ᠵᠢᠨᠢᠩ ᠲᠤᠭᠤᠷᠢᠭ ᠤᠨ ᠬᠢᠨᠠᠨ ᠪᠤᠳᠤᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2020/11/24
                 ᠨᠢᠭᠡᠴᠡ ᠶᠢᠨ ᠳᠣᠲᠣᠭᠠᠳᠤ ᠳᠠᠭᠠᠨ ᠠᠯᠪᠠᠨ ᠭᠡᠷ᠂ ᠬᠠᠤᠯᠢ ᠲᠣᠭᠲᠠᠭᠠᠯ ᠤᠨ ᠰᠢᠭᠦᠯᠲᠡ ᠶᠢᠨ  ᠲᠠᠰᠤᠭ᠂ ᠵᠠᠰᠠᠭ ᠵᠠᠬᠢᠷᠭᠠᠨ ᠠᠵᠢᠯ ᠦᠶᠯᠡᠰ ᠤᠨ ᠬᠢᠨᠠᠨ ᠪᠣᠳᠣᠯᠲᠠ ᠶᠢᠨ  ᠲᠠᠰᠤᠭ᠂ ᠲᠠᠷᠢᠶᠠᠯᠠᠩ ᠤᠨ ᠬᠢᠨᠠᠨ ᠪᠣᠳᠣᠯᠲᠠ ᠶᠢᠨ ᠲᠠᠰᠤᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠢᠨᠠᠨ ᠪᠣᠳᠣᠯᠲᠠ ᠶᠢᠨ ᠲᠠᠰᠤᠭ᠂ ᠨᠡᠶᠢᠭᠡᠮ ᠤᠨ  ᠪᠠᠲᠤᠯᠠᠭ᠎ᠠ ᠶᠢᠨ ᠬᠢᠨᠠᠨ ᠪᠣᠳᠣᠯᠲᠠ ᠶᠢᠨ  ᠲᠠᠰᠤᠭ᠂ ᠡᠳ᠋ ᠤᠨ ᠵᠠᠰᠠᠭ ᠮᠥᠩᠭᠦᠨ ᠭᠦᠶᠯᠭᠡᠭᠡᠨ ᠤ ᠬᠢᠨᠠᠨ ᠪᠣᠳᠣᠯᠲᠠ ᠶᠢᠨ  ᠲᠠᠰᠤᠭ᠂ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠪᠣᠳᠣᠯᠲᠠ ᠶᠢᠨ ᠲᠠᠰᠤᠭ᠂ ᠠᠵᠤ ᠠᠬᠤᠶ ᠠᠷᠠᠯᠵᠢᠶᠠᠨ ᠤ ᠬᠢᠨᠠᠨ ᠪᠣᠳᠣᠯᠲᠠ ᠶᠢᠨ ᠲᠠᠰᠤᠭ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠲᠠᠰᠤᠭ᠂ ᠡᠯᠧᠺᠲᠷᠣᠨ ᠲᠤᠭ᠎ᠠ ᠪᠠᠷᠢᠮᠲᠠ ᠶᠢᠨ ᠬᠢᠨᠠᠨ ᠪᠣᠳᠣᠯᠲᠠ ᠶᠢᠨ ᠲᠠᠰᠤᠭ᠂ ᠣᠲᠣ 11 ᠡᠭᠦᠷᠭᠡ ᠴᠢᠳᠠᠪᠤᠷᠢᠲᠤ ᠲᠠᠰᠤᠭ ᠲᠠᠢ᠃ 2018 ᠣᠨ ᠤ 6 ᠰᠠᠷ᠎ᠠ ᠳᠤ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠲᠥᠪ ᠢ ᠳᠣᠷᠣᠭᠰᠢ ᠪᠠᠶᠢᠭᠤᠯᠤᠨ᠎ᠠ᠃              ᠣᠳᠣ ᠶᠢᠨ ᠠᠵᠢᠯᠯᠠᠵᠤ ᠪᠠᠶᠢᠭ᠎ᠠ ᠨᠢᠭᠡᠴᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ  ᠬᠤᠲᠠ ᠶᠢᠨ ᠵᠢᠨᠢᠩ ᠲᠣᠭᠤᠷᠢᠭ ᠤᠨ ᠴᠠᠬᠠᠷ ᠵᠡᠭᠦᠨ ᠵᠡᠭᠡᠯᠢ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A ᠲᠣᠭᠤᠷᠢᠭ ᠤᠨ 7 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠠᠰᠠᠷ ᠪᠣᠯᠤᠨ᠎ᠠ᠃ ᠠᠯᠪᠠᠨ ᠭᠡᠷ ᠤᠨ ᠤᠲᠠᠰᠤ᠄ 0474 — 8188331               ︵ᠨᠢᠭᠡ︶ ᠪᠦᠬᠦ  ᠲᠤᠭᠤᠷᠢᠭ ᠤᠨ ᠬᠢᠨᠠᠨ ᠪᠣᠳᠣᠬᠤ ᠠᠵᠢᠯ ᠢ ᠭᠤᠤᠯᠴᠢᠯᠠᠨ ᠬᠠᠮᠢᠶᠠᠷᠤᠨ᠎ᠠ᠃ ᠲᠤᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠬᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠ ᠶᠠᠯᠢᠭ ᠪᠣᠯᠤᠨ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠶᠢ ᠨᠡᠶᠢᠳᠡᠮ ᠬᠡᠷᠡᠭᠵᠢᠭᠦᠯᠵᠡᠶ᠃ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋  ᠬᠦᠷᠦᠩᠭᠡ ᠶᠢ ᠬᠢᠨᠠᠨ ᠪᠣᠳᠣᠬᠤ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ  ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠶᠢᠭ᠎ᠠ ᠪᠠᠶᠢᠳᠠᠯ ᠢ ᠮᠥᠷᠳᠡᠨ ᠬᠢᠨᠠᠨ ᠪᠣᠳᠣᠨ᠎ᠠ᠃ ᠬᠢᠨᠠᠨ ᠪᠣᠳᠣᠬᠤ᠂ ᠲᠤᠰᠬᠠᠶ ᠬᠢᠨᠠᠨ ᠪᠣᠳᠣᠬᠤ ᠪᠠᠶᠢᠴᠠᠭᠠᠯᠲᠠ ᠪᠠ ᠨᠡᠶᠢᠭᠡᠮ ᠤᠨ ᠬᠢᠨᠠᠨ ᠪᠣᠳᠣᠬᠤ  ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ  ᠬᠠᠷᠢᠭᠤᠴᠠᠯᠭ᠎ᠠ ᠡᠭᠦᠷᠭᠡᠯᠡᠨ᠎ᠡ᠂ ᠬᠢᠨᠠᠨ ᠪᠣᠳᠣᠭᠳᠠᠭᠰᠠᠨ ᠨᠢᠭᠡᠴᠡ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ  ᠎ ᠲᠠᠢ᠊᠃           ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠬᠢᠨᠠᠨ ᠪᠣᠳᠣᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ  ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠢᠨᠠᠨ ᠪᠣᠳᠣᠬᠤ ᠠᠵᠢᠯ ᠤᠨ ᠬᠥᠭᠵᠢᠯᠲᠡ ᠶᠢᠨ ᠲᠥᠯᠥᠪᠯᠡᠭᠡ ᠪᠣᠯᠤᠨ ᠲᠤᠰᠬᠠᠶ ᠠᠵᠢᠯ ᠤᠨ ᠬᠦᠷᠢᠶᠡᠨ ᠤ ᠬᠢᠨᠠᠨ  ᠪᠦᠳᠤᠬᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠢᠨᠠᠨ ᠪᠠᠶᠢᠴᠠᠭᠠᠬᠤ ᠵᠦᠶᠯᠡᠰ ᠲᠤ ᠬᠠᠤᠯᠢ ᠶᠣᠰᠣᠭᠠᠷ ᠬᠢᠨᠠᠨ  ᠪᠣᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ  ᠳᠤᠷᠠᠳᠤᠨ᠎ᠠ᠃           ︵ᠭᠤᠷᠪᠠ︶  ᠲᠤᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠲᠣᠰ ᠱᠠᠲᠤᠨ ᠤ ᠲᠥᠰᠦᠪ ᠢ  ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ  ᠮᠡᠳᠡᠭᠦᠯᠦᠯᠲᠡ ᠶᠢ ᠳᠤᠷᠠᠳᠤᠨ᠎ᠠ᠃  ᠲᠤᠭᠤᠷᠢᠭ ᠤᠨ ᠵᠠᠰᠠᠭ ᠤᠨ ᠣᠷᠳᠣᠨ ᠎ ᠤ ᠲᠥᠰᠦᠪ ᠢ ᠭᠦᠶᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ  ᠵᠡᠷᠤᠯᠭ᠎ᠠ ᠶᠢᠨ ᠪᠠᠶᠢᠳᠠᠯ ᠤᠨ ᠬᠢᠨᠠᠨ ᠪᠣᠳᠣᠭᠰᠠᠨ ᠦᠷ᠎ᠡ ᠳ᠋ᠦᠩ ᠤᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃  ᠲᠤᠭᠤᠷᠢᠭ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠶᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ  ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠨ  ᠭᠠᠷᠭᠠᠭᠰᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠳᠤᠷᠠᠳᠬᠤ ᠬᠡᠷᠡᠭᠲᠡᠶ᠃  ᠲᠤᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠪᠤᠰᠤᠳ ᠵᠦᠶᠯ ᠤᠨ ᠬᠢᠨᠠᠨ ᠪᠣᠳᠣᠯᠲᠠ ᠪᠣᠯᠤᠨ ᠲᠤᠰᠬᠠᠢ ᠵᠦᠶᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢᠶᠠᠨ ᠮᠡᠳᠡᠭᠦᠯᠬᠦ ᠬᠡᠷᠡᠭᠲᠡᠶ᠃ ᠬᠢᠨᠠᠨ ᠪᠤᠳᠤᠭᠰᠠᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃  ᠲᠤᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ ᠬᠢᠨᠠᠨ ᠪᠣᠳᠣᠭᠰᠠᠨ ᠪᠠᠶᠢᠳᠠᠯ ᠪᠣᠯᠤᠨ ᠬᠢᠨᠠᠨ ᠪᠣᠳᠣᠭᠰᠠᠨ ᠦᠷ᠎ᠡ ᠳ᠋ᠦᠩ ᠢ ᠨᠡᠪᠲᠡᠷᠡᠭᠦᠯᠬᠦ ᠬᠡᠷᠡᠭᠲᠡᠶ᠃          ︵ᠳᠦᠷᠪᠡ︶ ᠳᠣᠤᠷᠠᠬᠢ ᠵᠦᠶᠯᠡᠰ ᠢ ᠰᠢᠭᠤᠳ ᠬᠢᠨᠠᠨ ᠪᠣᠳᠣᠵᠤ᠂ ᠬᠢᠨᠠᠨ ᠪᠣᠳᠣᠭᠰᠠᠨ ᠮᠡᠳᠡᠭᠦᠯᠦᠯᠲᠡ ᠬᠢᠵᠦ  ᠦᠭᠭᠦᠨ᠎ᠡ᠃ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠬᠤ ᠲᠣᠭᠲᠠᠭᠠᠯ ᠭᠠᠷᠭᠠᠬᠤ  ᠪᠣᠶᠣ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠶᠳᠬᠡᠯ ᠪᠠ ᠰᠠᠨᠠᠭᠤᠯᠭ᠎ᠠ ᠭᠠᠷᠭᠠᠵᠤ᠂ ᠲᠡᠷᠡᠴᠢᠯᠡᠨ ᠵᠣᠬᠢᠴᠠᠩᠭᠤᠶ ᠬᠠᠷᠢᠭᠤᠴᠠᠯᠭ᠎ᠠ ᠶᠢ ᠡᠭᠦᠷᠭᠡᠯᠡᠨ᠎ᠡ᠃         1. ᠪᠦᠬᠦ ᠤᠯᠤᠰ ᠎ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ    ᠨᠡᠶᠢᠲᠡᠪᠤᠷᠢᠵᠢᠭᠤᠯᠤᠭᠰᠠ ᠪᠠᠶᠢᠳᠠᠯ᠃         2.ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠣᠷᠣᠨ ᠤ ᠲᠣᠰ ᠱᠠᠲᠤᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ  ᠵᠠᠷᠤᠯᠭ᠎ᠠ᠂  ᠲᠤᠭᠤᠷᠢᠭ ᠤᠨ ᠲᠣᠰ ᠱᠠᠲᠤᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶᠎ ᠤᠨ ᠲᠦᠰᠦᠪ ᠢ ᠭᠦᠶᠴᠡᠳᠬᠡᠭᠰᠡᠨ ᠪᠠᠶᠢᠳᠠᠯ᠂ ᠲᠥᠰᠦᠪ ᠤᠨ ᠭᠦᠶᠴᠡᠳᠬᠡᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ  ᠵᠠᠷᠤᠯᠭ᠎ᠠ᠃         3.ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠭᠦᠶᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠃        4. ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ  ᠪᠦᠯᠭᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃         5 . ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ  ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ  ᠎ ᠪᠠᠷ᠊ ᠭᠤᠤᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠠ ᠲᠥᠰᠦᠪ ᠤᠨ ᠭᠦᠶᠴᠡᠳᠬᠡᠯ᠃  ᠲᠤᠭᠤᠷᠢᠭ ᠤᠨ ᠬᠠᠷᠢᠶ᠎ᠠ ᠪᠦᠬᠦᠢ ᠴᠢᠬᠤᠯᠠ ᠶᠡᠭᠡ ᠣᠯᠠᠨ ᠨᠡᠶᠢᠲᠡ ᠶᠢᠨ ᠪᠠᠷᠢᠯᠭ᠎ᠠ ᠶᠢᠨ ᠲᠥᠷᠥᠯ ᠵᠦᠶᠯ ᠤᠨ ᠪᠠᠯᠠ ᠮᠥᠩᠭᠦ  ᠶᠢ ᠬᠠᠮᠢᠶᠠᠷᠴᠤ ᠬᠡᠷᠡᠭᠯᠡᠭᠰᠡᠨ ᠪᠠ ᠪᠥᠲᠥᠭᠡᠨ ᠪᠠᠶᠢᠭᠤᠯᠵᠤ ᠡᠵᠡᠩᠨᠡᠭᠰᠡᠨ ᠪᠠᠶᠢᠳᠠᠯ︔         6 .  ᠵᠢᠨᠢᠩ ᠤᠨ ᠬᠠᠷᠢᠶᠠᠲᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ  ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠭᠰᠠᠨ ᠪᠠ ᠵᠠᠰᠠᠨ ᠰᠡᠷᠭᠦᠭᠡᠭᠰᠡᠨ ᠪᠠᠶᠢᠳᠠᠯ︔         7.  ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠮᠥᠩᠭᠦᠨ ᠭᠦᠶᠯᠭᠡᠭᠡᠨ ᠤ  ᠪᠠᠶᠢᠭᠤᠯᠤᠮᠵᠢ᠂  ᠲᠤᠭᠤᠷᠢᠭ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ  ᠡᠵᠡᠮᠳᠡᠬᠦ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠣᠯᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠰᠢᠷᠢ ᠪᠣᠯᠤᠨ ᠣᠯᠵᠠᠪᠤᠷᠢ ᠠᠯᠳᠠᠪᠤᠷᠢ᠃         8 . ᠲᠤᠭᠤᠷᠢᠭ ᠤᠨ  ᠵᠠᠰᠠᠭ ᠤᠨ ᠣᠷᠳᠣᠨ ᠤ ᠬᠠᠮᠢᠶᠠᠷᠤᠯᠲᠠ ᠪᠣᠯᠤᠨ ᠨᠡᠶᠢᠭᠡᠮ ᠤᠨ ᠪᠦᠯᠬᠦᠮ ᠤᠨ  ᠲᠤᠭᠤᠷᠢᠭ ᠤᠨ ᠵᠠᠰᠠᠭ ᠤᠨ ᠣᠷᠳᠣᠨ  ᠵᠢᠴᠢ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠩᠭᠦ᠂ ᠨᠡᠶᠢᠭᠡᠮ ᠤᠨ ᠲᠤᠰᠠᠯᠠᠨ ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ  ᠃         9. ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠬᠤ ᠪᠠᠷᠠᠭᠠᠨ ᠤ ᠵᠣᠭᠤᠰ ᠤᠨ ᠵᠦᠶᠯᠡᠰ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃            10.  ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠡᠷᠬᠡ ᠣᠯᠭᠤᠵᠤ ᠬᠢᠨᠠᠨ ᠪᠤᠳᠤᠬᠤ ᠪᠤᠰᠤᠳ ᠬᠢᠨᠠᠨ ᠪᠤᠳᠤᠬᠤ ᠵᠦᠶᠯ ᠤᠳ᠃           11. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠢᠨᠠᠨ ᠪᠤᠳᠤᠬᠤ ᠲᠣᠪᠴᠢᠶ᠎ᠠ ᠳᠤ ᠬᠢᠨᠠᠨ ᠪᠤᠳᠤᠬᠤ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠬᠢᠨᠠᠨ ᠪᠤᠳᠤᠬᠤ ᠵᠦᠶᠯ ᠤᠳ᠃            ︵ᠲᠠᠪᠤ︶ ᠲᠣᠭᠲᠠᠭᠠᠯ ᠶᠣᠰᠣᠭᠠᠷ  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ᠂ ᠰᠢᠶᠠᠩ  ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠤᠳᠤᠷᠢᠳᠬᠤ ᠺᠠᠳ᠋ᠷ᠂ ᠠᠵᠤ  ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠺᠠᠳ᠋ᠷ ᠵᠢᠴᠢ ᠬᠢᠨᠠᠨ ᠪᠣᠳᠣᠬᠤ ᠲᠣᠪᠴᠢᠶ᠎ᠠ ᠶᠢᠨ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠤᠯᠢ ᠶᠣᠰᠣᠭᠠᠷ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠪᠠᠶᠢᠭᠠᠯᠢ ᠶᠢᠨ ᠡᠬᠢ  ᠪᠠᠶᠠᠯᠢᠭ ᠤᠨ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠯᠲᠠ ᠬᠢᠨ᠎ᠡ᠃           ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ  ᠲᠤᠭᠤᠷᠢᠭ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠤᠶᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ  ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠶᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠡᠬᠢ ᠪᠠᠶᠠᠯᠢᠭ ᠤᠨ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ᠂ ᠡᠰᠡᠬᠦᠯ᠎ᠡ ᠤᠯᠤᠰ ᠤᠨ  ᠭᠠᠶᠢᠯᠢ ᠲᠠᠲᠠᠪᠤᠷᠢ ᠳᠤ ᠬᠤᠯᠪᠣᠭᠳᠠᠬᠤ ᠪᠤᠰᠤᠳ ᠨᠢᠭᠡᠴᠡ ᠳᠤ ᠬᠢᠨᠠᠨ ᠪᠣᠳᠣᠯᠲᠠ ᠬᠢᠵᠦ ᠪᠠᠶᠢᠴᠠᠭᠠᠯᠲᠠ ᠬᠢᠨ᠎ᠡ᠃              ︵ᠳᠣᠯᠤᠭ᠎ᠠ︶ ᠬᠢᠨᠠᠨ ᠪᠣᠳᠣᠬᠤ ᠲᠣᠭᠲᠠᠭᠠᠯ  ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ  ᠪᠠᠶᠢᠴᠠᠭᠠᠵᠦ᠂ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠪᠠ  ᠰᠢᠢᠳᠪᠦᠷᠢᠯᠡᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠬᠢᠭᠰᠡᠨ ᠲᠣᠭᠲᠠᠭᠠᠯ ᠤᠨ ᠵᠠᠰᠠᠭ  ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠪᠤᠶᠤ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠢᠨᠠᠨ ᠲᠠᠰᠤᠯᠤᠯᠲᠠ ᠳᠤ ᠳᠡᠪᠰᠢᠭᠦᠯᠦᠭᠰᠡᠨ ᠬᠤᠯᠪᠣᠭᠳᠠᠯ ᠪᠥᠬᠦᠶ ᠵᠦᠶᠯᠡᠰ ᠢ ᠬᠠᠤᠯᠢ ᠶᠣᠰᠣᠭᠠᠷ  ᠰᠢᠢᠳᠪᠦᠷᠢᠯᠡᠨ᠎ᠠ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ  ᠪᠠᠶᠢᠴᠠᠭᠠᠨ᠊ ᠰᠢᠶᠳᠪᠦᠷᠢᠯᠡᠬᠦ ᠬᠡᠷᠡᠭᠲᠡᠶ᠃              ︵ ᠨᠠᠢᠮᠠ  ︶ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ ᠂ ᠮᠠᠨ ᠤ  ᠲᠤᠭᠤᠷᠢᠭ ᠤᠨ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠦᠬᠦᠢ ᠬᠢᠨᠠᠨ ᠪᠣᠳᠣᠭᠰᠠᠨ  ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃              ︵ᠶᠢᠰᠦ︶ ᠬᠢᠨᠠᠨ ᠪᠣᠳᠣᠬᠤ ᠵᠠᠬᠢᠷᠭ᠎ᠠ᠂ ᠬᠢᠨᠠᠨ ᠪᠣᠳᠣᠬᠤ ᠲᠢᠩᠬᠢᠮ᠂ ᠬᠤᠲᠠ ᠶᠢᠨ ᠬᠢᠨᠠᠨ ᠪᠣᠳᠣᠬᠤ  ᠲᠣᠪᠴᠢᠶ᠎ᠠ ᠶᠢᠨ ᠤᠳᠤᠷᠢᠳᠤᠯᠭ᠎ᠠ ᠳᠣᠤᠷ᠎ᠠ ᠬᠢᠨᠠᠨ ᠪᠣᠳᠣᠬᠤ ᠬᠦᠷᠢᠶᠡᠨ ᠳᠠᠬᠢ ᠣᠯᠠᠨ ᠤᠯᠤᠰ ᠎ ᠤᠨ ᠰᠣᠯᠢᠯᠴᠠᠭ᠎ᠠ ᠪᠠ  ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠬᠢᠨᠠᠨ ᠪᠣᠳᠣᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ  ᠵᠢᠯᠤᠭᠤᠳᠤᠨ ᠳᠡᠯᠭᠡᠷᠡᠭᠦᠯᠦᠨ᠎ᠡ᠃              ︵ᠠᠷᠪᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠶᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ‌ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃               ︵ᠠᠷᠪᠠᠨ ᠨᠢᠭᠡ︶  ᠲᠤᠭᠤᠷᠢᠭ ᠤᠨ  ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2