ᠵᠢᠨᠢᠩ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/11/24
      ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ ᠭᠤᠤᠯᠳᠠᠭᠤ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠵᠢᠨᠢᠩ ᠲᠣᠭᠤᠷᠢᠭ ᠤᠨ ᠬᠤᠯᠪᠣᠭᠳᠠᠯ ᠪᠥᠬᠦᠶ ᠠᠷᠠᠯᠵᠢᠶ᠎ᠠ ᠬᠤᠳᠠᠯᠳᠤᠭᠠᠨ ᠤ ᠭᠦᠶᠯᠭᠡᠭᠡ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ᠂ ᠠᠷᠠᠯᠵᠢᠶ᠎ᠠ ᠬᠤᠳᠠᠯᠳᠤᠭᠠᠨ ᠤ  ᠭᠦᠢᠯᠭᠡᠭᠡ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠠᠵᠤ ᠦᠶᠯᠡᠰ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ  ᠃ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠭᠠᠳᠠᠭᠠᠳᠤ  ᠠᠷᠠᠯᠵᠢᠶ᠎ᠠ᠂ ᠣᠯᠠᠨ ᠤᠯᠤᠰ ᠎ ᠤᠨ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ  ᠲᠤᠭᠲᠠᠭᠠᠵᠤ᠂ ᠲᠡᠷᠡᠴᠢᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ  ᠃ ᠲᠤᠰ ᠭᠠᠵᠠᠷ ᠣᠷᠣᠨ ᠤ ᠤᠯᠤᠰ ᠤᠨ ᠳᠣᠲᠣᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ᠂ ᠤᠯᠤᠰ ᠤᠨ ᠳᠣᠲᠣᠭᠠᠳᠤ ᠭᠠᠳᠠᠭᠠᠳᠤ ᠶᠢᠨ  ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠤᠷᠸ᠎ᠠ  ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ᠎ᠠ᠃             ᠤᠲᠠᠰᠤ᠄ 0474 — 8205863        ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B ᠲᠣᠭᠤᠷᠢᠭ ᠤᠨ 3 ᠳ᠋ᠤᠭᠠᠷ ᠨᠣᠮᠧᠷᠲᠤ ᠠᠰᠠᠷ             ᠢᠮᠧᠯ᠄ jnswj2266@163 . com             ᠨᠢᠭᠡ᠂ ᠭᠤᠤᠯ ᠡᠭᠦᠷᠭᠡ ᠬᠠᠷᠢᠭᠤᠴᠠᠯᠭ᠎ᠠ               ︵ᠨᠢᠭᠡ︶ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠤᠬᠠᠶ  ᠳᠡᠭᠡᠷ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠤᠬᠠᠶ ᠵᠢᠭᠠᠪᠤᠷᠢ ᠪᠣᠯᠤᠨ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃           ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠭᠤᠷᠪᠢᠨ ᠲᠣᠭᠲᠠᠭᠠᠭᠰᠠᠨ ᠬᠤᠳᠠᠯᠳᠤᠭ᠎ᠠ ᠠᠷᠠᠯᠵᠢᠶᠠᠨ ᠤ ᠭᠦᠶᠯᠭᠡᠭᠡ᠂ ᠤᠯᠤᠰ ᠎ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠎ ᠤᠨ ᠠᠵᠤ ᠠᠬᠤᠶ ᠮᠡᠷᠭᠡᠵᠢᠯ ᠤᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ  ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃            ︵ᠭᠤᠷᠪᠠ︶ ᠭᠦᠶᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ  ᠭᠦᠭᠵᠢᠯᠲᠡ ᠶᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠭᠦᠶᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠎ ᠤᠨ ᠡᠵᠡᠩᠨᠡᠯᠲᠡ᠂ ᠪᠠᠷᠠᠭ᠎ᠠ ᠶᠢᠨ ᠭᠦᠶᠯᠭᠡᠭᠡᠨ ᠤ ᠲᠤᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ  ᠶᠠᠪᠤᠳᠠᠯ ᠵᠡᠷᠭᠡ ᠣᠳᠣ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃             ︵ᠳᠦᠷᠪᠡ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠥᠭᠡᠮ ᠦᠶᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠶᠯᠭᠡᠭᠡᠨ ᠤ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃          ︵ᠲᠠᠪᠤ︶  ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠵᠦ  ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠦ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠶᠯᠭᠡᠭᠡᠨ ᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠬᠡᠷᠡᠭᠲᠡᠶ᠃ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠦᠶᠯᠡᠰ᠂ ᠵᠠᠬ᠎ᠠ ᠳᠡᠯᠭᠡᠭᠦᠷ ᠤᠨ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ︵ ᠬᠤᠷᠠᠯ᠊ ᠦᠵᠡᠰᠬᠦᠯᠡᠩ︶᠎ ᠶᠢᠨ ᠠᠵᠢᠯᠯᠠᠭᠠᠨ ᠤ ᠲᠠᠯᠠᠪᠤᠷ ᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃          ︵ᠵᠢᠷᠭᠤᠭ᠎ᠠ︶ ᠪᠦᠬᠦ  ᠲᠤᠭᠤᠷᠢᠭ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ  ᠲᠣᠬᠢᠷᠠᠭᠤᠯᠤᠯ ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠡᠷᠡᠭᠲᠡᠶ᠃              ︵ᠳᠣᠯᠤᠭ᠎ᠠ︶ ᠮᠠᠨ ᠤ ᠤᠯᠤᠰ ᠎ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ  ᠬᠤᠯᠪᠣᠭᠤᠯᠤᠯ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ  ᠢ ᠨᠠᠶᠢᠳᠠᠪᠤᠷᠢᠵᠢᠭᠤᠯᠬᠤ᠂ ᠡᠭᠦᠨ ᠤ ᠳᠤ ᠬᠠᠮᠲᠤ  ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠶ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠡᠭᠰᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃           ︵ ᠨᠠᠢᠮᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠬᠤ ᠠᠵᠢᠯ ᠢ  ᠬᠠᠷᠢᠭᠤᠴᠠᠨ᠎ᠠ  ᠃ ᠭᠠᠳᠠᠭᠠᠳᠤ ᠠᠷᠠᠯᠵᠢᠶ᠎ᠠ ᠡᠵᠡᠩᠨᠡᠭᠴᠢ ᠶᠢ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠪᠦᠷᠢᠳᠬᠡᠨ ᠵᠠᠳᠠᠯᠬᠤ  ᠠᠵᠢᠯ ᠢ ᠬᠠᠷᠢᠭᠤᠴᠠᠨ᠎ᠠ᠃            ︵ᠶᠢᠰᠦ︶  ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ  ᠦᠢᠴᠢᠯᠡᠭᠡᠨ  ᠤ ᠭᠠᠳᠠᠭᠠᠳᠤ ᠭᠠᠷᠭᠠᠯᠲᠠ ᠪᠣᠯᠤᠨ ᠦᠶᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠡᠶ᠃ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃            ︵ᠠᠷᠪᠠ︶  ᠮᠠᠨ ᠤ  ᠲᠤᠭᠤᠷᠢᠭ ᠤᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠠ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ  ᠃            ︵ᠠᠷᠪᠠᠨ ᠨᠢᠭᠡ︶  ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠪᠡᠯᠡ ᠶᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ  ᠲᠤᠭᠤᠷᠢᠭ ᠤᠨ  ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠥᠯᠥᠪᠵᠢᠭᠦᠯᠪᠡ᠂ ᠪᠡᠯᠡ ᠣᠷᠣᠭᠤᠯᠤᠯᠲᠠ ᠶᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠠᠤᠯᠢ ᠶᠣᠰᠣᠭᠠᠷ ᠬᠠᠮᠢᠶᠠᠷᠴᠤ᠂ ᠭᠠᠳᠠᠭᠠᠳᠤ ᠶᠢᠨ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠢ ᠪᠠᠶᠢᠭᠤᠯᠬᠤ ᠪᠠ ᠬᠤᠪᠢᠷᠠᠭᠤᠯᠬᠤ ᠶᠠᠪᠤᠳᠠᠯ ᠢ ᠬᠠᠤᠯᠢ ᠶᠣᠰᠣᠭᠠᠷ ᠳᠠᠩᠰᠠᠯᠠᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠲᠥᠷᠥᠯ ᠵᠦᠶᠯ ᠤᠨ ᠬᠤᠳᠠᠯᠳᠤᠭᠠᠴᠢᠨ ᠤᠷᠢᠵᠤ ᠪᠡᠯᠡ  ᠣᠷᠤᠭᠤᠯᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠤᠨ ᠪᠣᠳᠠᠲᠠᠶ ᠭᠠᠳᠠᠭᠠᠳᠤ ᠪᠡᠯᠡ  ᠶᠢ ᠠᠰᠢᠭᠯᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃           ︵ᠠᠷᠪᠠᠨ ᠬᠤᠶᠠᠷ  ︶ ᠣᠯᠠᠨ ᠤᠯᠤᠰ ᠎ ᠤᠨ ᠠᠷᠠᠯᠵᠢᠶ᠎ᠠ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃       ︵ᠠᠷᠪᠠᠨ ᠭᠤᠷᠪᠠ︶  ᠬᠤᠷᠠᠯ ᠦᠵᠡᠰᠬᠦᠯᠡᠩ ᠤᠨ ᠦᠶᠯᠡᠰ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠤᠷᠸ᠎ᠠ ᠲᠥᠯᠥᠪᠵᠢᠭᠦᠯᠪᠡ ᠪᠣᠯᠤᠨ ᠬᠠᠮᠢᠶᠠᠷᠤᠯᠲᠠ ᠦᠶᠯᠡᠴᠢᠯᠡᠬᠦ᠂ ᠬᠤᠷᠠᠯ ᠦᠵᠡᠰᠬᠦᠯᠡᠩ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ  ᠬᠤᠷᠠᠯ ᠦᠵᠡᠰᠬᠦᠯᠡᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠲᠥᠭᠡᠨ  ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ ᠪᠥᠬᠦ  ᠲᠤᠭᠤᠷᠢᠭ ᠤᠨ ᠬᠤᠷᠠᠯ ᠦᠵᠡᠰᠬᠦᠯᠡᠩ ᠤᠨ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ  ᠃  ᠪᠦᠬᠦ  ᠲᠤᠭᠤᠷᠢᠭ ᠤᠨ ᠬᠤᠷᠠᠯ ᠦᠵᠡᠰᠬᠦᠯᠡᠩ ᠤᠨ ᠦᠶᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠤᠯᠭ᠎ᠠ ᠶᠢᠨ ᠬᠢᠯᠢ ᠳᠣᠲᠣᠷ᠎ᠠ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠬᠦ ᠶᠢ ᠬᠠᠮᠢᠶᠠᠷᠤᠨ᠎ᠠ᠃ ᠪᠦᠬᠦ ᠲᠤᠭᠤᠷᠢᠭ ᠤᠨ ᠠᠰᠠᠷ ᠲᠠᠭᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠪᠡ᠂  ᠣᠨ ᠤ ᠲᠥᠯᠥᠪᠯᠡᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠭᠦᠯᠵᠦ᠂ ᠬᠠᠷᠢᠶ᠎ᠠ ᠣᠷᠣᠨ ᠤ ᠠᠰᠠᠷ ᠲᠠᠭᠲᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠠᠴᠢᠶᠠᠯᠠᠪᠤᠷᠢ ᠬᠠᠩᠭᠠᠵᠤ᠂ ᠠᠰᠠᠷ ᠲᠠᠭᠲᠤ ᠶᠢᠨ ᠬᠤᠳᠠᠯᠳᠤᠭᠠᠴᠢᠨ ᠤᠷᠢᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠠᠰᠠᠷ ᠲᠠᠭᠲᠤ ᠶᠢᠨ ᠠᠵᠤ  ᠠᠬᠤᠶᠢᠯᠠᠯ ᠳᠤ ᠵᠢᠯᠤᠭᠤᠳᠤᠯᠭ᠎ᠠ᠂ ᠵᠣᠬᠢᠴᠠᠭᠤᠯᠭ᠎ᠠ ᠪᠠ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃          ︵ᠠᠷᠪᠠᠨ  ᠳᠦᠷᠪᠡ︶  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃           ᠬᠤᠶᠠᠷ᠂ ᠳᠣᠲᠣᠭᠠᠳᠤ ᠪᠠᠶᠢᠭᠤᠯᠤᠮᠵᠢ           ︵ᠨᠢᠭᠡ︶ ᠠᠯᠪᠠᠨ ᠭᠡᠷ        ᠠᠯᠪᠠᠨ ᠪᠢᠴᠢᠭ ᠤᠨ ᠬᠠᠮᠢᠶᠠᠷᠤᠯᠲᠠ᠂ ᠨᠠᠷᠢᠨ ᠪᠢᠴᠢᠭᠡᠴᠢ ᠶᠢᠨ ᠪᠣᠳᠠᠲᠤ ᠶᠠᠪᠤᠳᠠᠯ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ᠂ ᠮᠡᠳᠡᠭᠡ ᠵᠠᠩᠭᠢ ᠶᠢ ᠬᠠᠷᠢᠭᠤᠴᠠᠬᠤ᠂ ᠨᠢᠭᠤᠴᠠ ᠶᠢ ᠬᠠᠮᠠᠭᠠᠯᠠᠬᠤ᠂ ᠰᠣᠨᠢᠨ ᠮᠡᠳᠡᠭᠡᠨ  ᠤ ᠤᠬᠠᠭᠤᠯᠭ᠎ᠠ ᠪᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ  ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ  ᠬᠠᠮᠢᠶᠠᠷᠤᠨ᠂ ᠳᠠᠩᠰᠠᠯᠠᠭᠤᠯᠬᠤ ᠠᠵᠢᠯ ᠢ ᠡᠭᠦᠷᠭᠡᠯᠡᠨ᠎ᠡ  ᠃ ᠥᠪᠡᠷᠲᠡᠭᠡᠨ ᠵᠠᠰᠠᠬᠤ ᠣᠷᠣᠨ ᠤ ᠰᠢᠰᠲ᠋ᠧᠮᠵᠢᠭᠦᠯᠦᠨ ᠬᠠᠮᠢᠶᠠᠷᠬᠤ ᠡᠯ᠎ᠡ ᠲᠥᠷᠥᠯ ᠤᠨ ᠲᠤᠰᠬᠠᠶ ᠵᠦᠶᠯ ᠤᠨ ᠪᠠᠯᠠ ᠮᠥᠩᠭᠦ ᠶᠢ ᠬᠡᠷᠡᠭᠯᠡᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠡᠷᠭᠡ ᠬᠥᠰᠬᠡ ᠶᠢᠨ ᠬᠠᠮᠢᠶᠠᠷᠤᠯᠲᠠ᠂ ᠲᠠᠩᠰᠠ  ᠡᠪᠬᠡᠮᠡᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠭᠥᠯᠢᠶᠡᠨ ᠠᠪᠴᠤ ᠬᠠᠮᠢᠶᠠᠷᠬᠤ᠂ ᠨᠡᠶᠢᠲᠡ  ᠶᠢᠨ ᠠᠰᠠᠷᠠᠮᠵᠢ ᠶᠢᠨ ᠠᠵᠢᠯᠯᠠᠭ᠎ᠠ ᠵᠡᠷᠭᠡ ᠡᠳᠦᠷ ᠲᠤᠲᠤᠮ ᠤᠨ ᠠᠵᠢᠯ ᠶᠠᠪᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ  ᠃         ᠲᠣᠪᠴᠢᠶᠠᠨ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠦᠳᠡᠯᠮᠤᠷᠢ ᠴᠠᠯᠢᠩ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠪᠠ ᠬᠠᠷᠠᠯᠲᠠᠲᠤ ᠬᠢᠨᠠᠨ ᠰᠢᠯᠭᠠᠯᠲᠠ ᠵᠡᠷᠭᠡ ᠠᠵᠢᠯ ᠎ ᠢ ᠬᠠᠷᠢᠭᠤᠴᠠᠨ᠎ᠠ  ᠃ ᠲᠣᠪᠴᠢᠶᠠᠨ ᠤ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃ ᠲᠣᠪᠴᠢᠶᠠᠨ ᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ᠎ᠠ  ᠃ ᠰᠢᠰᠲ᠋ᠧᠮ ᠤᠨ ᠳᠣᠲᠣᠷᠠᠬᠢ ︽ᠬᠤᠶᠠᠷ ᠢ ᠬᠦᠷᠢᠶᠡᠯᠡᠬᠦ︾ ᠵᠢᠴᠢ ᠶᠡᠷᠦᠩᠬᠡᠶᠢᠯᠡᠨ ᠵᠠᠰᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠫᠤᠷᠲ᠋ᠧᠯ ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃       ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠵᠡᠯ ᠤᠬᠠᠮᠰᠠᠷ ᠤᠨ  ᠬᠡᠯᠪᠡᠷᠢ ᠵᠡᠷᠭᠡ ᠶᠢᠨ ᠠᠵᠢᠯ ᠢ ᠲᠣᠪᠴᠢᠶᠠᠨ ᠤ ᠪᠠᠶᠢᠭᠤᠯᠭ᠎ᠠ ᠶᠢᠨ ᠨᠠᠮ ᠪᠠ ᠤᠯᠠᠨ ᠲᠦᠮᠡᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠨ᠎ᠠ᠃              ︵ᠬᠤᠶᠠᠷ︶ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ  ᠲᠠᠰᠤᠭ ︵ᠡᠯᠧᠺᠲᠷᠣᠨ ᠬᠤᠳᠠᠯᠳᠤᠭ᠎ᠠ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠡᠮᠬᠢ ᠳᠢᠭᠯᠢᠮ︶           ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠪᠡ ᠶᠢᠨ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠠᠬᠢᠭᠤᠯᠤᠨ᠎ᠠ᠃ ᠮᠠᠰᠢᠨ ᠲᠡᠷᠭᠡᠨ ᠤ ᠭᠦᠶᠯᠭᠡᠭᠡᠨ ᠤ ᠠᠵᠢᠯ ᠲᠥᠷᠥᠯ ᠢ ᠬᠢᠨᠠᠨ ᠬᠠᠮᠢᠶᠠᠷᠤᠨ᠎ᠠ᠃             ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠠᠵᠢᠯ ᠢ ᠲᠦᠷᠦᠭᠦᠯᠡᠨ  ᠴᠡᠴᠡᠭᠯᠡᠨ ᠵᠢᠷᠤᠮᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂  ᠢᠲᠡᠭᠡᠮᠵᠢᠲᠦ ᠪᠣᠷᠣᠯᠠᠭᠤᠯᠭ᠎ᠠ ᠶᠢ ᠠᠬᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠦᠨᠡᠨᠴᠢ ᠢᠲᠡᠭᠡᠮᠵᠢ ᠶᠢᠨ ᠤᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠰᠢᠭᠤᠳ ᠪᠣᠷᠣᠯᠠᠭᠤᠯᠬᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠢ ᠬᠠᠷᠢᠭᠤᠴᠠᠨ᠎ᠠ᠃             ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠵᠤ᠂  ᠬᠥᠭᠵᠢᠯᠲᠡ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠨ᠎ᠠ᠃ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ ᠪᠦᠷᠢᠳᠬᠡᠬᠦ ᠪᠠ ᠦᠨᠡᠯᠡᠬᠦ ᠰᠢᠰᠲ᠋ᠧᠮᠵᠢ ᠶᠢ ᠪᠠᠶᠢᠭᠤᠯᠤᠨ  ᠪᠦᠷᠢᠯᠳᠦᠭᠦᠯᠬᠦ ᠬᠡᠷᠡᠭᠲᠡᠶ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠤᠷᠠᠮᠠᠯ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃              ︵ᠭᠤᠷᠪᠠ︶ ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ ᠰᠲ᠋ᠣᠺ ︵ᠭᠦᠶᠯᠭᠡᠭᠡᠨ ᠤ ᠦᠶᠯᠡᠰ ᠤᠨ ᠬᠦᠭᠵᠢᠯᠲᠡ ᠶᠢ ᠪᠠᠭᠲᠠᠭᠠᠨ᠎ᠠ︶             ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠵᠢᠨᠢᠩ ᠲᠣᠭᠤᠷᠢᠭ ᠤᠨ ᠲᠤᠭᠤᠷᠪᠢᠨ ᠲᠣᠭᠲᠠᠭᠠᠭᠰᠠᠨ ᠵᠠᠬ᠎ᠠ ᠳᠡᠯᠭᠡᠭᠦᠷ ᠤᠨ ᠠᠵᠢᠯᠯᠠᠭᠠᠨ ᠢ ᠲᠤᠬᠢᠷᠠᠭᠤᠯᠤᠨ ᠡᠵᠡᠮᠳᠡᠬᠦ ᠪᠠ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃ ᠪᠦᠬᠦ  ᠲᠤᠭᠤᠷᠢᠭ ᠤᠨ  ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠬᠦ ᠪᠠ ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ  ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠢᠬᠤᠯᠠ ᠲᠠᠸᠠᠷ ︵ᠪᠣᠯᠪᠠᠰᠤᠷᠠᠭᠤᠯᠤᠭᠰᠠᠨ ᠲᠣᠰᠣ︶ ᠪᠣᠯᠤᠨ ᠦᠶᠯᠡᠳᠪᠦᠷᠢᠯᠡᠯ ᠤᠨ ᠬᠡᠷᠡᠭᠰᠡᠯ ᠤᠨ ᠭᠦᠶᠯᠭᠡᠭᠡᠨ ᠤ ᠬᠠᠮᠢᠶᠠᠷᠤᠯᠲᠠ ᠵᠢᠴᠢ ᠠᠵᠢᠯ ᠲᠥᠷᠥᠯ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃         ᠳᠣᠲᠣᠭᠠᠳᠤ ᠠᠷᠠᠯᠵᠢᠶᠠᠨ ᠤ ᠭᠦᠶᠯᠭᠡᠭᠡᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠣᠲᠣᠭᠠᠳᠤ ᠠᠷᠠᠯᠵᠢᠶᠠᠨ ᠤ ᠭᠦᠶᠯᠭᠡᠭᠡ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠪᠠ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠬᠡᠯᠬᠢᠶ᠎ᠡ ᠡᠵᠡᠩᠨᠡᠯᠲᠡ᠂ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠭᠦᠶᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠤᠯᠢ ᠶᠣᠰᠣᠭᠠᠷ ᠦᠨ᠎ᠡ ᠬᠠᠶᠠᠵᠤ ᠬᠤᠳᠠᠯᠳᠤᠬᠤ᠂ ᠬᠤᠳᠠᠯᠳᠤᠭ᠎ᠠ ᠵᠡᠷᠭᠡ ᠣᠨᠴᠠ ᠵᠥᠪᠰᠢᠶᠡᠷᠡᠭᠰᠡᠨ ᠡᠵᠡᠩᠨᠡᠯᠲᠡ  ᠵᠡᠷᠭᠡ ᠶᠢ ᠬᠠᠮᠢᠶᠠᠷᠤᠨ᠎ᠠ᠃         ︵ᠳᠥᠷᠪᠡ︶ ᠭᠠᠳᠠᠭᠠᠳᠤ ᠠᠷᠠᠯᠵᠢᠶᠠᠨ ᠤ ᠲᠠᠰᠤᠭ  ︵ᠦᠶᠯᠡᠴᠢᠯᠡᠭᠡᠨ ᠤ ᠠᠷᠠᠯᠵᠢᠶ᠎ᠠ ᠪᠠ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡ ᠪᠠᠭᠲᠠᠨ᠎ᠠ︶       ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠵᠢᠨᠢᠩ ᠲᠣᠭᠤᠷᠢᠭ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ  ᠨᠡᠶᠢᠲᠡᠪᠤᠷᠢᠵᠢᠭᠤᠯᠤᠨ᠎ᠠ᠃ ᠮᠠᠨ ᠤ  ᠲᠤᠭᠤᠷᠢᠭ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ ᠎ᠠ ᠬᠡᠮᠵᠢᠶ᠎ᠡ ᠶᠢ ᠲᠤᠭᠤᠷᠪᠢᠨ ᠪᠢᠴᠢᠬᠦ ᠪᠠ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠮᠠᠨ ᠤ  ᠲᠤᠭᠤᠷᠢᠭ ᠤᠨ  ᠭᠠᠳᠠᠭᠠᠳᠤ ᠳᠤ ᠭᠠᠷᠭᠠᠬᠤ ᠲᠠᠸᠠᠷ ᠤᠨ ᠬᠤᠪᠢᠶᠠᠷᠢ ᠲᠤᠭ᠎ᠠ᠂ ᠪᠣᠭᠤᠮᠲᠠ ᠶᠢᠨ ᠭᠠᠶᠢᠯᠢ ᠶᠢᠨ ᠬᠤᠪᠢᠶᠠᠷᠢ ᠲᠤᠭ᠎ᠠ ᠶᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠪᠠ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠬᠤ ᠠᠵᠢᠯ ᠢ  ᠬᠠᠷᠢᠭᠤᠴᠠᠨ᠎ᠠ᠃ ᠭᠠᠳᠠᠭᠠᠳᠤ ᠠᠷᠠᠯᠵᠢᠶ᠎ᠠ ᠡᠵᠡᠩᠨᠡᠭᠴᠢ ᠶᠢ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠪᠦᠷᠢᠳᠬᠡᠨ ᠵᠠᠳᠠᠯᠬᠤ  ᠠᠵᠢᠯ ᠢ ᠬᠠᠷᠢᠭᠤᠴᠠᠨ᠎ᠠ᠃        ᠪᠥᠬᠦ  ᠲᠤᠭᠤᠷᠢᠭ ᠤᠨ ᠦᠶᠯᠡᠴᠢᠯᠡᠭᠡᠨ ᠤ ᠠᠷᠠᠯᠵᠢᠶ᠎ᠠ᠂ ᠮᠡᠷᠭᠡᠵᠢᠯ ᠤᠨ ᠠᠷᠠᠯᠵᠢᠶ᠎ᠠ᠂ ᠦᠶᠯᠡᠴᠢᠯᠡᠭᠡ ᠶᠢ ᠭᠠᠳᠠᠭᠰᠢ  ᠳᠠᠭᠠᠭᠠᠴᠢᠯᠠᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃ ᠨᠠᠶᠢᠳᠠᠯᠭ᠎ᠠ ᠪᠠᠷ ᠤᠯᠤᠰ ᠤᠨ ᠬᠤᠭᠤᠷᠣᠨᠳᠣᠬᠢ ᠪᠠᠷᠠᠭ᠎ᠠ ᠶᠢ ᠣᠷᠣᠯᠠᠬᠤ ᠠᠵᠤ ᠠᠬᠤᠶᠢᠯᠠᠯ ᠢ ᠳᠠᠩᠰᠠᠯᠠᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡᠨ ᠤ ᠦᠶᠯᠡᠰ ︵ᠢᠳᠡᠭᠡᠨ ᠤᠮᠳᠠᠭᠠᠨ ᠂ ᠬᠤᠨᠤᠭ ᠤᠨ ᠦᠶᠯᠡᠰ ᠪᠠᠭᠲᠠᠨ᠎ᠠ︶᠎ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠡᠷ ᠠᠬᠤᠢ ᠶᠢᠨ ᠦᠶᠯᠡᠴᠢᠯᠡᠭᠡ᠂ ᠵᠠᠬ᠎ᠠ ᠳᠡᠯᠭᠡᠭᠦᠷᠴᠢᠯᠡᠭᠰᠡᠨ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃       ︵ᠲᠠᠪᠤ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠲᠠᠰᠤᠭ ︵ᠭᠠᠳᠠᠭᠠᠳᠤ ᠶᠢᠨ ᠪᠡᠯᠡ ᠣᠷᠣᠭᠤᠯᠤᠯᠲᠠ ᠪᠠ ᠤᠯᠠᠨ  ᠣᠯᠣᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠᠭᠲᠠᠨ᠎ᠠ︶           ᠵᠢᠨᠢᠩ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶᠯᠭᠡᠭᠡ ᠪᠠᠷ ᠭᠤᠤᠯᠳᠠᠯᠭ᠎ᠠ ᠪᠣᠯᠭᠠᠭᠰᠠᠨ  ᠭᠤᠷᠪᠠᠳᠤᠭᠠᠷ ᠠᠵᠤ ᠦᠶᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠴᠤᠭᠯᠠᠭᠤᠯᠬᠤ᠂ ᠰᠢᠯᠢᠨ ᠰᠣᠩᠭᠤᠬᠤ᠂ ᠡᠮᠬᠢᠳᠬᠡᠬᠦ ᠶᠢ ᠬᠠᠷᠢᠭᠤᠴᠠᠨ᠎ᠠ︔ ᠵᠣᠬᠢᠴᠠᠩᠭᠤᠶ ᠶᠡᠷᠦᠩᠬᠡᠶᠢᠯᠡᠭᠰᠡᠨ ᠪᠦᠷᠢᠳᠬᠡᠯ᠂ ᠵᠠᠳᠠᠯᠤᠯᠲᠠ᠂ ᠮᠡᠳᠡᠭᠡ ᠵᠠᠩᠭᠢ ᠶᠢᠨ ᠬᠠᠷᠢᠭᠤ ᠲᠤᠰᠬᠠᠯ᠂  ᠲᠣᠬᠢᠷᠠᠭᠤᠯᠤᠯᠲᠠ ᠬᠢᠨ᠎ᠠ  ᠃ ᠡᠯ᠎ᠡ ᠲᠥᠷᠥᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠳᠤ ᠳᠤᠭᠤᠶᠢᠯᠠᠩ ᠪᠡᠯᠡᠳᠬᠡᠨ  ᠤᠷᠤᠯᠴᠠᠨ᠎ᠠ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠶᠯᠭᠡᠭᠡᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ  ᠲᠣᠬᠢᠷᠠᠭᠤᠯᠬᠤ᠂ ᠪᠦᠷᠢᠳᠬᠡᠬᠦ᠂ ᠶᠡᠷᠦᠩᠬᠡᠶᠢᠯᠡᠨ ᠵᠠᠳᠠᠯᠬᠤ᠂ ᠮᠡᠳᠡᠭᠡ ᠵᠠᠩᠭᠢ ᠶᠢᠨ ᠬᠠᠷᠢᠭᠤ ᠲᠤᠰᠬᠠᠬᠤ ᠪᠠ  ᠬᠠᠷᠠᠯᠲᠠ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠭᠤᠷᠪᠠᠳᠤᠭᠠᠷ ᠠᠵᠤ ᠦᠢᠯᠡᠰ ᠤᠨ ᠬᠤᠳᠠᠯᠳᠤᠭᠠᠴᠢᠨ ᠤᠷᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃         ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠪᠡᠯᠡ ᠶᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ  ᠲᠤᠭᠤᠷᠢᠭ  ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ  ᠲᠦᠯᠦᠪᠵᠢᠭᠦᠯᠭᠡ᠂ ᠪᠡᠯᠡ ᠣᠷᠣᠭᠤᠯᠤᠯᠲᠠ ᠶᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠠᠤᠯᠢ ᠶᠣᠰᠣᠭᠠᠷ ᠬᠠᠮᠢᠶᠠᠷᠴᠤ᠂ ᠭᠠᠳᠠᠭᠠᠳᠤ ᠶᠢᠨ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠢ ᠪᠠᠶᠢᠭᠤᠯᠬᠤ ᠪᠠ ᠬᠤᠪᠢᠷᠠᠭᠤᠯᠬᠤ ᠶᠠᠪᠤᠳᠠᠯ ᠢ ᠬᠠᠤᠯᠢ ᠶᠣᠰᠣᠭᠠᠷ ᠳᠠᠩᠰᠠᠯᠠᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠲᠥᠷᠥᠯ ᠵᠦᠶᠯ ᠤᠨ ᠬᠤᠳᠠᠯᠳᠤᠭᠠᠴᠢᠨ ᠤᠷᠢᠵᠤ ᠪᠡᠯᠡ  ᠣᠷᠣᠭᠤᠯᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠤᠨ ᠪᠣᠳᠠᠲᠠᠶ ᠭᠠᠳᠠᠭᠠᠳᠤ ᠪᠡᠯᠡ ᠎ ᠶᠢ ᠠᠰᠢᠭᠯᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃       ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠥᠳᠡᠯᠮᠦᠷᠢ ᠦᠶᠯᠡᠴᠢᠯᠡᠭᠡᠨ ᠤ ᠭᠡᠷ᠎ᠡ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ ᠵᠢᠴᠢ ᠲᠤᠭ᠎ᠠ ᠪᠦᠷᠢᠳᠬᠡᠯ ᠤᠨ ᠠᠵᠢᠯ ᠢ  ᠬᠠᠣᠯᠢ ᠶᠣᠰᠣᠭᠠᠷ ᠬᠠᠮᠢᠶᠠᠷᠴᠤ᠂ ᠲᠡᠭᠦᠨ ᠳᠤ ᠬᠢᠨᠠᠯᠲᠠ ᠲᠠᠯᠪᠢᠨ᠎ᠠ᠃ ᠮᠠᠨ ᠤ  ᠲᠤᠭᠤᠷᠢᠭ ᠤᠨ ᠠᠵᠤ ᠠᠬᠤᠶᠢᠯᠠᠯ ᠤᠨ ᠭᠠᠳᠠᠭᠠᠳᠤ ᠪᠡᠯᠡ ᠣᠷᠣᠭᠤᠯᠵᠤ ᠠᠵᠤ ᠠᠬᠤᠶᠢᠯᠠᠯ ︵ᠮᠥᠩᠭᠦᠨ ᠭᠦᠶᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠶ︶ ᠡᠷᠬᠢᠯᠡᠭᠰᠡᠨ ᠮᠡᠳᠡᠭᠦᠯᠬᠦ ᠮᠠᠲ᠋ᠧᠷᠢᠶᠠᠯ ᠢ ᠳᠡᠭᠡᠭᠰᠢ ᠮᠡᠳᠡᠭᠦᠯᠬᠦ ᠬᠡᠷᠡᠭᠲᠡᠶ᠃ ᠭᠠᠳᠠᠭᠰᠢ ᠲᠣᠮᠢᠯᠠᠭᠰᠠᠨ ᠬᠥᠳᠡᠯᠮᠦᠷᠢ ᠦᠶᠯᠡᠴᠢᠯᠡᠭᠡ ᠪᠠ ᠬᠢᠯᠢ ᠶᠢᠨ ᠭᠠᠳᠠᠨ᠎ᠠ ᠠᠵᠢᠯ ᠣᠯᠤᠭᠰᠠᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠭᠠᠳᠠᠭᠠᠳᠤ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠪᠠ ᠵᠥᠪᠳᠡᠯᠴᠡᠬᠦ ᠶᠢ ᠵᠣᠬᠢᠶᠠᠨ ᠪᠠᠶᠢᠭᠤᠯᠬᠤ ᠶᠢ  ᠬᠠᠷᠢᠭᠤᠴᠠᠵᠤ᠂ ᠬᠢᠯᠢ ᠶᠢᠨ ᠭᠠᠳᠠᠨᠠᠬᠢ ᠠᠵᠤ ᠠᠬᠤᠢ ᠶᠢᠨ ᠬᠤᠷᠰᠢᠯᠴᠠᠭᠠᠨ ᠤ ᠣᠷᠣᠨ᠂ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃           ︵ᠵᠢᠷᠭᠤᠭ᠎ᠠ︶ ᠬᠤᠷᠠᠯ ᠦᠵᠡᠰᠬᠦᠯᠡᠩ ᠤᠨ ᠦᠶᠯᠡᠰ ᠪᠠ ᠠᠰᠠᠷ ᠲᠠᠭᠲᠤ ᠶᠢᠨ ᠠᠵᠤ ᠠᠬᠤᠶ ᠶᠢ ᠬᠥᠭᠵᠢᠭᠦᠯᠬᠦ ᠠᠯᠪᠠᠨ ᠭᠡᠷ        ᠪᠦᠬᠦ ᠲᠤᠭᠤᠷᠢᠭ ᠤᠨ ᠬᠤᠷᠠᠯ ᠦᠵᠡᠰᠬᠦᠯᠡᠩ ᠤᠨ ᠦᠢᠯᠡᠰ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠤᠷᠸ᠎ᠠ ᠲᠥᠯᠥᠪᠵᠢᠭᠦᠯᠭᠡ ᠪᠠ ᠬᠠᠮᠢᠶᠠᠷᠤᠯᠲᠠ ᠦᠢᠯᠡᠴᠢᠯᠡᠭᠡ ᠶᠢ ᠬᠠᠷᠢᠭᠤᠴᠠᠨ᠎ᠠ  ᠃  ᠬᠤᠷᠠᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ  ᠲᠦᠯᠦᠪᠵᠢᠭᠦᠯᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ  ᠲᠤᠭᠤᠷᠢᠭ ᠤᠨ ᠬᠤᠷᠠᠯ ᠦᠵᠡᠰᠬᠦᠯᠡᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠲᠥᠭᠡᠨ  ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ  ᠃ ᠪᠦᠬᠦ  ᠲᠤᠭᠤᠷᠢᠭ ᠤᠨ  ᠬᠤᠷᠠᠯ ᠦᠵᠡᠰᠬᠦᠯᠡᠩ ᠤᠨ ᠦᠶᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠤᠯᠭ᠎ᠠ ᠶᠢᠨ ᠬᠢᠯᠢ ᠳᠣᠲᠣᠷ᠎ᠠ ᠬᠤᠷᠠᠯ ᠦᠵᠡᠰᠬᠦᠯᠡᠩ ᠤᠨ ᠠᠵᠢᠯᠯᠠᠭ᠎ᠠ ᠡᠷᠬᠢᠯᠡᠬᠦ ᠶᠢ  ᠬᠢᠨᠠᠨ ᠬᠠᠮᠢᠶᠠᠷᠤᠨ᠎ᠠ᠃         ᠠᠰᠠᠷ ᠲᠠᠭᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ  ᠬᠠᠷᠭᠤᠴᠠᠵᠤ᠂ ᠠᠰᠠᠷ ᠲᠠᠭᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠵᠤ᠂  ᠣᠨᠴᠠᠯᠢᠭᠲᠤ ᠠᠰᠠᠷ ᠲᠠᠭᠲᠤ ᠶᠢᠨ ᠪᠠ ᠶᠡᠷᠦᠩᠬᠡᠶ ᠬᠡᠯᠲᠡᠰ ᠤᠨ ᠠᠵᠤ ᠠᠬᠤᠶ ᠶᠢ ᠪᠠᠶᠢᠭᠤᠯᠵᠤ᠂ ᠠᠰᠠᠷ ᠲᠠᠭᠲᠤ ᠶᠢᠨ ᠡᠬᠢ ᠪᠠᠶᠠᠯᠢᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠡᠭᠦᠷᠭᠡᠯᠡᠨ᠎ᠡ  ᠃  ᠪᠦᠬᠦ  ᠲᠤᠭᠤᠷᠢᠭ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠰᠠᠷ ᠪᠠᠶᠢᠰᠢᠩ ᠢ ᠴᠣᠭᠴᠠᠯᠠᠨ ᠪᠠᠶᠢᠭᠤᠯᠬᠤ ᠶᠢ  ᠬᠠᠷᠭᠤᠴᠠᠨ᠎ᠠ  ᠃ ᠠᠰᠠᠷ ᠲᠠᠭᠲᠤ ᠶᠢᠨ ᠬᠤᠳᠠᠯᠳᠤᠭᠠᠴᠢᠨ ᠤᠷᠢᠵᠤ ᠭᠠᠶᠢᠯᠢ ᠲᠠᠲᠠᠪᠤᠷᠢ᠂ ᠬᠠᠮᠵᠢᠯᠴᠠᠭᠠᠨ ᠤ ᠭᠠᠶᠢᠯᠢ᠂ ᠪᠠ ᠭᠠᠶᠢᠯᠢ  ᠬᠠᠮᠠᠭᠠᠯᠠᠬᠤ ᠠᠵᠢᠯ ᠢ ᠠᠬᠢᠭᠤᠯᠤᠨ᠎ᠠ  ᠃ ᠪᠦᠬᠦ  ᠲᠤᠭᠤᠷᠢᠭ ᠤᠨ ᠠᠰᠠᠷ ᠲᠠᠭᠲᠤ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠰᠠᠷ ᠲᠠᠭᠲᠤ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠥᠮᠥᠷᠭᠡ ᠵᠢᠴᠢ ᠠᠰᠠᠷ ᠲᠠᠭᠲᠤ ᠶᠢᠨ ᠲᠤᠭ᠎ᠠ ᠪᠠᠷᠢᠮᠲᠠ ᠶᠢᠨ ᠲᠤᠭ᠎ᠠ ᠤ ᠦᠷᠢᠳᠬᠡᠯ ᠤᠨ ᠠᠵᠢᠯ ᠢ ᠬᠠᠷᠢᠭᠤᠴᠠᠨ᠎ᠠ  ᠃ ᠳ᠋ᠦᠩᠰᠢᠭᠤᠷ ᠲᠥᠭᠦᠷᠢᠭ ᠤᠨ ᠠᠰᠠᠷ ᠲᠠᠭᠲᠤ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ  ᠪᠠᠶᠢᠭᠤᠯᠤᠯᠲᠠ ᠪᠠ ᠬᠠᠮᠢᠶᠠᠷᠤᠯᠲᠠ ᠶᠢ ᠰᠠᠶᠢᠲᠤᠷ ᠬᠢᠬᠦ ᠶᠢ ᠬᠠᠷᠢᠭᠤᠴᠠᠵᠤ᠂ ᠠᠰᠠᠷ ᠲᠠᠭᠲᠤ ᠶᠢᠨ ᠥᠮᠴᠢᠲᠡᠨ ᠤ  ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ  ᠃ ᠠᠰᠠᠷ ᠤᠨ ᠪᠡᠯᠡᠳᠬᠡᠮᠵᠢ ᠶᠢ ᠢᠵᠢ ᠪᠦᠷᠢᠳᠦᠭᠦᠯᠬᠦ᠂ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠤᠨ ᠲᠥᠯᠥᠪᠯᠡᠭᠡ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠰᠠᠷ ᠪᠠᠶᠢᠰᠢᠩ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ᠂ ᠵᠠᠰᠠᠪᠤᠷᠢ  ᠣᠷᠣᠭᠤᠯᠬᠤ ᠪᠠ ᠲᠡᠭᠦᠯᠳᠡᠷᠵᠢᠭᠦᠯᠬᠦ ᠶᠢ ᠬᠠᠷᠢᠭᠤᠴᠠᠨ᠎ᠠ  ᠃ ᠰᠢᠩᠭᠡᠭᠡᠭᠰᠡᠨ ᠬᠤᠭᠤᠰᠣᠨ ᠲᠠᠯᠠᠪᠠᠢ ᠶᠢ ᠦᠨᠡᠮᠰᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ  ᠬᠠᠷᠭᠤᠴᠠᠨ᠎ᠠ  ᠃ ᠠᠰᠠᠷ ᠲᠠᠭᠲᠤ ᠶᠢᠨ ᠬᠤᠭᠤᠰᠣᠨ ᠲᠠᠯᠪᠢᠬᠤ ᠲᠠᠯᠠᠪᠠᠢ ᠶᠢ ᠠᠮᠢᠯᠠᠭᠤᠯᠬᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠡᠵᠡᠩᠨᠡᠬᠦ ᠳᠤᠮᠳᠠᠬᠢ ᠠᠰᠠᠭᠤᠳᠠᠯ ᠢ ᠬᠠᠪᠰᠤᠷᠤᠨ ᠰᠢᠶᠳᠪᠦᠷᠢᠯᠡᠨ᠎ᠡ  ᠃  ᠪᠥᠬᠦ ᠲᠤᠭᠤᠷᠢᠭ ᠤᠨ ᠠᠰᠠᠷ ᠪᠠᠶᠢᠰᠢᠩ ᠤᠨ ᠬᠤᠳᠠᠯᠳᠤᠭᠠᠴᠢᠨ ᠤᠷᠢᠬᠤ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠪᠠᠶᠢᠭᠤᠯᠵᠤ ᠪᠠᠶᠢᠭ᠎ᠠ ᠭᠤᠤᠯᠳᠠᠯᠭ᠎ᠠ ᠲᠠᠢ ᠠᠰᠠᠷ ᠪᠠᠶᠢᠰᠢᠩ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠳᠤ  ᠵᠣᠯᠭᠠᠭᠤᠯᠬᠤ ᠦᠶᠯᠡᠴᠢᠯᠡᠭᠡ ᠬᠢᠬᠦ ᠶᠢᠨ ᠬᠠᠮᠲᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ  ᠃ ᠠᠰᠠᠷ ᠲᠠᠭᠲᠤ ᠶᠢᠨ ᠬᠤᠳᠠᠯᠳᠤᠭᠠᠴᠢᠨ ᠤᠷᠢᠵᠤ ᠠᠵᠤ ᠠᠬᠤᠶᠢᠯᠠᠯ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠵᠤ᠂  ᠣᠷᠣᠭᠤᠯᠣᠨ ᠠᠪᠴᠢᠷᠠᠭᠰᠠᠨ ᠠᠵᠤ ᠠᠬᠤᠶᠢᠯᠠᠯ ᠤᠨ ᠡᠷᠦᠬᠡ ᠠᠮᠠ ᠣᠷᠣᠭᠤᠯᠬᠤ ᠶᠢ ᠮᠠᠭᠠᠳᠯᠠᠨ ᠲᠣᠭᠲᠠᠭᠠᠬᠤ ᠶᠢ ᠬᠠᠮᠵᠢᠨ ᠭᠦᠢᠴᠡᠳᠬᠡᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2