ᠵᠢᠨᠢᠩ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2020/11/24
         ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠵᠢᠨᠢᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ︵ᠲᠢᠩᠬᠢᠮ ᠲᠠᠷᠬᠠᠭᠠᠭᠰᠠᠨ ︵2019︶ 3 ᠳ᠋ᠤᠭᠠᠷ ᠲᠣᠭᠠᠲᠤ︶᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠪᠠᠶᠢᠭᠤᠯᠵᠤ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠨ᠎ᠠ᠃           ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ          1. ᠪᠡᠶ᠎ᠡ ᠶᠢᠨ ᠲᠠᠮᠢᠷ ᠤᠨ ᠡᠭᠦᠷᠭᠡ ᠴᠢᠳᠠᠪᠤᠷᠢ ᠳᠤ ᠬᠤᠪᠢᠶᠠᠷᠢᠯᠠᠨ ᠣᠷᠣᠭᠤᠯᠤᠨ᠎ᠠ᠃           ᠬᠤᠶᠠᠷ᠂ ᠭᠤᠤᠯ ᠡᠭᠦᠷᠭᠡ ᠬᠠᠷᠢᠭᠤᠴᠠᠯᠭ᠎ᠠ             ︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠨᠠᠮ ᠪᠠ ᠤᠯᠤᠰ ᠎ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠵᠢᠨᠢᠩ ᠲᠣᠭᠤᠷᠢᠭ ᠤᠨ ᠬᠠᠮᠢᠶ᠎ᠠ ᠪᠥᠬᠦᠶ ᠰᠢᠶᠳᠪᠦᠷᠢᠲᠦ  ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠦᠨ᠎ᠡ᠃           ︵ᠬᠤᠶᠠᠷ︶ ᠪᠦᠬᠦ ᠣᠷᠣᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ  ᠤᠨ ᠬᠦᠷᠢᠶᠡᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃           ︵ᠭᠤᠷᠪᠠ︶ ᠪᠦᠬᠦ  ᠲᠤᠭᠤᠷᠢᠭ ᠤᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠳᠤᠷᠠᠰᠬᠠᠯᠲᠤ  ᠵᠦᠢᠯ ᠤᠨ ᠬᠦᠷᠢᠶᠡᠨ ᠳᠠᠬᠢ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃           ︵ᠳᠦᠷᠪᠡ︶ ᠤᠷᠠᠯᠢᠭ ᠤᠨ ᠵᠣᠬᠢᠶᠠᠨ ᠪᠦᠲᠦᠭᠡᠬᠦ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠪᠣᠯᠤᠨ ᠦᠶᠯᠡᠳᠪᠦᠷᠢᠯᠡᠯ ᠢ ᠵᠢᠯᠣᠭᠤᠳᠴᠤ ᠨᠡᠶᠢᠭᠡᠮ ᠵᠢᠷᠤᠮ ᠤᠨ ᠭᠤᠣᠯ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ  ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠲᠡᠳᠬᠦᠵᠡᠶ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠣᠶᠣᠯ ᠤᠷᠠᠯᠢᠭ ᠤᠨ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃            ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠶᠯᠡᠰ ᠪᠠ ᠨᠡᠶᠢᠭᠡᠮ ᠤᠨ ᠰᠣᠶᠣᠯ ᠪᠡᠶ᠎ᠡ ᠶᠢᠨ ᠲᠠᠮᠢᠷ ᠤᠨ ᠦᠶᠯᠡᠰ ᠢ ᠵᠢᠯᠣᠭᠤᠳᠤᠨ ᠬᠠᠮᠢᠶᠠᠷᠴᠤ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶᠎ ᠤ  ᠲᠤᠬᠠᠶᠢᠯᠠᠭᠰᠠᠨ ᠠᠵᠢᠯ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃          ︵ᠵᠢᠷᠭᠤᠭ᠎ᠠ︶ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ᠂ ᠮᠦᠽᠧᠶ ᠶᠢᠨ ᠦᠶᠯᠡᠰ ᠢ  ᠵᠢᠯᠤᠭᠤᠳᠤᠨ ᠬᠠᠮᠢᠶᠠᠷᠴᠤ᠂ ᠲᠡᠤᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠪᠠ ᠠᠰᠢᠭᠯᠠᠬᠤ ᠶᠢ ᠵᠢᠯᠣᠭᠤᠳᠴᠤ᠂ ᠲᠡᠤᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠬᠠᠤᠯᠢ ᠶᠢᠨ ᠲᠣᠭᠲᠠᠭᠠᠯ ᠢ ᠲᠤᠤᠱᠯᠠᠭᠤᠯᠬᠤ ᠶᠢᠨ ᠬᠠᠮᠲᠤ ᠬᠢᠨᠠᠯᠲᠠ ᠲᠠᠯᠪᠢᠵᠤ  ᠬᠡᠷᠡᠭᠵᠢᠭᠦᠯᠬᠦ ᠶᠢ ᠬᠠᠷᠢᠭᠤᠴᠠᠨ᠎ᠠ᠃            ︵ᠳᠣᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ  ᠲᠤᠭᠤᠷᠪᠢᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠦᠷᠢᠮ ᠲᠤᠭᠲᠠᠭᠠᠯ ᠤᠨ ᠡᠬᠡ ᠨᠣᠣᠷᠠᠭ ᠢ ᠲᠤᠭᠤᠷᠪᠢᠬᠤ ᠳᠤ ᠬᠢᠨᠠᠯᠲᠠ ᠲᠠᠯᠪᠢᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠪᠠ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ  ᠵᠠᠯᠭᠠᠮᠵᠢᠯᠠᠵᠤ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠨᠠᠢᠮᠠ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ  ᠢ ᠦᠨᠳᠦᠰᠦᠯᠡᠨ᠂ ᠰᠣᠶᠣᠯ ᠤᠨ ᠵᠠᠬ᠎ᠠ ᠳᠡᠯᠭᠡᠭᠦᠷ ᠢ ᠵᠢᠯᠣᠭᠤᠳᠤᠨ ᠪᠤᠶᠢᠵᠢᠭᠤᠯᠬᠤ ᠪᠠ ᠲᠡᠭᠦᠯᠳᠡᠷᠵᠢᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠭᠠᠨ ᠵᠢᠯᠣᠭᠤᠳᠴᠤ᠂ ᠬᠢᠨᠠᠯᠲᠠ ᠲᠠᠯᠪᠢᠵᠤ᠂ ᠬᠠᠮᠢᠶᠠᠷᠤᠨ᠎ᠠ᠃ ᠰᠣᠶᠣᠯ ᠤᠷᠠᠯᠢᠭ ᠤᠨ ᠡᠵᠡᠩᠨᠡᠯᠲᠡ ᠶᠢᠨ ᠠᠵᠢᠯᠯᠠᠭ᠎ᠠ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠤᠷᠠᠨ ᠰᠠᠶᠢᠬᠠᠨ ᠤ ᠠᠵᠢᠯᠯᠠᠭ᠎ᠠ ᠡᠷᠬᠢᠯᠡᠵᠦ ᠪᠠᠶᠢᠭ᠎ᠠ ᠠᠷᠠᠳ ᠠᠴᠠ ᠡᠷᠬᠢᠯᠡᠭᠰᠡᠨ ᠪᠠᠶᠢᠭᠤᠯᠤᠮᠵᠢ ᠶᠢ ᠬᠢᠨᠠᠨ  ᠬᠠᠮᠢᠶᠠᠷᠠᠬᠤ ᠠᠵᠢᠯ ᠢ ᠵᠢᠯᠣᠭᠤᠳᠬᠤ ᠬᠡᠷᠡᠭᠲᠡᠶ᠃           ︵ᠶᠢᠰᠦ︶ ᠰᠦᠯᠵᠢᠶᠡᠨ ᠪᠠᠭᠠᠷ ᠵᠡᠷᠭᠡ ᠰᠦᠯᠵᠢᠶᠡᠨ ᠤ ᠦᠶᠯᠡᠴᠢᠯᠡᠭᠡᠨ ᠤ ᠴᠢᠨᠠᠷᠲᠠᠶ ᠡᠵᠡᠩᠨᠡᠯᠲᠡ ᠶᠢᠨ ᠭᠠᠵᠠᠷ ᠲᠠᠯᠠᠪᠤᠷ ᠢ ᠤᠷᠢᠳᠠᠪᠠᠷ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠂ ᠰᠦᠯᠵᠢᠶᠡᠨ ᠤ ᠲᠣᠭᠯᠠᠭᠠᠮ ᠤᠨ ᠦᠶᠯᠡᠴᠢᠯᠡᠭᠡ ᠳᠤ ᠬᠢᠨᠠᠯᠲᠠ ᠬᠠᠮᠢᠶᠠᠷᠤᠯᠲᠠ ᠬᠢᠬᠦ ︵ᠰᠦᠯᠵᠢᠶᠡᠨ ᠤ ᠲᠣᠭᠯᠠᠭᠠᠮ ᠎ ᠤᠨ ᠰᠦᠯᠵᠢᠶᠡᠨ ᠳᠡᠭᠡᠷ᠎ᠡ ᠬᠡᠪᠯᠡᠬᠦ ᠶᠢ ᠤᠷᠢᠳᠠᠪᠠᠷ ᠬᠢᠨᠠᠨ ᠵᠥᠪᠰᠢᠶᠡᠷᠡᠬᠦ ᠥᠬᠡᠶ︶᠃       ︵ᠠᠷᠪᠠ︶ ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠪᠠ ᠭᠠᠳᠠᠭᠠᠳᠤ ᠳᠤ ᠰᠣᠶᠣᠯ ᠤᠬᠠᠭᠤᠯᠭ᠎ᠠ ᠶᠢᠨ ᠠᠵᠢᠯ ᠢ ᠵᠢᠯᠣᠭᠤᠳᠤᠨ ᠬᠠᠮᠢᠶᠠᠷᠴᠤ ᠰᠣᠶᠣᠯ ᠤᠨ ᠰᠣᠯᠢᠯᠴᠠᠭᠠᠨ ᠤ ᠲᠥᠯᠥᠪᠯᠡᠭᠡ ᠲᠣᠭᠲᠠᠭᠠᠨ᠎ᠠ᠃           ︵ᠠᠷᠪᠠᠨ ᠨᠢᠭᠡ︶ ᠤᠯᠤᠰ ᠎ ᠤᠨ  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠵᠢᠭᠤᠯᠴᠢᠯᠠᠯ ᠤᠨ ᠦᠢᠯᠡᠰ ᠤᠨ ᠬᠠᠮᠢᠶᠠᠷᠤᠯᠲᠠ ᠶᠢᠨ ᠬᠠᠤᠯᠢ ᠴᠠᠭᠠᠵᠠ ᠪᠠ ᠬᠠᠤᠯᠢ ᠲᠣᠭᠲᠠᠭᠠᠯ ᠎ ᠢ ᠦᠨᠳᠦᠰᠦᠯᠡᠵᠦ᠂ ᠮᠠᠨ ᠤ  ᠲᠤᠭᠤᠷᠢᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ  ᠬᠠᠷᠢᠭᠤᠴᠠᠨ ᠲᠥᠯᠥᠪᠵᠢᠭᠦᠯᠭᠡ ᠪᠣᠯᠤᠨ ᠪᠣᠳᠠᠲᠠᠶ ᠬᠡᠷᠡᠭᠵᠢᠭᠦᠯᠬᠦ ᠰᠠᠨᠠᠯ ᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃           ︵ᠠᠷᠪᠠᠨ ᠬᠤᠶᠠᠷ︶ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠵᠦ᠂ ᠠᠭᠤᠯᠠ ᠤᠰᠤᠨ ᠤ ᠥᠩᠭᠡ ᠦᠵᠡᠮᠵᠢ᠂ ᠠᠷᠠᠳ ᠤᠨ ᠵᠠᠩ ᠵᠠᠩᠰᠢᠯ᠂ ᠦᠨᠳᠦᠰᠦᠲᠡᠨ ᠤ ᠰᠣᠶᠣᠯ ᠵᠡᠷᠭᠡ ᠲᠠᠯ᠎ᠠ ᠶᠢᠨ  ᠭᠠᠳᠠᠭᠠᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠬᠠᠷᠢᠭ ᠤᠴᠠᠵᠤ᠂ ᠵᠢᠭᠤᠯᠴᠢᠯᠠᠯ ᠤᠨ ᠡᠬᠢ ᠪᠠᠶᠠᠯᠢᠭ ᠪᠠ ᠴᠢᠬᠤᠯᠠ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ  ᠬᠦᠭᠵᠢᠭᠦᠯᠭᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃           ︵ᠠᠷᠪᠠᠨ ᠭᠤᠷᠪᠠ︶ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠪᠡ᠂    ᠨᠡᠭᠡᠭᠡᠯᠲᠡ ᠪᠠ ᠬᠠᠮᠢᠶ᠎ᠠ ᠪᠦᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠵᠢᠭᠤᠯᠴᠢᠯᠠᠯ ᠤᠨ ᠣᠷᠣᠨ ᠪᠦᠰᠡ ᠶᠢᠨ ᠲᠥᠯᠥᠪᠵᠢᠭᠦᠯᠪᠡ᠂ ᠵᠢᠷᠤᠭ ᠲᠥᠯᠥᠪᠯᠡᠭᠡ᠂ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠵᠢᠭᠤᠯᠴᠢᠯᠠᠯ ᠤᠨ ᠲᠥᠷᠥᠯ ᠵᠦᠶᠯ ᠢ ᠨᠠᠶᠢᠷᠠᠭᠤᠯᠤᠨ ᠵᠣᠬᠢᠶᠠᠵᠤ ᠬᠢᠨᠠᠨ ᠪᠠᠶᠢᠴᠠᠭᠠᠬᠤ᠂ ᠬᠥᠮᠥᠷᠭᠡ ᠳᠤ ᠣᠷᠣᠭᠤᠯᠬᠤ᠂ ᠭᠤᠶᠤᠴᠢᠯᠠᠨ ᠮᠡᠳᠡᠭᠦᠯᠬᠦ ᠵᠢᠴᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ᠃          ︵ᠠᠷᠪᠠᠨ ᠳᠥᠷᠪᠡ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂  ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠠᠮᠢᠶᠠᠷᠬᠤ᠂ ᠬᠡᠷᠡᠭᠯᠡᠭᠴᠢᠳ ᠪᠠ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ ᠪᠠᠭᠤᠳᠠᠯ᠂ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠲᠡᠷᠭᠡ ᠣᠩᠭᠤᠴᠠ ᠪᠠ ᠣᠨᠴᠠ ᠲᠥᠷᠥᠯ ᠤᠨ ᠵᠢᠭᠤᠯᠴᠢᠯᠠᠯ  ᠤᠨ ᠲᠥᠬᠦᠭᠡᠷᠦᠮᠵᠢ ᠶᠢᠨ ᠪᠠᠷᠢᠮᠵᠢᠶ᠎ᠠ ᠪᠠ ᠦᠶᠯᠡᠴᠢᠯᠡᠭᠡᠨ ᠤ ᠪᠠᠷᠢᠮᠵᠢᠶ᠎ᠠ᠃ ᠵᠢᠭᠤᠯᠴᠢᠯᠠᠯ ᠤᠨ ᠭᠠᠵᠠᠷ ᠤᠨ ᠬᠤᠪᠢᠶᠠᠷᠢ ᠬᠤᠷᠢᠶ᠎ᠠ ᠶᠢᠨ ᠬᠢᠷᠢ ᠬᠡᠮ ᠢ ᠲᠣᠭᠲᠠᠭᠠᠯ ᠶᠣᠰᠣᠭᠠᠷ ᠳᠠᠩᠰᠠᠯᠠᠬᠤ ᠶᠢᠨ ᠬᠠᠮᠲᠤ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠠᠵᠢᠯ ᠢ ᠵᠢᠭᠠᠨ ᠵᠢᠯᠣᠭᠤᠳᠬᠤ ᠶᠢᠨ ᠬᠠᠮᠲᠤ  ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠡᠷᠬᠢᠯᠡᠭᠰᠡᠨ ᠠᠵᠢᠯ ᠤᠨ ᠬᠢᠷᠢ ᠬᠡᠮ ᠢ ᠦᠨᠡᠮᠰᠢᠬᠦ ᠳᠦᠷᠢᠮ ᠪᠣᠯᠤᠨ ᠵᠡᠷᠭᠡ ᠳᠡᠰ ᠢ ᠦᠨᠡᠯᠡᠨ ᠲᠣᠭᠲᠠᠭᠠᠬᠤ ᠳᠦᠷᠢᠮ ᠢ ᠵᠢᠯᠣᠭᠤᠳᠤᠨ ᠬᠡᠷᠡᠭᠵᠢᠭᠦᠯᠬᠦ ᠬᠡᠷᠡᠭᠲᠡᠶ          ︵ᠠᠷᠪᠠᠨ ᠲᠠᠪᠤ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠦᠶᠯᠡᠴᠢᠯᠡᠭᠡᠨ ᠤ ᠶᠠᠰᠤ ᠴᠢᠨᠠᠷ  ᠢ ᠬᠢᠨᠠᠯᠲᠠ ᠲᠠᠯᠪᠢᠨ ᠪᠠᠶᠢᠴᠠᠭᠠᠵᠤ᠂ ᠵᠢᠭᠤᠯᠴᠢᠯᠠᠭᠴᠢ ᠶᠢᠨ ᠵᠠᠭᠠᠯᠳᠤᠯᠭ᠎ᠠ ᠶᠢ ᠬᠦᠯᠢᠶᠡᠨ ᠠᠪᠴᠤ  ᠰᠢᠢᠳᠪᠦᠷᠢᠯᠡᠵᠦ᠂ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠶᠢ ᠬᠠᠮᠠᠭᠠᠯᠠᠨ᠎ᠠ᠃         ︵ᠠᠷᠪᠠᠨ ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠲᠤᠬᠠᠶ  ᠴᠢᠭᠯᠡᠯᠲᠡ᠂ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ  ᠢ ᠲᠤᠤᠱᠯᠠᠭᠤᠯᠤᠨ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ᠂ ᠠᠷᠭ᠎ᠠ ᠶᠢ ᠰᠤᠳᠤᠯᠤᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠨᠡᠶᠢᠭᠡᠮ ᠤᠨ ᠪᠦᠯᠬᠦᠮ ᠢ ᠵᠣᠬᠢᠴᠠᠭᠤᠯᠵᠤ ᠢᠳᠡᠪᠬᠢᠲᠡᠶ  ᠎ ᠪᠠᠷ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ᠂ ᠠᠵᠤ ᠠᠬᠤᠶᠢᠯᠠᠯ ᠠᠵᠢᠯ ᠦᠶᠯᠡᠰ᠂ ᠪᠠᠶᠢᠭᠤᠯᠤᠯᠭ᠎ᠠ᠂ ᠬᠥᠳᠡᠭᠡ ᠲᠣᠰᠬᠤᠨ᠂ ᠬᠤᠲᠠ ᠶᠢᠨ ᠨᠡᠶᠢᠭᠡᠮ ᠲᠣᠭᠤᠷᠢᠭ ᠵᠡᠷᠭᠡ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠎ ᠤᠨ  ᠪᠡᠶ᠎ᠡ ᠶᠢᠨ ᠲᠠᠮᠢᠷ᠊ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡ ᠎ ᠤᠨ ᠪᠡᠶ᠎ᠡ ᠶᠢᠨ ᠲᠠᠮᠢᠷ ᠤᠨ ᠦᠶᠯᠡᠰ ᠢ ᠲᠦᠯᠬᠢᠨ ᠠᠬᠢᠭᠤᠯᠬᠤ ᠬᠡᠷᠡᠭᠲᠡᠶ᠃  ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠢᠭᠠᠨ ᠵᠢᠯᠣᠭᠤᠳᠬᠤ ᠶᠢᠨ ᠬᠠᠮᠲᠤ  ᠥᠷᠨᠢᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠠᠷᠠᠳ ᠎ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠥᠷᠨᠢᠭᠦᠯᠦᠨ᠎ᠡ᠃           ︵ᠠᠷᠪᠠᠨ ᠳᠣᠯᠤᠭ᠎ᠠ︶  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠭᠦᠯᠦᠨ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2