ᠠᠵᠠ ᠲᠣᠬᠢᠶᠠᠯ ᠢ ᠠᠮᠵᠢᠵᠤ ᠰᠢᠨ᠎ᠡ ᠠᠶᠠᠨ ᠵᠠᠮ ᠢᠶᠠᠨ ᠡᠬᠢᠯᠡᠭᠦᠯᠵᠦ᠂ ᠡᠷᠡᠯᠬᠡᠭᠯᠡᠨ ᠲᠡᠮᠡᠴᠡᠵᠦ ᠰᠢᠨ᠎ᠡ ᠡᠭᠦᠷᠭᠡᠯᠡᠯ ᠢᠶᠠᠨ  ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄
2020/11/24
ᠰᠤᠷᠪᠤᠯᠵᠢᠯᠠᠭᠰᠠᠨ ᠵᠤᠴᠢᠨ᠄ ᠴᠢ᠊· ᠳᠠᠯᠠᠨᠲᠠᠢ ᠰᠤᠷᠪᠤᠯᠵᠢᠯᠠᠭᠰᠠᠨ ᠴᠠᠭ᠄ 2020.11.20  
 
         ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ︽ᠬᠤᠣᠰ  ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠴᠡᠭ ᠪᠣᠯᠤᠨ᠎ᠠ᠂ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠲᠠᠶ᠂ ᠲᠡᠦᠬᠡᠲᠦ ᠴᠢᠨᠠᠷᠲᠠᠶ ᠠᠴᠢ ᠬᠤᠯᠪᠣᠭᠳᠠᠯ ᠪᠦᠬᠦᠢ ᠴᠢᠬᠤᠯᠠ ᠬᠤᠷᠠᠯ ᠮᠦᠨ᠂ ᠬᠤᠶᠢᠰᠢᠳᠠ ᠶᠢᠨ 5 ᠵᠢᠯ ᠴᠢᠨᠠᠭᠰᠢᠯᠠᠪᠠᠯ 15 ᠵᠢᠯ ᠤᠨ ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠳᠦᠯᠭᠡ ᠶᠢᠨ ᠠᠷᠭ᠎ᠠ ᠵᠠᠮ ᠢ ᠲᠥᠯᠥᠪᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ  ᠬᠢᠭᠰᠡᠨ ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ  ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠢ᠊· ᠳᠠᠯᠠᠨᠲᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠠᠯᠤᠰ ᠬᠡᠲᠦ ᠶᠢ  ᠲᠦᠯᠦᠪᠵᠢᠭᠦᠯᠭᠡ ᠪᠠ ᠣᠳᠣᠬᠢ ᠠᠵᠢᠯ ᠢᠶᠠᠨ ᠤᠶᠠᠯᠳᠤᠭᠤᠯᠬᠤ ᠶᠢ ᠪᠠᠷᠢᠮᠲᠠᠯᠠᠵᠤ᠂ ᠳᠣᠣᠷᠠᠬᠢ ᠲᠦᠷᠪᠡᠨ ᠲᠠᠯ᠎ᠠ ᠠᠴᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠠᠨ᠎ᠠ᠃          ᠨᠢᠭᠡ ᠳᠤ᠂ ᠰᠤᠷᠤᠯᠴᠠᠯᠭ᠎ᠠ ᠤᠬᠠᠭᠤᠯᠭ᠎ᠠ ᠶᠢᠨ ᠥᠷᠨᠢᠯᠲᠡ ᠭᠠᠷᠭᠠᠪᠠ᠃ ᠵᠢᠨᠢᠩ ᠲᠣᠭᠤᠷᠢᠭ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠠᠶ᠃ ᠨᠠᠮ ᠤᠨ ᠲᠥᠪ ᠬᠤᠷᠢᠶ᠎ᠠ ᠪᠣᠯᠤᠨ  ᠳᠡᠭᠡᠷ᠎ᠡ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ  ᠱᠠᠭᠠᠷᠳᠠᠯᠭ᠎ᠠ ᠶᠣᠰᠣᠭᠠᠷ᠂ ︽ᠰᠤᠷᠤᠯᠴᠠᠯᠭ᠎ᠠ ᠤᠬᠠᠭᠤᠯᠭ᠎ᠠ ᠶᠢᠨ ᠲᠥᠰᠦᠯ︾᠎ ᠢ ᠨᠢᠮᠪᠠᠶ ᠲᠣᠭᠲᠠᠭᠠᠵᠤ᠂ ᠬᠤᠶᠠᠷ ᠱᠠᠲᠤ ᠬᠤᠪᠢᠶᠠᠵᠤ᠂ ᠶᠢᠰᠦᠨ  ᠲᠠᠯ᠎ᠠ ᠠᠴᠠ 100 ᠡᠳᠦᠷ ᠤᠨ ᠬᠤᠭᠤᠴᠠᠭ᠎ᠠ ᠲᠠᠢ ᠰᠢᠷᠢᠰ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠤᠮᠵᠢ ᠬᠢᠵᠦ᠂ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠶᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠶᠯᠡᠳᠦᠯᠭᠡ ᠶᠢ ᠵᠢᠯᠣᠭᠤᠳᠣᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠶ᠃ ᠭᠦᠨᠵᠡᠭᠡᠢ ᠰᠤᠷᠤᠯᠴᠠᠵᠤ᠂ ᠰᠢᠨ᠎ᠡ ᠠᠷᠭ᠎ᠠ ᠰᠦᠪᠡᠭᠴᠢᠯᠡᠵᠦ᠂ ᠪᠣᠳᠠᠲᠠᠢ ᠠᠵᠢᠯᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃          ᠬᠤᠶᠠᠷ ᠲᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠭᠦᠶᠴᠡᠳᠬᠡᠯ ᠲᠤᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃ 2020᠎  ᠤᠨ ᠪᠣᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠮᠠᠨ ᠤ ᠨᠠᠮ ᠤᠨ ᠠᠷᠠᠳ ᠲᠦᠮᠡᠨ᠂ ᠲᠡᠤᠬᠡ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠭᠠᠭᠴᠠ ᠬᠦ ᠪᠦᠬᠦ   ᠲᠠᠯ᠎ᠠ ᠪᠠᠷ ᠴᠢᠨᠡᠭᠡᠯᠢᠭᠵᠢᠬᠦ ᠡᠯ᠎ᠡ ᠵᠦᠶᠯ ᠤᠨ ᠭᠦᠶᠴᠡᠳᠬᠡᠯ ᠲᠤᠭ᠎ᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠰᠠᠶ᠋ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠶᠠᠨ ᠵᠠᠮ ᠢ ᠤᠷᠤᠭᠰᠢᠲᠠᠶ ᠡᠬᠢᠯᠡᠭᠦᠯᠵᠦ ᠴᠢᠳᠠᠨ᠎ᠠ᠃ ᠵᠢᠨᠢᠩ ᠲᠣᠭᠤᠷᠢᠭ ᠤᠨ ᠬᠢᠨ ᠴᠢᠩᠭ᠎ᠠ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠭᠦᠶᠴᠡᠳᠬᠡᠯ ᠲᠣᠭᠠᠨ ᠤ ᠰᠢᠰᠲ᠋ᠧᠮ ᠪᠣᠯᠤᠨ ᠵᠢᠯ ᠎ ᠤᠨ ᠡᠬᠢᠨ ᠳᠤ ᠲᠣᠭᠲᠠᠭᠠᠭᠰᠠᠨ ᠡᠯ᠎ᠡ ᠵᠦᠶᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠬᠢᠵᠢᠭ ᠢ  ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠠᠶ᠃ ᠬᠠᠮᠤᠭ ᠰᠡᠭᠦᠯ ᠤᠨ ᠬᠤᠶᠠᠷ ᠰᠠᠷ᠎ᠠ ᠳᠤ ᠬᠦᠴᠦᠯᠡᠨ ᠰᠢᠪᠲᠤᠯᠤᠯᠲᠠ ᠬᠢᠵᠦ᠂ ᠠᠷᠭ᠎ᠠ ᠪᠦᠬᠦᠨ ᠢ ᠰᠦᠪᠡᠭᠴᠢᠯᠡᠨ  ᠦᠯᠡᠳᠡᠭᠰᠡᠨ 10 ᠵᠦᠢᠯ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠤᠷᠢᠭ᠎ᠠ ᠱᠤᠭᠤᠮ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ   ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃          ᠭᠤᠷᠪᠠ ᠳᠤ᠂ ᠢᠷᠡᠭᠡᠳᠦᠶ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ ᠣᠯᠤᠨ᠎ᠠ᠃ ᠢᠷᠡᠬᠦ ᠵᠢᠯ ᠠᠴᠠ ᠡᠬᠢᠯᠡᠨ᠂ ᠮᠠᠨ ᠤ ᠤᠯᠤᠰ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠷᠣᠵᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠬᠤᠤᠰ ᠣᠷᠴᠢᠯ ᠤᠨ ᠬᠠᠷᠢᠯᠴᠠᠨ ᠠᠬᠢᠭᠤᠯᠬᠤ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠪᠣᠯᠵᠠᠶ ᠃ ᠠᠵᠤ ᠠᠬᠤᠶ ᠶᠢᠨ ᠬᠥᠭᠵᠢᠯᠲᠡ ᠪᠠ ᠠᠵᠤ ᠦᠶᠯᠡᠰ ᠤᠨ ᠪᠦᠲᠦᠴᠡ ᠳᠤ ᠠᠯᠢ ᠤᠯᠠᠨ ᠭᠦᠨ ᠳᠠᠪᠬᠤᠷᠭ᠎ᠠ ᠶᠢᠨ ᠬᠤᠪᠢᠷᠠᠯᠲᠠ ᠭᠠᠷᠬᠤ ᠪᠣᠯᠤᠨ᠎ᠠ᠃ ᠬᠡᠨ ᠠᠵᠠ ᠲᠣᠬᠢᠶᠠᠯ ᠢ ᠠᠮᠵᠢᠵᠤ ᠴᠢᠳᠠᠪᠠᠯ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠡᠷᠢᠭᠦᠨ ᠲᠣᠬᠢᠶᠠᠯ ᠢ ᠡᠵᠡᠯᠡᠵᠦ ᠴᠢᠳᠠᠨ᠎ᠠ᠃ ᠵᠢᠨᠢᠩ ᠲᠣᠭᠤᠷᠢᠭ ᠲᠤᠰ ᠪᠡᠶ᠎ᠡ ᠪᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠠᠯᠪᠢᠵᠤ ᠵᠠᠳᠠᠯᠤᠨ ᠰᠢᠨᠵᠢᠵᠦ᠂ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠠᠷᠠᠳ ᠤᠨ  ᠠᠮᠢᠳᠤᠷᠠᠯ ᠳᠤ ᠠᠰᠢᠭ ᠬᠦᠷᠲᠡᠭᠡᠬᠦ᠂ ᠠᠯᠤᠰ ᠬᠡᠳᠦ ᠳᠤ ᠠᠰᠢᠭᠲᠠᠢ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠵᠦ᠂ ᠢᠷᠡᠬᠦ ᠲᠠᠪᠤᠨ ᠵᠢᠯ ᠤᠨ ᠵᠢᠨᠢᠩ ᠤᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠠᠶ᠃        ᠳᠥᠷᠪᠡ ᠳᠤ᠂ ᠭᠤᠤᠯ ᠬᠤᠲᠠ ᠲᠣᠭᠤᠷᠢᠭ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ  ᠪᠠᠷᠢᠮᠲᠠᠯᠠᠪᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠎ ᠤᠨ ᠡᠮᠦᠨ᠎ᠡ᠂ ᠵᠢᠨᠢᠩ ᠲᠣᠭᠤᠷᠢᠭ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠳᠠᠭᠠᠭᠤᠯᠤᠨ᠂ ᠪᠡᠶ᠎ᠡ ᠪᠠᠷ ᠢᠶᠠᠨ ᠬᠡᠪ ᠳᠦᠷᠢᠮ ᠲᠠᠢ ᠰᠢᠷᠭᠠᠭᠤ ᠬᠠᠲᠠᠭᠤᠵᠢᠯᠲᠠᠶ ᠠᠵᠢᠯᠯᠠᠨ᠎ᠠ᠃ ᠪᠦᠬᠦ ᠬᠤᠲᠠ ᠶᠢᠨ ᠬᠥᠭᠵᠢᠯᠲᠡ ᠳᠤ ᠭᠤᠣᠯ ᠬᠤᠲᠠ ᠲᠣᠭᠤᠷᠢᠭ ᠲᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠪᠠᠷ ᠲᠤᠯᠭᠠᠭᠤᠷᠢ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠳᠥᠷᠪᠡᠨ ᠶᠡᠭᠡ ᠠᠵᠤ ᠠᠬᠤᠶ︾᠎ ᠶᠢᠨ ᠲᠣᠭᠤᠷᠢᠨ ᠳᠤ ︽ᠲᠣᠮᠣ ᠳ᠋ᠠᠶᠢᠲ᠋ᠠ︾᠂ ︽ᠲᠣᠮᠣ ᠪᠠᠷᠠᠭ᠎ᠠ ᠶᠢᠨ ᠭᠦᠢᠯᠭᠡᠭᠡ︾᠂ ︽ᠲᠣᠮᠣ ᠡᠷᠡᠭᠦᠯ ᠮᠡᠨᠳᠦ︾᠂ ︽ᠲᠣᠮᠣ ᠵᠢᠭᠤᠯᠴᠢᠯᠠᠯ︾ ᠳᠥᠷᠪᠡᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠳᠣᠪᠣᠶᠢᠮ᠎ᠠ ᠠᠳᠬᠤᠨ᠎ᠠ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠵᠡᠷᠭᠡ ᠠᠵᠤ ᠦᠢᠯᠡᠰ ᠢ ᠪᠦᠬᠦ ᠬᠦᠴᠦᠨ ᠢᠶᠠᠷ ᠬᠥᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠵᠦ᠂ ᠰᠤᠷᠭᠠᠨ  ᠬᠦᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠨ᠎ᠡ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠣᠪᠣᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠰᠢᠯᠢᠳᠡᠭ ᠣᠷᠴᠢᠨ ᠲᠣᠭᠤᠷᠢᠨ ᠢᠶᠠᠷ ᠵᠢᠱᠢᠶ᠎ᠡ ᠦᠵᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠪᠠᠷ ᠲᠣᠯᠢ ᠪᠣᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠶᠠᠪᠤᠴᠠ ᠶᠢ ᠳᠥᠭᠦᠮᠴᠢᠯᠡᠵᠦ᠂ ᠴᠠᠭ ᠤᠨ ᠬᠢᠵᠠᠭᠠᠷ ᠢ ᠪᠣᠭᠤᠨᠢᠰᠬᠠᠵᠤ᠂  ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠴᠢᠷ ᠶᠠᠪᠤᠳᠠᠯ ᠰᠢᠶᠳᠪᠦᠷᠢᠯᠡᠬᠦ ᠳᠤ ᠬᠦᠴᠢᠷᠲᠡᠶ᠂ ᠤᠴᠢᠷ ᠶᠠᠪᠤᠳᠠᠯ  ᠰᠢᠢᠳᠪᠦᠷᠢᠯᠡᠬᠦ  ᠳᠤ ᠪᠤᠳᠤᠯᠢᠶᠠᠨᠲᠠᠶ᠂ ᠤᠴᠢᠷ ᠶᠠᠪᠤᠳᠠᠯ ᠰᠢᠶᠳᠪᠦᠷᠢᠯᠡᠬᠦ ᠳᠤ ᠤᠳᠠᠭᠠᠨ ᠪᠠᠶᠢᠬᠤ ᠠᠰᠠᠭᠤᠳᠠᠯ ᠢ  ᠰᠢᠢᠳᠪᠦᠷᠢᠯᠡᠨ᠎ᠠ᠃ ᠬᠤᠳᠠᠯᠳᠤᠭ᠎ᠠ ᠡᠵᠡᠩᠨᠡᠬᠦ ᠪᠠ ᠠᠷᠠᠳ ᠲᠦᠮᠡᠨ ᠳᠤ ᠦᠶᠯᠡᠴᠢᠯᠡᠬᠦ ︽ᠬᠤᠶᠠᠷ ᠣᠷᠴᠢᠨ ᠨᠥᠬᠦᠴᠡᠯ︾᠎ ᠢ ᠪᠦᠬᠦ ᠬᠦᠴᠦᠨ ᠎ ᠢᠶᠠᠷ ᠢᠶᠠᠨ ᠰᠢᠯᠢᠳᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠣᠯᠠᠨ ᠨᠡᠶᠢᠲᠡ ᠶᠢᠨ ᠦᠶᠯᠡᠴᠢᠯᠡᠭᠡᠨ ᠤ ᠬᠠᠩᠭᠠᠯᠭ᠎ᠠ ᠶᠢ  ᠴᠢᠩᠭᠠᠳᠬᠠᠵᠠᠢ᠃ ᠳᠥᠭᠦᠮ ᠪᠦᠳᠦᠴᠡᠲᠦ ᠣᠷᠣᠨ ᠰᠠᠭᠤᠴᠠᠲᠤ ᠲᠣᠭᠤᠷᠢᠭ  ᠢ ᠥᠭᠡᠷᠡᠴᠢᠯᠡᠨ ᠰᠢᠨᠡᠳᠬᠡᠬᠦ ᠪᠠ  ᠨᠤᠷᠠᠭᠠᠨ ᠨᠡᠭᠦᠯᠭᠡᠵᠦ ᠲᠥᠪᠬᠢᠨᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠳᠦᠷᠢ ᠲᠥᠷᠬᠦ᠂ ᠰᠢᠶᠠᠩ ᠪᠠᠯᠭᠠᠰᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃          ᠶᠡᠷᠦᠩᠬᠡᠶᠢᠯᠡᠪᠡᠯ᠂ ᠵᠢᠨᠢᠩ ᠲᠣᠭᠤᠷᠢᠭ ᠨᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ  ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠡᠭᠦᠯ ᠬᠤᠷᠢᠶᠠᠬᠤ ᠪᠠᠶᠢᠯᠳᠤᠭᠠᠨ ᠢ ᠪᠦᠬᠦ ᠬᠦᠴᠦᠨ ᠢᠶᠠᠷ ᠢᠶᠠᠨ  ᠰᠡᠶᠢᠲᠦᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠮᠦᠨᠡᠬᠢ ᠠᠵᠢᠯ ᠢ ᠰᠠᠶᠢᠲᠤᠷ ᠬᠢᠵᠦ᠂ ᠢᠷᠡᠬᠦ  ᠵᠢᠯ ᠤᠨ ᠡᠯ᠎ᠡ ᠵᠦᠢᠯ ᠤᠨ ᠠᠵᠢᠯ ᠢ ᠡᠬᠢᠯᠡᠭᠦᠯᠦᠨ᠂  ᠰᠠᠶᠢᠨ ᠡᠬᠢᠯᠡᠯᠲᠡ ᠲᠠᠢ ᠪᠣᠯᠭᠠᠶ᠎ᠠ︕
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2