ᠨᠡᠶᠢᠲᠡ 76 ᠲᠣᠤᠷᠯᠢᠭ ᠪᠠᠶᠢᠵᠤ᠂ 449 ᠨᠠᠮ ᠤᠨ ᠭᠡᠰᠢᠭᠦᠨ ᠢ ᠰᠢᠭᠤᠳ ᠬᠠᠮᠢᠶᠠᠷᠤᠨ᠎ᠠ᠃ ᠬᠠᠷᠢᠶᠠᠲᠤ ᠣᠷᠣᠨ ᠳᠤ ᠰᠠᠭᠤᠭᠠᠯᠢ ᠲᠣᠭᠤᠷᠢᠭ᠂ ᠳᠠᠩ ᠪᠡᠶᠡᠲᠦ ᠠᠰᠠᠷ 82 ᠪᠣᠶ᠃         ᠴᠢᠤᠸᠠᠨ ᠱᠠᠨ ᠵᠡᠭᠡᠯᠢ ᠭᠤᠳᠤᠮᠵᠢ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠤᠷᠠᠳᠤᠭᠰᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ  ᠴᠢᠩᠭᠠᠳᠬᠠᠵᠤ᠂ ᠡᠩᠨᠡᠭᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂  ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠠᠬᠢᠭᠤᠯᠵᠤ᠂ ᠠᠷᠠᠳ ᠣᠯᠠᠨ ᠳᠤ ᠦᠶᠯᠡᠴᠢᠯᠡᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠲᠤᠬᠠᠶ ᠠᠵᠢᠯ ᠤᠨ ᠰᠡᠳᠬᠢᠮᠵᠢ ᠪᠠᠷ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠶᠢ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠭᠦᠨᠵᠡᠭᠡᠶᠢᠷᠡᠭᠦᠯᠬᠦ  ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠬᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠦᠷᠢᠮ ᠤᠨ ᠪᠠᠶᠢᠭᠤᠯᠤᠯᠲᠠ ᠶᠢ  ᠲᠤᠭᠤᠰᠢᠯᠠᠭᠤᠯᠵᠠᠶ᠂ ᠢᠯᠵᠠᠷᠠᠯ ᠢ ᠡᠰᠡᠷᠭᠦᠴᠡᠬᠦ ᠲᠡᠮᠡᠴᠡᠯ  ᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ︽ᠲᠠᠪᠤᠵᠢᠭᠤᠯᠬᠤ︾ ᠠᠵᠢᠯ ᠤᠨ ᠠᠷᠭ᠎ᠠ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠦᠷᠢᠮᠵᠢᠭᠦᠯᠦᠯᠲᠡ᠂  ᠬᠡᠪᠰᠢᠭᠦᠯᠥᠯᠲᠠ᠂ ᠤᠷᠲᠤ ᠬᠤᠭᠤᠴᠠᠭ᠎ᠠ ᠪᠦᠲᠦᠮᠵᠢᠲᠡᠶ ᠪᠣᠯᠬᠤ ᠶᠢ ᠠᠬᠢᠭᠤᠯᠵᠠᠶ᠃ ᠵᠣᠯ ᠵᠢᠷᠭᠠᠯ ᠲᠠᠢ᠂ ᠦᠵᠡᠰᠬᠦᠯᠡᠩᠲᠦ ᠰᠠᠶᠢᠬᠠᠨ᠂ ᠠᠭᠤᠰᠤᠯᠴᠠᠯ ᠲᠠᠢ᠂ ᠠᠮᠢᠵᠢᠷᠠᠯ ᠤᠨ ᠬᠦᠴᠦᠨ ᠲᠠᠢ᠂ ᠪᠣᠯᠪᠠᠰᠤᠨ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠴᠢᠤᠸᠠᠨ ᠱᠠᠨ ᠤ ᠵᠣᠷᠢᠭ ᠰᠠᠨᠠᠭ᠎ᠠ ᠶᠢ ᠪᠤᠢ ᠪᠣᠯᠭᠠᠨ᠎ᠠ᠃         ᠢᠷᠡᠭᠡᠳᠦᠶ ᠶᠢᠨ ᠴᠢᠤᠸᠠᠨ ᠱᠠᠨ ᠵᠡᠭᠡᠯᠢ ᠭᠤᠳᠤᠮᠵᠢ ᠪᠣᠯ ᠣᠷᠣᠰᠢᠨ ᠰᠠᠭᠤᠬᠤ ᠳᠤ ᠲᠣᠬᠢᠷᠠᠮᠵᠢᠲᠠᠶ  ᠂ ᠦᠶᠯᠡᠳᠪᠦᠷᠢ ᠬᠤᠳᠠᠯᠳᠤᠭ᠎ᠠ  ᠬᠦᠭᠵᠢᠶᠡᠨᠲᠡᠢ ᠪᠤᠯᠤᠨ᠎ᠠ᠃ ᠵᠠᠮ ᠬᠠᠷᠢᠯᠴᠠᠭ᠎ᠠ ᠳᠥᠭᠦᠮ ᠳᠥᠲᠡ ᠣᠳᠣᠬᠢᠴᠢᠯᠠᠭᠰᠠᠨ  ᠵᠢᠱᠢᠶ᠎ᠡ ᠦᠵᠡᠭᠦᠯᠬᠦ ᠬᠤᠳᠠ ᠶᠢᠨ ᠲᠣᠭᠤᠷᠢᠭ ᠲᠤ᠂ ᠵᠡᠭᠡᠯᠢ ᠭᠤᠳᠤᠮᠵᠢ ︽ᠢᠷᠡᠭᠡᠳᠦᠢ ᠶᠢᠨ ᠬᠤᠳᠠ ᠶᠢᠨ ᠰᠢᠨ᠎ᠡ ᠲᠥᠪ᠂ ᠪᠣᠯᠪᠠᠰᠤᠨ ᠡᠶ᠎ᠡ ᠵᠣᠬᠢᠴᠠᠩᠭᠤᠢ ᠵᠣᠯ ᠵᠢᠷᠭᠠᠯᠲᠤ ᠵᠡᠭᠡᠯᠢ ᠭᠤᠳᠤᠮᠵᠢ︾᠎ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠪᠣᠯᠤᠨ᠎ᠠ᠃           ᠴᠢᠤᠸᠠᠨ ᠱᠠᠨ ᠵᠡᠭᠡᠯᠢ ᠭᠤᠳᠤᠮᠵᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠤᠨ  ᠬᠠᠷᠢᠯᠴᠠᠬᠤ ᠤᠲᠠᠰᠤ᠄ 0474 — 8302813
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2