ᠵᠢᠨᠢᠩ ᠲᠤᠭᠤᠷᠢᠭ ᠤᠨ  ᠮᠠ ᠯᠢᠶᠠᠨ ᠴᠢᠦᠶ ᠰᠢᠶᠠᠩ ᠤᠨ ᠲᠦᠢᠮᠣ ᠪᠠᠶᠢᠳᠠᠯ ᠤᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/11/26
         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ᠂ ᠶᠡᠷᠦᠩᠬᠡᠶ ᠬᠠᠷᠢᠶ᠎ᠠ ᠣᠷᠣᠨ ᠤ ᠲᠠᠯᠠᠪᠠᠢ ᠨᠢ 189.5 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 5261 ᠡᠷᠦᠬᠡ᠂ ᠬᠥᠮᠦᠨ ᠠᠮᠠ ᠨᠢ 15954 ᠪᠠᠶᠢᠵᠤ᠂ ᠶᠡᠷᠦᠩᠬᠡᠶ ᠲᠠᠷᠢᠶᠠᠨ ᠭᠠᠵᠠᠷ ᠤᠨ ᠲᠠᠯᠠᠪᠠᠶ ᠨᠢ 3.5 ᠲᠦᠮᠡᠨ ᠮᠥ ᠪᠠᠶᠢᠨ᠎ᠠ᠃ ᠣᠳᠣ 8 ᠭᠠᠴᠠᠭᠠᠨ ᠤ ᠠᠷᠠᠳ ᠤᠨ ᠵᠥᠪᠯᠡᠯ᠂ 42 ᠠᠶᠢᠯ ᠲᠣᠰᠬᠤᠨ᠂ 1 ᠨᠡᠶᠢᠭᠡᠮ ᠲᠣᠭᠤᠷᠢᠭ ᠬᠠᠷᠢᠶᠠᠯᠠᠭᠳᠠᠵᠤ ᠪᠤᠢ᠃  ᠰᠢᠶᠠᠩ ᠤᠨ ᠨᠠᠮ ᠤᠨ ᠬᠤᠷᠢᠶᠠᠨ ᠤ ᠳᠣᠣᠷ᠎ᠠ 11 ᠨᠠᠮ ᠤᠨ ᠡᠭᠦᠷ ︵1 ᠪᠠᠶᠢᠭᠤᠯᠭ᠎ᠠ ᠶᠢᠨ ᠡᠭᠦᠷ᠂ 1 ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ‌ᠠᠮᠠᠷᠠᠭᠰᠠᠨ ᠨᠠᠮ ᠤᠨ ᠡᠭᠦᠷ᠂ 9 ᠭᠠᠴᠠᠭᠠᠨ ᠤ ᠱᠠᠲᠤᠨ ᠤ ᠨᠠᠮ ᠤᠨ ᠡᠭᠦᠷ︶ ᠪᠠᠶᠢᠭᠤᠯᠵᠤ᠂ ᠤᠳᠤ 425 ᠨᠠᠮ ᠤᠨ ᠭᠡᠰᠢᠭᠦᠨ ᠪᠠᠶᠢᠨ᠎ᠠ᠂ ᠡᠭᠦᠨ ᠤ ᠳᠣᠲᠣᠷ᠎ᠠ 302 ᠲᠠᠷᠢᠶᠠᠴᠢᠨ ᠨᠠᠮ ᠤᠨ ᠭᠡᠰᠢᠭᠦᠨ ᠪᠠᠶᠢᠨ᠎ᠠ᠃            ᠨᠢᠭᠡ᠂ ᠮᠠ ᠯᠢᠶᠠᠨ ᠴᠢᠦᠶ ᠰᠢᠶᠠᠩ ᠤᠨ ᠲᠡᠤᠬᠡᠨ ᠬᠤᠪᠢᠰᠤᠯ            ᠢᠷᠭᠡᠨ ᠤᠯᠤᠰ ᠤᠨ 13᠎  ᠤᠨ ︵1924᠎  ᠤᠨ︶᠎ ᠳᠤ ᠵᠢᠨᠢᠩ ᠢ ᠪᠠᠶᠢᠭᠤᠯᠤᠭᠰᠠᠨ ᠤ ᠳᠠᠷᠠᠭ᠎ᠠ᠂ ᠣᠳᠣ ᠶᠢᠨ ᠮᠠ ᠯᠢᠶᠠᠨ ᠴᠢᠦᠶ ᠰᠢᠶᠠᠩ ᠤᠨ ᠬᠠᠷᠢᠶᠠᠲᠤ ᠣᠷᠣᠨ ᠤ ᠨᠢᠭᠡᠳᠦᠭᠡᠷ ᠲᠤᠭᠤᠷᠢᠭ ᠤᠨ  ᠳ᠋ᠧ ᠾᠧᠩ ᠰᠢᠶᠠᠩ ᠪᠣᠯᠪᠠ᠃ 1951 ᠣᠨ ᠤ 8 ᠰᠠᠷ᠎ᠠ ᠠᠴᠠ ᠡᠮᠦᠨ᠎ᠡ᠂ ᠵᠢᠨᠢᠩ ᠰᠢᠶᠠᠨ ᠤ ᠨᠢᠭᠡᠳᠦᠭᠡᠷ᠂ ᠳᠥᠷᠪᠡᠳᠦᠭᠡᠷ ᠲᠣᠭᠤᠷᠢᠭ ᠪᠠ ᠬᠤᠳᠠ ᠶᠢᠨ ᠬᠠᠮᠢᠶᠠᠷᠤᠯᠲᠠ ᠶᠢᠨ ᠣᠷᠣᠨ ᠳᠤ ᠲᠤᠰ ᠲᠤᠰ ᠬᠠᠷᠢᠶᠠᠯᠠᠭᠳᠠᠵᠤ ᠪᠠᠶᠢᠪᠠ᠃ ᠳᠠᠷᠠᠭ᠎ᠠ ᠨᠢ ᠂ ᠮᠠ ᠯᠢᠶᠠᠨ ᠴᠢᠦᠶ ᠰᠢᠶᠠᠩ ᠤᠨ 15 ᠠᠶᠢᠯ ᠲᠣᠰᠬᠤᠨ ᠢ ᠬᠤᠶᠠᠷ ᠵᠠᠰᠠᠭ ᠵᠠᠬᠢᠷᠭᠠᠨ ᠤ ᠲᠣᠰᠬᠤᠨ ︵ᠨᠠᠨ ᠾᠧ ᠴᠢᠦᠶ  ᠵᠠᠰᠠᠭ  ᠵᠠᠬᠢᠷᠭᠠᠨ ᠤ ᠲᠣᠰᠬᠤᠨ᠂ ᠯᠢ ᠬᠤᠸᠠ ᠭᠸᠤ ᠵᠠᠰᠠᠭ ᠵᠠᠬᠢᠷᠭᠠᠨ ᠤ ᠲᠣᠰᠬᠤᠨ︶ ᠪᠣᠯᠭᠠᠨ ᠬᠤᠪᠢᠶᠠᠵᠤ ᠂ ᠫᠢᠩ ᠳ᠋ᠢ ᠴᠢᠤᠸᠠᠨ ᠪᠠᠯᠭᠠᠰᠤ ᠠᠴᠠ ᠬᠠᠮᠢᠶᠠᠷᠤᠨ᠎ᠠ᠃ 1952 ᠣᠨ ᠳᠤ᠂ ᠨᠠᠨ ᠾᠧ ᠴᠢᠦᠶ ᠵᠠᠰᠠᠭ ᠵᠠᠬᠢᠷᠭᠠᠨ ᠤ ᠭᠠᠴᠠᠭ᠎ᠠ ᠶᠢ ᠵᠡᠭᠦᠨ ᠳᠡᠭᠦᠷᠭᠡ ᠶᠢᠨ ᠰᠢᠶᠠᠩ ᠪᠣᠯᠭᠠᠨ  ᠦᠭᠡᠷᠡᠴᠢᠯᠡᠵᠤ᠂ ᠯᠢ ᠬᠤᠸᠠ ᠭᠧᠦ ᠶᠢᠨ ᠵᠠᠰᠠᠭ ᠵᠠᠬᠢᠷᠭᠠᠨ ᠤ ᠭᠠᠴᠠᠭ᠎ᠠ ᠶᠢ ᠪᠠᠷᠠᠭᠤᠨ ᠳᠡᠭᠦᠷᠭᠡ ᠶᠢᠨ ᠰᠢᠶᠠᠩ ᠳᠤ ᠤᠷᠤᠭᠤᠯᠪᠠ᠃ 1953 ᠣᠨ ᠳᠤ᠂ ᠤᠤᠯ ᠨᠢ ᠭᠤᠣᠯ ᠬᠤᠰᠢᠭᠤᠨ ᠳᠤ ᠬᠠᠷᠢᠶᠠᠯᠠᠭᠳᠠᠵᠤ ᠪᠠᠶᠢᠭᠰᠠᠨ ᠪᠠ ᠸᠠᠩ ᠾᠧ ᠵᠡᠷᠭᠡ 3 ᠪᠠᠶᠢᠭᠠᠯᠢ ᠶᠢᠨ ᠲᠣᠰᠬᠤᠨ ᠢ ᠰᠢ ᠵᠢᠶᠤᠤ ᠰᠢᠶᠠᠩ ︵ᠰᠡᠭᠦᠯᠡᠷ ᠨᠢ ᠨᠠᠰᠤᠨ᠋ᠭᠡᠷ ᠰᠢᠶᠠᠩ ᠭᠡᠵᠦ ᠥᠭᠡᠷᠡᠴᠢᠯᠡᠪᠡ︶᠎ ᠳᠤ ᠣᠷᠣᠭᠤᠯᠵᠤ᠂ ᠵᠢᠨᠢᠩ ᠰᠢᠶᠠᠨ ᠤ ᠰᠢᠶᠤᠤ ᠫᠠᠨ ᠬᠤᠩ ᠵᠡᠷᠭᠡ 7 ᠲᠣᠰᠬᠤᠨ ᠢ ᠳ᠋ᠦᠩ ᠵᠢᠶᠤᠤ ᠰᠢᠶᠠᠩ ᠳᠤ ᠬᠠᠷᠢᠶᠠᠯᠠᠭᠤᠯᠪᠠ᠃ 1958 ᠣᠨ ᠳᠤ᠂ ᠵᠡᠭᠦᠨ ᠳᠡᠭᠦᠷᠭᠡ ᠶᠢᠨ ᠰᠢᠶᠠᠩ ᠵᠢᠴᠢ  ᠨᠠᠰᠤᠨ  ᠭᠡᠷᠡᠯ ᠰᠢᠶᠠᠩ ᠳᠤ ᠠᠷᠠᠳ ᠤᠨ  ᠨᠢᠭᠡᠳᠤᠯᠵᠢᠭᠦᠯᠤᠯᠳᠡᠢ ᠶᠢ ᠬᠠᠭᠤᠴᠢᠨ ᠫᠢᠩ ᠳ᠋ᠢ ᠴᠢᠤᠸᠠᠨ ᠨᠢᠭᠡᠳᠦᠯ ᠳᠤ ᠬᠠᠷᠢᠶᠠᠯᠠᠭᠤᠯᠪᠠ᠃ 1962 ᠣᠨ ᠳᠤ᠂ ᠮᠠ ᠯᠢᠶᠠᠨ ᠴᠢᠦᠢ ᠠᠷᠠᠳ ᠤᠨ ᠨᠢᠭᠡᠳᠦᠯ ᠪᠠᠶᠢᠭᠤᠯᠤᠭᠳᠠᠪᠠ᠃ 1966 ᠣᠨ ᠳᠤ᠂ ᠮᠠ ᠯᠢᠶᠠᠨ ᠴᠢᠦᠶ ᠨᠢᠭᠡᠳᠦᠯ ᠤᠨ ᠨᠡᠷ᠎ᠡ ᠪᠠᠨ ᠬᠤᠩ ᠸᠧᠶ ᠨᠢᠭᠡᠳᠦᠯ ᠭᠡᠵᠦ ᠬᠠᠯᠠᠪᠠ᠃ 1984 ᠣᠨ ᠳᠤ᠂ ᠨᠢᠭᠡᠳᠦᠯ ᠠᠴᠠ ᠰᠢᠶᠠᠩ ᠪᠣᠯᠭᠠᠨ ᠥᠭᠡᠷᠡᠴᠢᠯᠡᠬᠦ ᠦᠶ᠎ᠡ ᠳᠤ᠂ ᠬᠤᠩ ᠸᠧᠶ ᠨᠢᠭᠡᠳᠦᠯ ᠠᠴᠠ ᠮᠠ ᠯᠢᠶᠠᠨ ᠴᠢᠦᠶ ᠰᠢᠶᠠᠩ ᠭᠡᠵᠦ ᠬᠠᠯᠠᠪᠠ᠃ ᠮᠠ ᠯᠢᠶᠠᠨ ᠴᠢᠦᠶ ᠭᠡᠳᠡᠭ ᠪᠣᠯ ᠨᠢᠭᠡᠨ ᠠᠶᠢᠯ ᠲᠣᠰᠬᠤᠨ ᠤ ᠨᠡᠷᠡᠶᠢᠳᠦᠯ ᠪᠣᠯᠤᠨ᠎ᠠ᠃ ᠠᠩᠬ᠎ᠠ ᠬᠠᠭᠠᠯᠪᠤᠷᠢᠯᠠᠬᠤ ᠳᠤ᠂ ᠠᠳᠡ ᠪᠣᠯ ᠨᠢᠭᠡ ᠬᠡᠰᠡᠭ ᠬᠤᠲᠣᠭᠤᠷ ᠡᠪᠡᠰᠦᠲᠦ ᠭᠠᠵᠠᠷ ᠪᠠᠶᠢᠵᠠᠶ᠃ ᠤᠴᠢᠷ ᠨᠢ ᠳᠣᠲᠣᠷ᠎ᠠ ᠨᠢ ᠨᠢᠭᠡ ᠶᠡᠭᠡ ᠤᠰᠤᠨ ᠨᠦᠬᠡ ᠪᠠᠶᠢᠬᠤ ᠮᠥᠷᠲᠡᠭᠡᠨ ᠳᠥᠷᠪᠡᠨ ᠲᠠᠯ᠎ᠠ ᠪᠠᠷ ᠢᠶᠠᠨ ᠨᠢᠭᠡ ᠲᠤᠬᠤᠢ ᠢᠯᠡᠭᠦᠦ ᠥᠨᠳᠥᠷ  ᠯᠢᠩᠬᠤ᠎ᠠ ᠤᠷᠭᠤᠳᠠᠭ᠃ ᠡᠭᠦᠨ ᠠᠴᠠ ᠪᠤᠯᠵᠤ ᠪᠠᠭ᠎ᠠ ᠲᠣᠰᠬᠤᠨ ᠭᠡᠵᠦ ᠨᠡᠷᠡᠯᠡᠭᠳᠡᠪᠡ᠃           1984 ᠣᠨ ᠳᠤ ᠭᠦᠩᠱᠧ ᠶᠢ ᠰᠢᠶᠠᠩ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ 7 ᠵᠠᠰᠠᠭ ᠵᠠᠬᠢᠷᠭᠠᠨ ᠤ ᠲᠣᠰᠬᠤᠨ᠂ 28 ᠠᠶᠢᠯ ᠲᠣᠰᠬᠤᠨ᠂ ᠪᠠᠶᠢᠩᠭᠤ ᠰᠠᠭᠤᠭ᠎ᠠ ᠬᠥᠮᠦᠨ ᠠᠮᠠ 4757 ᠡᠷᠦᠬᠡ᠂ 17321 ᠬᠥᠮᠦᠨ᠃            1993 ᠣᠨ ᠳᠤ ᠵᠢᠶᠠ ᠵᠢᠶᠠ  ᠽᠢ ᠷᠡᠨ ᠭᠠᠴᠠᠭ᠎ᠠ ᠶᠢ ᠰᠠᠭᠤᠭᠠᠯᠢ ᠠᠷᠠᠳ ᠤᠨ ᠵᠥᠪᠯᠡᠯ ᠪᠣᠯᠭᠠᠨ ᠥᠭᠡᠷᠡᠴᠢᠯᠡᠵᠦ᠂ ᠠᠵᠤ  ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠬᠠᠷᠢᠶᠠᠯᠠᠭᠤᠯᠪᠠ᠃            2006᠎ ᠤᠨ 4 ᠰᠠᠷ᠎ᠠ ᠪᠣᠯᠲᠠᠯ᠎ᠠ ᠬᠤᠲᠠ ᠪᠠᠶᠢᠭᠤᠯᠬᠤ  ᠦᠶ᠎ᠡ ᠳᠤ᠂ ᠮᠠ ᠯᠢᠶᠠᠨ ᠴᠢᠦᠶ ᠰᠢᠶᠠᠩ ᠤᠨ ᠬᠠᠷᠢᠶᠠᠲᠤ 7 ᠭᠠᠴᠠᠭᠠᠨ ᠤ ᠠᠷᠠᠳ ᠤᠨ ᠵᠥᠪᠯᠡᠯ᠂ ᠲᠠᠯᠠᠪᠠᠶ ᠨᠢ 80 ᠲᠡᠭᠰᠢ ᠲᠦᠷᠪᠡᠯᠵᠢᠨ ᠺᠢᠯᠣᠮᠧᠲᠷ ᠂ ᠬᠥᠮᠦᠨ ᠠᠮᠠ ᠨᠢ 2.96 ᠲᠦᠮᠡ ᠪᠠᠶᠢᠨ᠎ᠠ᠃           2006 ᠣᠨ ᠤ 5 ᠰᠠᠷ᠎ᠠ ᠳᠤ ᠰᠢᠶᠠᠩ ᠢ ᠬᠠᠰᠤᠵᠤ ᠪᠠᠯᠭᠠᠰᠤ ᠪᠣᠯᠭᠠᠬᠤ ᠦᠶ᠎ᠡ ᠳᠤ᠂ 2004 ᠣᠨ ᠳᠤ ᠵᠢᠨᠢᠩ  ᠬᠤᠲᠠ ᠶᠢ ᠲᠠᠲᠠᠬᠤ ᠦᠶ᠎ᠡ ᠳᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠠᠴᠠ ᠬᠤᠸᠠᠩ ᠵᠢᠶᠠ ᠼᠦᠨ ᠲᠣᠰᠬᠤᠨ ᠳᠤ  ᠪᠤᠴᠠᠵᠤ ᠢᠷᠡᠭᠰᠡᠨ ᠤᠤᠯ ᠤᠨ ᠰᠠᠨ ᠴᠧᠩ ᠵᠢᠤᠢ ᠰᠢᠶᠠᠩ ᠢ ᠮᠠ ᠯᠢᠶᠠᠨ ᠴᠢᠦᠶ ᠰᠢᠶᠠᠩ ᠳᠤ ᠬᠠᠷᠢᠶᠠᠯᠠᠭᠤᠯᠪᠠ᠃ ᠮᠠ ᠯᠢᠶᠠᠨ ᠴᠢᠦᠶ ᠰᠢᠶᠠᠩ 16 ᠭᠠᠴᠠᠭᠠᠨ ᠤ ᠠᠷᠠᠳ ᠤᠨ ᠵᠥᠪᠯᠡᠯ᠂ ᠲᠠᠯᠠᠪᠠᠶ ᠨᠢ 229.8 ᠲᠡᠭᠰᠢ ᠳᠥᠷᠪᠡᠯᠵᠢᠨ ᠺᠢᠯᠣᠮᠧᠲᠷ᠂ ᠬᠥᠮᠦᠨ ᠠᠮᠠ ᠨᠢ 3.6 ᠲᠦᠮᠡᠨ ᠬᠥᠮᠦᠨ  ᠪᠠᠶᠢᠵᠠᠢ᠃          2006 ᠣᠨ ᠳᠤ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠦᠶ᠎ᠡ ᠳᠤ᠂ ᠮᠠ ᠯᠢᠶᠠᠨ ᠴᠢᠦᠶ ᠰᠢᠶᠠᠩ ᠤᠨ 10 ︽ᠬᠤᠳᠠ ᠶᠢᠨ ᠳᠣᠲᠣᠷᠠᠬᠢ ᠲᠣᠰᠬᠤᠨ︾᠎ ᠢ ᠬᠤᠳᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ  ᠡᠷᠬᠢᠯᠡᠬᠦ ᠭᠠᠵᠠᠷ ᠲᠤ ᠬᠠᠷᠢᠶᠠᠯᠠᠭᠤᠯᠪᠠ᠃ ᠣᠳᠣ ᠮᠠ ᠯᠢᠶᠠᠨ ᠴᠢᠦᠶ ᠰᠢᠶᠠᠩ ᠳᠤ ᠪᠤᠶ᠂ ᠲᠠᠯᠠᠪᠠᠶ ᠨᠢ 220.7 ᠲᠡᠭᠰᠢ ᠳᠥᠷᠪᠡᠯᠵᠢᠨ ᠺᠢᠯᠣᠮᠧᠲᠷ᠂ ᠲᠠᠷᠢᠶᠠᠨ ᠭᠠᠵᠠᠷ ᠤᠨ ᠲᠠᠯᠠᠪᠠᠶ ᠨᠢ 2.5 ᠲᠦᠮᠡᠨ ᠮᠥ᠃ 10 ᠭᠠᠴᠠᠭᠠᠨ ᠤ ᠠᠷᠠᠳ ᠤᠨ ᠵᠥᠪᠯᠡᠯ᠂ 57 ᠠᠶᠢᠯ ᠲᠣᠰᠬᠤᠨ ᠢ ᠬᠠᠷᠢᠶᠠᠯᠠᠵᠤ᠂ 2.7 ᠲᠦᠮᠡᠨ ᠬᠥᠮᠦᠨ ᠠᠮᠠ ᠲᠠᠢ  ᠪᠠᠶᠢᠨ᠎ᠠ᠃ ᠤᠳᠤ ᠮᠠ ᠯᠢᠶᠠᠨ ᠴᠢᠦᠶ ᠶᠢᠨ 10 ᠭᠠᠴᠠᠭᠠᠨ ᠤ ᠠᠷᠠᠳ ᠤᠨ ᠵᠥᠪᠯᠡᠯ ᠳᠤ᠄ ᠰᠢᠶᠤᠤ ᠫᠠᠨ ᠬᠤᠩ᠂ ᠢᠦᠶ ᠱᠤ ᠸᠠᠨ᠂ ᠵᠠᠶ ᠵᠢᠶᠠ ᠭᠧᠦ᠂ ᠵᠢᠶᠠ ᠵᠢᠶᠠ ᠼᠦᠨ᠂ ᠪᠠ ᠸᠠᠩ ᠾᠧ᠂ ᠯᠢ ᠴᠠᠩ ᠴᠢᠩ᠂ ᠰᠠᠨ ᠴᠧᠩ ᠲᠣᠪᠴᠢᠶ᠎ᠠ᠂ ᠯᠢᠦ ᠬᠤᠤ ᠴᠢᠦᠶ᠂ ᠶᠡᠭᠡ ᠠᠷᠪᠠᠳᠤᠭᠠᠷ ᠨᠣᠮᠧᠷ᠂ ᠱᠢ ᠵᠢᠶᠠ ᠼᠦᠨ ᠲᠣᠰᠬᠤᠨ ᠪᠣᠯᠤᠨ᠎ᠠ᠃          ᠮᠠ ᠯᠢᠶᠠᠨ ᠴᠢᠦᠶ ᠰᠢᠶᠠᠩ ᠤᠨ ᠺᠠᠳ᠋ᠷ ᠠᠵᠢᠯᠲᠠᠨ 144 ᠬᠥᠮᠦᠨ ᠪᠠᠶᠢᠨ᠎ᠠ᠂ ᠡᠭᠦᠨ ᠤ ᠳᠤ ᠳᠣᠲᠣᠷ᠎ᠠ ᠠᠵᠢᠯᠯᠠᠵᠤ  ᠪᠠᠶᠢᠭ᠎ᠠ 89 ᠬᠥᠮᠦᠨ ᠠᠵᠢᠯ ᠠᠴᠠ ᠪᠠᠨ ᠰᠠᠯᠵᠤ ᠠᠮᠠᠷᠠᠭᠰᠠᠨ 5 ᠬᠥᠮᠦᠨ᠂ ᠠᠵᠢᠯ ᠠᠴᠠ ᠪᠠᠨ ᠠᠮᠠᠷᠠᠭᠰᠠᠨ 51 ᠬᠥᠮᠦᠨ᠃         2008 ᠣᠨ ᠳᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠ ᠯᠢᠶᠠᠨ ᠴᠢᠦᠶ ᠰᠢᠶᠠᠩ ᠤᠨ ᠰᠢᠨ ᠵᠢᠶ ᠪᠠᠯᠭᠠᠰᠤ  ᠶᠢ ᠪᠠᠶᠢᠭᠤᠯᠬᠤ ᠪᠠᠷ ᠲᠣᠭᠲᠠᠵᠤ᠂ ᠬᠤᠲᠠ ᠶᠢᠨ ᠲᠣᠭᠤᠷᠢᠭ ᠤᠨ ᠬᠤᠸᠠᠢ ᠶᠤᠸᠠᠨ ᠵᠠᠮ ᠤᠨ ᠵᠢᠨᠢᠩ ᠪᠠᠭᠤᠳᠠᠯ ᠤᠨ ᠬᠠᠵᠠᠭᠤ ᠳᠤ ᠪᠠᠶᠢᠭ᠎ᠠ ᠮᠠ ᠯᠢᠶᠠᠨ ᠴᠢᠦᠶ ᠰᠢᠶᠠᠩ ᠤᠨ ᠵᠠᠰᠠᠭ ᠤᠨ ᠣᠷᠳᠣᠨ ᠤ ᠠᠵᠢᠯᠯᠠᠬᠤ ᠭᠠᠵᠠᠷ ᠰᠤᠮᠤ ᠶᠢᠨ ᠵᠠᠰᠠᠭ ᠤᠨ ᠣᠷᠳᠣᠨ ᠤᠮᠠᠷᠠᠰᠢ ᠨᠡᠭᠦᠨ ᠰᠢᠯᠵᠢᠵᠦ᠂  ᠨᠠᠷᠠᠰᠤᠨ ᠭᠤᠣᠯ ᠤᠨ ᠬᠤᠶᠢᠲᠤ ᠡᠷᠭᠢ᠂ ᠵᠢᠺᠧ  ᠵᠠᠰᠠᠮᠠᠯ ᠵᠠᠮ ᠤᠨ ᠪᠠᠷᠠᠭᠤᠨ ᠲᠠᠯ᠎ᠠ ᠶᠢᠨ ᠣᠷᠣᠨ ᠪᠦᠰᠡ ᠳᠤ ᠰᠢᠨ᠎ᠡ ᠪᠠᠭᠤᠷᠢ  ᠰᠤᠩᠭᠤᠪᠠ᠃           ᠬᠤᠶᠠᠷ᠂ ᠮᠠ ᠯᠢᠶᠠᠨ ᠴᠢᠦᠶ ᠰᠢᠶᠠᠩ ᠤᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ           ᠮᠠ ᠯᠢᠶᠠᠨ ᠴᠢᠦᠶ ᠰᠢᠶᠠᠩ ᠥᠪᠥᠷ ᠮᠣᠩᠭᠤᠯ ᠤᠨ ᠥᠨᠳᠦᠷᠯᠢᠭ ᠤᠨ ᠡᠮᠦᠨᠡᠲᠦ ᠬᠡᠰᠡᠭ ᠲᠤ ᠪᠠᠶᠢᠷᠢᠯᠠᠵᠤ ᠂ ᠤᠮᠠᠷᠠᠲᠤ ᠥᠷᠭᠡᠷᠢᠭ ᠤᠨ 48。58、᠂ ᠵᠡᠭᠦᠨ ᠤᠷᠲᠤᠷᠢᠭ ᠤᠨ 103。 ᠪᠤᠯᠤᠨ᠎ᠠ᠃ ᠭᠠᠵᠠᠷ ᠤᠨ ᠪᠠᠶᠢᠴᠠ ᠨᠢ ᠪᠠᠷᠠᠭᠤᠨ ᠬᠤᠶᠢᠰᠢ ᠥᠨᠳᠥᠷ ᠪᠣᠯᠣᠭᠠᠳ ᠵᠡᠭᠦᠨ ᠡᠮᠦᠨᠡᠰᠢ ᠠᠭᠠᠵᠢᠮ ᠢᠶᠠᠷ ᠬᠡᠯᠪᠠᠶᠢᠪᠡ᠃ ᠬᠢᠯᠢ ᠶᠢᠨ ᠳᠣᠲᠣᠷ᠎ᠠ ᠳᠤᠮᠳᠠᠴᠢ ᠪᠠᠷ ᠳᠠᠯᠠᠶ ᠶᠢᠨ ᠲᠦᠪᠰᠢᠨ ᠠᠴᠠ 1425m ᠡᠷᠭᠦᠭᠳᠡᠵᠦ᠂ ᠬᠠᠮᠤᠭ ᠥᠨᠳᠥᠷ ᠲᠡᠭᠡᠨ ᠳᠠᠯᠠᠶ ᠶᠢᠨ ᠲᠦᠪᠰᠢᠨ ᠠᠴᠠ 1 ᠳᠡᠭᠡᠭᠰᠢ ᠡᠷᠭᠦᠭᠳᠡᠵᠦ᠂ 597m ᠾᠧᠦ ᠵᠢᠶᠠ ᠭᠸᠦ ᠶᠢᠨ ᠪᠠᠷᠠᠭᠤᠨ ᠠᠭᠤᠯᠠ︶᠂ ᠬᠠᠮᠤᠭ ᠳᠣᠣᠷ᠎ᠠ ᠡᠷᠭᠦᠭᠳᠡᠴᠡ ᠨᠢ 1333m ︵ᠴᠧᠨ ᠡᠨᠡ ᠲᠣᠰᠬᠤᠨ ᠤ ᠵᠡᠭᠦᠨ ᠡᠮᠦᠨ᠎ᠡ ᠬᠥᠪᠡᠭᠡ︶᠃ ᠭᠤᠣᠯ ᠪᠣᠯᠬᠤ ᠭᠠᠵᠠᠷ ᠤᠨ ᠭᠠᠳᠠᠷᠭᠤ ᠎ ᠳᠤ ᠬᠦᠷᠮᠡᠨ ᠴᠢᠯᠠᠭᠤᠯᠢᠭ ᠤᠨ ᠵᠣᠣ ᠭᠠᠵᠠᠷ᠂ ᠳᠣᠣᠷ᠎ᠠ ᠠᠭᠤᠯᠠ ᠳᠣᠪᠣᠷᠬᠠᠭ᠂ ᠦᠶᠡᠷ ᠤᠨ ᠲᠤᠨᠤᠮᠠᠯ ᠲᠠᠯ᠎ᠠ ᠭᠠᠵᠠᠷ ᠪᠠ ᠭᠤᠣᠯ ᠤᠨ ᠬᠥᠨᠳᠡᠶ ᠶᠢᠨ ᠬᠤᠲᠣᠭᠤᠷ ᠭᠠᠵᠠᠷ ᠵᠡᠷᠭᠡ ᠳᠥᠷᠪᠡᠨ ᠵᠦᠢᠯ ᠤᠨ ᠦᠨᠳᠦᠰᠦᠨ ᠲᠥᠷᠥᠯ ᠵᠦᠢᠯ ᠪᠤᠶ᠃            ᠭᠤᠷᠪᠠ᠂ ᠮᠠ ᠯᠢᠶᠠᠨ ᠴᠢᠦᠶ ᠰᠢᠶᠠᠩ ᠤᠨ ᠠᠭᠤᠷ ᠠᠮᠢᠰᠬᠤᠯ          ᠳᠤᠮᠳᠠᠳᠤ ᠰᠡᠷᠢᠭᠦᠨ ᠪᠦᠰᠡ ᠶᠢᠨ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠪᠠᠭᠲᠠᠨ᠎ᠠ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 3.8℃᠂ ᠬᠠᠮᠤᠭ ᠬᠠᠯᠠᠭᠤᠨ ᠰᠠᠷ᠎ᠠ ᠨᠢ 7 ᠰᠠᠷ᠎ᠠ ᠪᠣᠯᠤᠨ᠎ᠠ᠃ ᠳᠤᠮᠳᠠᠴᠢ ᠠᠭᠠᠷ ᠤᠨ ᠳᠤᠯᠠᠭᠠᠨ 19.1℃ ᠪᠠᠶᠢᠵᠤ᠂ ᠬᠠᠮᠤᠭ ᠬᠦᠶᠲᠡᠨ ᠰᠠᠷ᠎ᠠ ᠨᠢ ᠨᠢᠭᠡ ᠰᠠᠷ᠎ᠠ ᠪᠣᠯᠤᠨ᠎ᠠ᠃ ᠳᠤᠮᠳᠠᠴᠢ ᠠᠭᠠᠷ ᠤᠨ ᠳᠤᠯᠠᠭᠠᠨ -13.3℃᠂ ᠵᠢᠯ ᠤᠨ ᠳᠣᠲᠣᠷ᠎ᠠ ᠬᠠᠮᠤᠭ ᠥᠨᠳᠥᠷ ᠠᠭᠠᠷ ᠤᠨ ᠳᠤᠯᠠᠭᠠᠨ 33.5℃᠃ ᠬᠠᠮᠤᠭ ᠳᠣᠣᠷ᠎ᠠ ᠠᠭᠠᠷ ᠤᠨ ᠳᠤᠯᠠᠭᠠᠨ -32.4℃᠂ ᠥᠩᠭᠡᠷᠡᠭᠰᠡᠨ ᠵᠢᠯ ᠤᠳ ᠤᠨ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠤ ᠳᠤᠮᠳᠠᠴᠢ ᠡᠳᠦᠷ ᠤᠨ ᠲᠤᠭ᠎ᠠ 199 ᠡᠳᠦᠷ ᠪᠠᠶᠢᠵᠤ᠂ ᠡᠬᠢᠨ ᠤ ᠡᠳᠦᠷ ᠨᠢ ᠳᠤᠮᠳᠠᠴᠢ ᠪᠠᠷ 9 ᠰᠠᠷ᠎ᠠ ᠶᠢᠨ 21᠎ ᠤ ᠡᠳᠦᠷ ᠪᠣᠯᠤᠨ᠎ᠠ᠃ ᠡᠳᠦᠷ ᠪᠦᠷᠢ ᠳᠤᠮᠳᠠᠴᠢ ᠪᠠᠷ 5 ᠰᠠᠷ᠎ᠠ ᠶᠢᠨ 15᠎ ᠤ ᠡᠳᠦᠷ ᠪᠣᠯᠤᠨ᠎ᠠ᠃ ᠥᠩᠭᠡᠷᠡᠭᠰᠡᠨ ᠵᠢᠯ ᠤᠳ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ m0℃᠎ ᠤᠨ ᠬᠤᠷᠠᠮᠠᠯ ᠳᠤᠯᠠᠭᠠᠨ ᠤ ᠬᠡᠮᠵᠢᠶ᠎ᠡ 27045℃ ᠪᠠᠶᠢᠵᠤ᠂ ᠡᠳᠦᠷ ᠤᠨ ᠲᠤᠭ᠎ᠠ 207 ᠡᠳᠦᠷ᠂ >5℃ ᠬᠤᠷᠠᠮᠠᠯ ᠳᠤᠯᠠᠭᠠᠨ 255555℃᠂ ᠡᠳᠦᠷ ᠤᠨ ᠲᠤᠭ᠎ᠠ 172 ᠡᠳᠦᠷ᠂ >10℃᠎ ᠤᠨ ᠬᠤᠷᠠᠮᠳᠤᠭᠰᠠᠨ ᠳᠤᠯᠠᠭᠠᠨ 2150.5℃᠎ ᠤᠨ ᠵᠢᠯ ᠤᠨ ᠰᠠᠴᠤᠷᠠᠯᠲᠠ ᠶᠢᠨ ᠬᠡᠮᠵᠢᠭᠳᠡᠯ ︵4~9 ᠰᠠᠷ᠎ᠠ︶ 89.65 ᠺᠢᠯᠣᠺᠠᠯᠣᠷᠢ / ᠺᠦᠸᠠᠳ᠋ ᠰᠠᠨᠲ᠋ᠢᠮᠧᠲᠷ᠃ ᠠᠰᠢᠭᠲᠤ ᠢᠯᠴᠢ ᠶᠢᠨ ᠡᠨᠧᠷᠭᠢ ︵4 ~ 9 ᠰᠠᠷ᠎ᠠ︶ 597.0 ᠲᠦᠮᠡᠨ ᠺᠢᠯᠣᠺᠠᠯᠣᠷᠢ \ ᠮᠦ᠂ ᠪᠦᠬᠦ ᠵᠢᠯ ᠤᠨ ᠨᠡᠷᠡᠨ ᠤ ᠲᠤᠰᠤᠯᠲᠠ ᠶᠢᠨ ᠴᠠᠭ 2980.9 ᠴᠠᠭ᠂ ᠲᠤᠩᠭᠠᠯᠠᠭ ᠡᠳᠦᠷ ᠤᠨ ᠡᠳᠦᠷ ᠤᠨ ᠲᠤᠭ᠎ᠠ ︵ᠳᠣᠣᠷ᠎ᠠ ᠡᠭᠦᠯᠡᠨ ᠤ ᠬᠡᠮᠵᠢᠶ᠎ᠡ ᠪᠠᠷ︶᠎ ᠨᠢ 254.5 ᠡᠳᠦᠷ ᠪᠠᠶᠢᠵᠤ᠂ ᠨᠡᠷᠡᠨ ᠤ ᠲᠤᠰᠤᠯᠲᠠ ᠶᠢᠨ ᠭᠠᠳᠠᠷᠭᠤ ᠶᠢᠨ ᠬᠤᠪᠢ ᠶᠢᠨ ᠨᠣᠷᠮ᠎ᠠ ᠨᠢ 67% ᠪᠣᠯᠤᠨ᠎ᠠ᠃ ᠭᠡᠷᠡᠯ ᠤᠨ ᠡᠨᠧᠷᠭᠢ ᠭᠦᠢᠴᠡᠳ᠂ ᠦᠢᠯᠡᠳᠪᠦᠷᠢᠯᠡᠯ ᠳᠠᠯᠳᠠ ᠬᠦᠴᠦᠨ ᠢ ᠠᠰᠢᠭᠯᠠᠬᠤ ᠨᠢ ᠯᠤᠲᠤ ᠶᠡᠭᠡ ᠶᠤᠮ᠃ ᠣᠨ ᠰᠠᠷ᠎ᠠ ᠶᠢᠨ ᠳᠤᠯᠠᠭᠠᠨ ᠤ ᠵᠥᠷᠢᠶ᠎ᠡ ᠶᠡᠭᠡ᠂ ᠵᠢᠯ ᠪᠦᠷᠢ ᠶᠢᠨ ᠳᠤᠮᠳᠠᠴᠢ ᠰᠠᠷ᠎ᠠ ᠶᠢᠨ ᠵᠥᠷᠢᠶ᠎ᠡ 13.6℃᠂ ᠬᠠᠮᠤᠭ ᠶᠡᠭᠡ ᠨᠢ 24℃᠂ ᠵᠢᠯ ᠤᠨ ᠵᠥᠷᠢᠶ᠎ᠡ ᠨᠢ 34℃ ᠪᠣᠯᠤᠨ᠎ᠠ ᠃ ᠬᠠᠮᠤᠭ ᠶᠡᠭᠡ ᠵᠢᠯ ᠤᠨ ᠵᠥᠷᠢᠶ᠎ᠡ ᠨᠢ 65.4℃ ᠪᠠᠶᠢᠵᠤ᠂ ᠮᠣᠩᠭᠤᠯ ᠤᠨ ᠬᠦᠢᠲᠡᠨ ᠥᠨᠳᠥᠷ ᠳᠠᠷᠤᠯᠲᠠ ᠶᠢᠨ ᠨᠥᠯᠥᠭᠡ ᠠᠴᠠ ᠪᠣᠯᠵᠠᠶ᠃ ᠬᠠᠪᠤᠷ ᠤᠯᠠᠷᠢᠯ ᠳᠤ ᠦᠷᠭᠦᠯᠵᠢ ᠬᠦᠢᠲᠡᠨ ᠠᠭᠤᠷ ᠠᠮᠢᠰᠬᠤᠯ ᠣᠷᠣᠵᠤ᠂ ᠳᠤᠯᠠᠭᠠᠨ ᠤ ᠬᠡᠮᠵᠢᠶ᠎ᠡ ᠨᠢ ᠪᠠᠭᠤᠷᠠᠳᠠᠭ᠃ ᠠᠭᠠᠷ ᠤᠨ ᠳᠤᠯᠠᠭᠠᠨ ᠬᠤᠪᠢᠷᠠᠯᠲᠠ ᠶᠡᠬᠡᠲᠡᠶ ᠪᠣᠯᠬᠤᠷ ᠬᠠᠪᠤᠷ ᠤᠨ ᠤᠯᠠᠷᠢᠯ ᠪᠣᠯ ᠭᠠᠮᠰᠢᠭᠲᠤ ᠴᠠᠭ ᠠᠭᠤᠷ  ᠢᠯᠡᠷᠡᠬᠦ ᠭᠤᠤᠯ ᠤᠯᠠᠷᠢᠯ ᠪᠣᠯᠤᠨ᠎ᠠ᠃           ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 345᠂ ᠬᠤᠪᠢᠶᠠᠷᠢᠯᠠᠯᠲᠠ ᠨᠢ ᠵᠢᠭᠳᠡ ᠪᠤᠰᠤ᠂ ᠭᠤᠤᠯᠳᠠᠭᠤ ᠳᠣᠯᠤᠭ᠎ᠠ᠂  ᠨᠠᠢᠮᠠᠳᠤᠭᠠᠷ ᠰᠠᠷ᠎ᠠ ᠳᠤ ᠲᠥᠪᠯᠡᠷᠡᠵᠦ᠂ ᠪᠦᠬᠦ ᠵᠢᠯ ᠤᠨ ᠲᠤᠨᠳᠠᠰᠤᠨ ᠤ ᠬᠡᠮᠵᠢᠶ᠎ᠡ ᠶᠢᠨ 54.64%᠎ ᠶᠢ ᠡᠵᠡᠯᠡᠵᠦ᠂ ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 2179.61 ᠪᠠᠶᠢᠵᠤ᠂ ᠪᠠᠷᠤᠭ ᠬᠤᠷ᠎ᠠ ᠲᠤᠨᠳᠠᠰᠤᠨ ᠤ ᠬᠡᠮᠵᠢᠶ ᠎ᠡ ᠶᠢᠨ 5.8 ᠳᠠᠬᠢᠨ ᠪᠣᠯᠤᠨ᠎ᠠ᠃         ᠳᠠᠯᠠᠶ ᠶᠢᠨ ᠲᠦᠪᠰᠢᠨ ᠠᠴᠠ ᠥᠨᠳᠥᠷ ᠡᠷᠭᠦᠭᠳᠡᠵᠦ᠂ ᠪᠠᠷᠠᠭᠤᠨ ᠬᠤᠶᠢᠲᠤ ᠶᠢᠨ ᠬᠦᠢᠲᠡᠨ ᠥᠨᠳᠥᠷ ᠳᠠᠷᠤᠯᠲᠠ ᠶᠢᠨ  ᠡᠵᠢᠮᠰᠢᠯ ᠢ ᠬᠦᠯᠢᠶᠡᠬᠦ ᠴᠠᠭ ᠨᠢ ᠤᠷᠲᠤ᠂ ᠠᠩᠬ᠎ᠠ ᠬᠢᠷᠠᠭᠤ ᠢᠷᠡᠭᠰᠡᠨ ᠨᠢ ᠡᠷᠲᠡ᠂ ᠶᠡᠷᠦ ᠳᠡᠭᠡᠨ 9 ᠰᠠᠷ᠎ᠠ ᠶᠢᠨ 13᠎ ᠤ ᠡᠳᠦᠷ ᠤᠨ ᠣᠷᠴᠢᠮ ᠪᠠᠶᠢᠳᠠᠭ᠃ ᠬᠠᠮᠤᠭ ᠡᠷᠲᠡ 8 ᠰᠠᠷ᠎ᠠ ᠶᠢᠨ 31᠎ ᠤ ᠡᠳᠦᠷ᠂ ᠡᠴᠦᠰ ᠤᠨ ᠬᠢᠷᠠᠭᠤ ᠤᠨᠠᠨ᠎ᠠ᠂ ᠳᠤᠮᠳᠠᠴᠢ ᠪᠠᠷ 5 ᠰᠠᠷ᠎ᠠ ᠶᠢᠨ 2᠎ ᠤᠨ ᠡᠳᠦᠷ᠂ ᠬᠠᠮᠤᠭ ᠣᠷᠣᠢ ᠳᠠᠭᠠᠨ 5 ᠰᠠᠷ᠎ᠠ ᠶᠢᠨ 31᠎ ᠤ ᠡᠳᠦᠷ᠂ ᠬᠢᠷᠠᠭᠤ ᠦᠭᠡᠢ ᠬᠤᠭᠤᠴᠠᠭ᠎ᠠ 132 ᠡᠳᠦᠷ᠂ ᠬᠠᠮᠤᠭ ᠣᠬᠤᠷ ᠨᠢ 105 ᠡᠳᠦᠷ᠃         ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠪᠠᠭᠲᠠᠨ᠎ᠠ᠂ ᠭᠤᠣᠯᠳᠠᠭᠤ ᠮᠣᠩᠭᠤᠯ ᠤᠨ ᠬᠦᠢᠲᠡᠨ ᠥᠨᠳᠥᠷ ᠳᠠᠷᠤᠯᠲᠠ ᠶᠢᠨ ᠡᠷᠬᠡᠰᠢᠶᠡᠯ ᠳᠤ ᠣᠷᠣᠵᠤ᠂ ᠪᠦᠬᠦ ᠵᠢᠯ ᠤᠨ ᠰᠠᠯᠬᠢᠨ ᠤ  ᠴᠢᠭᠯᠡᠯ ᠨᠢ C᠂ WSW᠎ ᠪᠠᠷ ᠭᠤᠣᠯᠯᠠᠳᠠᠭ᠃ ᠵᠢᠯ ᠤᠨ ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 3.7 ᠮᠧᠲᠷ᠂ ᠭᠤᠤᠯ ᠰᠠᠯᠬᠢᠨ ᠤ ᠴᠢᠭᠯᠡᠯ ᠨᠢ ᠤᠯᠠᠷᠢᠯ ᠤᠨ ᠬᠤᠪᠢᠷᠠᠯᠲᠠ ᠶᠢ ᠳᠠᠭᠠᠯᠳᠤᠨ ᠬᠤᠪᠢᠷᠠᠵᠤ᠂ ᠵᠣᠨ ᠤ ᠤᠯᠠᠷᠢᠯ ᠨᠢ ᠵᠡ ᠭᠦᠨ ᠡᠮᠦᠨᠡᠲᠦ ᠶᠢᠨ ᠤᠯᠠᠷᠢᠯ ᠤᠨ ᠰᠠᠯᠬᠢᠨ ᠤ ᠨᠥᠯᠥᠭᠡ ᠶᠢ ᠭᠥᠷᠳᠡᠨ᠎ᠡ᠃ ᠡᠮᠦᠨᠡᠰᠢ ᠬᠡᠯᠪᠠᠶᠢᠭ᠍ᠰᠡᠨ ᠪᠤᠶᠤ ᠵᠡᠭᠦᠨᠰᠢ ᠬᠡᠯᠪᠠᠶᠢᠭ᠍ᠰᠡᠨ ᠡᠪᠦᠯ ᠬᠠᠪᠤᠷ ᠨᠠᠮᠤᠷ ᠪᠠᠷᠠᠭᠤᠨ ᠬᠤᠶᠢᠲᠤ ᠣᠷᠣᠨ ᠤ ᠬᠦᠢᠲᠡᠨ ᠥᠨᠳᠥᠷ ᠳᠠᠷᠤᠯᠲᠠ ᠶᠢᠨ ᠡᠷᠬᠡᠰᠢᠶᠡᠯ ᠳᠤ ᠤᠴᠠᠷᠠᠵᠤ᠂ ᠪᠠᠷᠠᠭᠤᠨ ᠬᠤᠶᠢᠲᠤ ᠣᠷᠣᠨ ᠤ ᠰᠠᠯᠬᠢ ᠶᠡᠭᠡ ᠳᠡᠯᠭᠡᠷᠡᠳᠡᠭ᠃ ᠪᠦᠬᠦ ᠵᠢᠯ ᠤᠨ ᠳᠤᠮᠳᠠᠴᠢ ᠶᠡᠭᠡ ᠰᠠᠯᠬᠢᠨ ᠤ ᠡᠳᠦᠷ 48 ᠡᠳᠦᠷ ᠪᠠᠶᠢᠵᠤ᠂ ᠬᠠᠮᠤᠭ ᠠᠷᠪᠢᠨ ᠳᠠᠭᠠᠨ 92 ᠡᠳᠦᠷ ᠪᠣᠯ ᠤᠨ᠎ᠠ᠂ ᠥᠩᠭᠡᠷᠡᠭᠰᠡᠨ ᠵᠢᠯ ᠤᠨ ᠡᠯᠡᠰᠦ ᠳᠡᠭᠳᠡᠭᠰᠡᠨ ᠡᠳᠦᠷ 15 ᠡᠳᠦᠷ᠂ ᠬᠠᠮᠤᠭ ᠠᠷᠪᠢᠨ ᠳᠠᠭᠠᠨ 44 ᠡᠳᠦᠷ ᠪᠠᠶᠢᠵᠤ᠂ ᠬᠠᠮ ᠤᠭ ᠶᠡᠭᠡ ᠰᠠᠯᠬᠢᠨ ᠤ ᠬᠤᠷᠳᠤᠴᠠ ᠨᠢ 33 ᠮᠧᠲᠷ \ ᠰᠧᠺᠦ᠋ᠨ᠋ᠳ᠋ ᠪᠣᠯᠤᠨ᠎ᠠ᠃           ᠲᠦᠷᠪᠡ᠂ ᠮᠠ ᠯᠢᠶᠠᠨ ᠴᠢᠦᠶ ᠰᠢᠶᠠᠩ ᠤᠨ ᠤᠰᠤᠨ ᠤ ᠪᠠᠶᠢᠳᠠᠯ         ᠤᠰᠤᠨ ᠵᠦᠶ᠂ ᠤᠰᠤᠨ ᠰᠢᠰᠲ᠋ᠧᠮ ᠵᠢᠴᠢ ᠤᠰᠤᠨ ᠵᠦᠶ ᠶᠢᠨ ᠭᠠᠵᠠᠷ ᠰᠢᠨᠵᠢᠯᠡᠭᠡᠨ  ᠠᠴᠠ ᠦᠵᠡᠪᠡᠯ᠂ ᠳᠣᠲᠣᠭᠠᠳᠤ ᠬᠠᠭᠤᠷᠠᠶ ᠶᠢᠨ ᠬᠤᠶᠠᠷ ᠭᠤᠤᠯ ᠮᠥᠷᠡᠨ ᠨᠢ ᠴᠥᠮ ᠤᠯᠠᠷᠢᠯ ᠤᠨ ᠴᠢᠨᠠᠷᠲᠠᠶ ᠭᠤᠤᠯ ᠪᠣᠯᠤᠨ᠎ᠠ᠃ ᠨᠢᠭᠡ ᠨᠢ ᠾᠦᠢ ᠲᠤᠩ ᠯᠢᠶᠠᠩ ᠱᠠᠨ ᠠᠭᠤᠯᠠᠨ ᠠᠴᠠ ᠡᠭᠦᠰᠴᠦ᠂ ᠪᠠᠷᠠᠭᠤᠨ ᠠᠴᠠ ᠵᠡᠭᠦᠨᠰᠢ ᠡᠮᠦᠨᠡᠰᠢ ᠪᠠᠭᠤᠨ᠎ᠠ᠃ ᠬᠤᠩᠭᠤᠷ ᠲᠠᠩᠭᠢᠰ ᠲᠤ ᠤᠷᠤᠰᠤᠨ ᠣᠷᠣᠵᠤ᠂ ᠬᠤᠩᠭᠤᠷ ᠸᠠᠩ ᠮᠥᠷᠡᠨ ᠭᠡᠳᠡᠭ᠃ ᠲᠤᠰ ᠰᠤᠮᠤ ᠳᠤ ᠬᠠᠮᠤᠭ ᠤᠷᠲᠤ ᠳᠣᠲᠣᠭᠠᠳᠤ ᠬᠠᠭᠤᠷᠠᠶ ᠶᠢᠨ ᠭᠤᠣᠯ ᠮᠥᠷᠡᠨ ᠪᠠᠶᠢᠵᠤ᠂ ᠪᠦᠬᠦ ᠤᠷᠲᠤ ᠨᠢ 50  ᠺᠢᠯᠣᠮᠧᠲᠷ᠂ ᠤᠰᠤᠨ ᠤ ᠬᠡᠮᠵᠢᠶ᠎ᠡ ᠪᠠᠭ᠎ᠠ᠂ ᠵᠢᠯ ᠪᠦᠷᠢ ᠶᠢᠨ ᠳᠤᠮᠳᠠᠴᠢ ᠤᠷᠤᠰᠬᠠᠯ ᠤᠨ ᠬᠡᠮᠵᠢᠶ᠎ᠡ ᠨᠢ 0.53m/s᠂ ᠢᠳᠡᠭᠳᠡᠮᠡᠯ ᠲᠤᠭ᠎ᠠ 393 ᠲᠣᠨ / ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠰᠤᠨ ᠤᠷᠤᠰᠬᠠᠯ ᠤᠨ ᠵᠢᠯ ᠤᠨ  ᠬᠤᠭᠤᠷᠤᠨᠳᠦᠬᠢ ᠬᠤᠪᠢᠷᠠᠯᠲᠠ ᠶᠡᠭᠡ᠂ ᠵᠢᠷᠭᠤᠭ᠎ᠠ ᠠᠴᠠ ᠳᠣᠯᠣᠳᠤᠭᠠᠷ ᠰᠠᠷ᠎ᠠ ᠶᠢᠨ ᠰᠢᠨᠡᠳ ᠪᠣᠯᠲᠠᠯ᠎ᠠ ᠶᠡᠷᠦ ᠨᠢ ᠭᠤᠣᠯ ᠮᠥᠷᠡᠨ ᠪᠠᠶᠢᠵᠤ᠂ ᠤᠰᠤᠯᠠᠯᠲᠠ ᠶᠢ ᠪᠠᠲᠤᠯᠠᠬᠤ ᠴᠢᠨᠠᠷ ᠢᠶᠠᠷ ᠠᠨᠠᠢ ᠪᠠᠶᠢᠳᠠᠭ  ᠃ ᠨᠢᠭᠡ ᠭᠤᠣᠯ ᠨᠢ ᠵᠣᠣ ᠰᠢᠤ ᠭᠧᠦ᠂ ᠡᠯ ᠳ᠋ᠤᠤ ᠭᠧᠦ ᠠᠴᠠ ᠡᠬᠢ ᠠᠪᠴᠤ᠂ ᠪᠠᠷᠠᠭᠤᠨ ᠠᠴᠠ ᠵᠡᠭᠦᠨᠰᠢ ᠡᠦ ᠵᠢᠶᠠ ᠼᠦᠨ ᠤᠰᠤᠨ ᠴᠥᠭᠦᠷᠥᠮ ᠳᠤ ᠤᠷᠤᠰᠤᠨ ᠣᠷᠣᠵᠤ᠂ ᠪᠦᠬᠦ ᠤᠷᠲᠤ ᠨᠢ 15  ᠺᠢᠯᠣᠮᠧᠲᠷ ᠪᠣᠯᠤᠨ᠎ᠠ᠃         ᠪᠦᠬᠦ ᠰᠢᠶᠠᠩ ᠎ ᠤᠨ ᠵᠡᠭᠦᠨ ᠬᠡᠰᠡᠭ᠂ ᠪᠠᠷᠠᠭᠤᠨ ᠬᠡᠰᠡᠭ ᠨᠢ ᠳᠣᠪᠣᠷᠬᠠᠭ ᠠᠭᠤᠯᠠᠷᠬᠠᠭ ᠣᠷᠣᠨ᠂ ᠡᠮᠦᠨ᠎ᠡ ᠬᠡᠰᠡᠭ ᠨᠢ ᠲᠠᠯ᠎ᠠ ᠭᠠᠵᠠᠷ᠂ ᠬᠤᠶᠢᠲᠤ ᠬᠡᠰᠡᠭ ᠨᠢ ᠪᠠ ᠸᠠᠩ ᠭᠤᠣᠯ ᠤᠨ ᠲᠤᠨᠤᠮᠠᠯ ᠲᠠᠯ᠎ᠠ ᠭᠠᠵᠠᠷ ᠪᠠ ᠭᠤᠣᠯ ᠤᠨ ᠬᠥᠨᠳᠡᠶ ᠶᠢᠨ ᠬᠤᠲᠣᠭᠤᠷ ᠭᠠᠵᠠᠷ ᠪᠣᠯᠤᠨ᠎ᠠ᠃ ᠳᠥᠷᠪᠡᠨ ᠲᠠᠯ᠎ᠠ ᠪᠠᠷ ᠢᠶᠠᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠡᠭᠰᠢ ᠭᠠᠵᠠᠷ ᠤᠨ ᠪᠤᠯᠠᠭ ᠳᠤ  ᠣᠷᠤᠵᠤ᠂ ᠬᠤᠶᠢᠲᠤ ᠬᠡᠰᠡᠭ ᠨᠢ ᠪᠠ ᠸᠠᠩ ᠾᠧ ᠭᠤᠣᠯ ᠤᠨ ᠲᠤᠨᠤᠮᠠᠯ ᠲᠠᠯ᠎ᠠ ᠭᠠᠵᠠᠷ ᠪᠠ ᠭᠤᠣᠯ ᠤᠨ ᠬᠥᠨᠳᠡᠶ ᠶᠢᠨ ᠬᠤᠲᠣᠭᠤᠷ ᠭᠠᠵᠠᠷ ᠪᠣᠯᠤᠨ᠎ᠠ᠃ ᠳᠥᠷᠪᠡᠨ ᠲᠠᠯ᠎ᠠ ᠪᠠᠷ ᠢᠶᠠᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ᠂ ᠮᠧᠶ ᠶᠣᠣ᠂ ᠰᠠᠨ ᠬᠤᠤ ᠳ᠋ᠢ ᠵᠡᠷᠭᠡ ᠵᠢᠷᠭᠤᠭᠠᠨ ᠰᠢᠶᠠᠩ ᠪᠠᠯᠭᠠᠰᠤ ᠳᠤ ᠬᠦᠷᠢᠶᠡᠯᠡᠭᠳᠡᠵᠡᠶ᠃ ᠵᠠᠮ ᠬᠠᠷᠢᠯᠴᠠᠭ᠎ᠠ ᠳᠥᠭᠦᠮ᠂ ᠵᠢᠩ ᠪᠦᠦ᠂ ᠵᠢᠶ ᠡᠯ᠂ ᠵᠢᠶ ᠲᠦᠩ ᠲᠡᠮᠦᠷ ᠵᠠᠮ᠂ 110 ᠪᠠ 208 ᠤᠯᠤᠰ ᠎ ᠤᠨ ᠵᠠᠮ ᠪᠦᠬᠦ ᠬᠢᠯᠢ ᠶᠢ ᠲᠤᠭᠤᠯᠤᠨ᠎ᠠ᠃          ᠲᠠᠪᠤ᠂ ᠮᠠ ᠯᠢᠶᠠᠨ ᠴᠢᠦᠶ ᠰᠢᠶᠠᠩ ᠤᠨ ᠠᠵᠤ ᠦᠶᠯᠡᠰ ᠤᠨ ᠬᠥᠭᠵᠢᠯᠲᠡ          ︵ᠨᠢᠭᠡ︶ ᠠᠵᠤ ᠦᠢᠯᠡᠰ ᠤᠨ  ᠲᠦᠯᠦᠪᠵᠢᠭᠦᠯᠭᠡ           ᠮᠠᠨ ᠤ ᠰᠢᠶᠠᠩ ᠤᠨ ᠪᠣᠳᠠᠲᠤ ᠪᠠᠶᠢᠳᠠᠯ ᠢ ᠦᠨᠳᠦᠰᠦᠯᠡᠨ᠂ ᠪᠦᠬᠦ ᠰᠢᠶᠠᠩ ᠢ ᠳᠦᠷᠪᠡᠨ ᠣᠷᠣᠨ ᠪᠣᠯᠭᠠᠨ ᠬᠤᠪᠢᠶᠠᠨ᠎ᠠ᠄        1. ᠡᠮᠦᠨ᠎ᠡ ᠲᠠᠯ᠎ᠠ ᠶᠢᠨ ᠬᠤᠲᠠ ᠶᠢᠨ ᠥᠷᠭᠡᠳᠬᠡᠯ ᠤᠨ ᠣᠷᠣᠨ᠄ ᠭᠤᠤᠯᠳᠠᠭᠤ ᠰᠢᠶᠣᠣ ᠹᠠᠨ ᠬᠤᠩ᠂ ᠢᠦᠶ  ᠱᠦ᠋ ᠸᠠᠨ᠂ ᠵᠢᠶᠠ ᠵᠢᠶᠠ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠪᠣᠯᠤᠨ᠎ᠠ᠃ ᠰᠢᠨ᠎ᠡ ᠲᠣᠭᠤᠷᠢᠭ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠢᠴᠢ ᠬᠠᠭᠤᠴᠢᠨ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠠᠶᠢᠯ ᠲᠣᠰᠬᠤᠨ ᠢ ᠪᠦᠬᠦᠨ ᠢ ᠬᠤᠲᠠ ᠳᠤ ᠣᠷᠣᠭᠤᠯᠤᠨ᠎ᠠ᠃ 2008 ᠣᠨ ᠳᠤ ᠰᠢᠨ᠎ᠡ ᠲᠣᠭᠤᠷᠢᠭ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠭᠠᠵᠠᠷ ᠰᠢᠷᠣᠶ  ᠲᠠᠲᠠᠪᠤᠷᠢᠯᠠᠭᠰᠠᠨ  ᠤ ᠳᠠᠷᠠᠭ᠎ᠠ᠂ ᠰᠢᠶᠤᠤ ᠫᠠᠨ ᠬᠤᠩ ᠲᠣᠰᠬᠤᠨ ᠤ ᠲᠠᠪᠤᠨ ᠠᠶᠢᠯ ᠲᠣᠰᠬᠤᠨ ᠤ ᠲᠦᠷᠪᠡᠨ ᠠᠶᠢᠯ ᠲᠣᠰᠬᠤᠨ ᠨᠢ ᠨᠢᠭᠡᠨᠲᠡ ᠪᠦᠬᠦᠨ ᠢ  ᠲᠠᠲᠠᠪᠤᠷᠢᠯᠡᠵᠦ᠂ ᠢᠦᠢ ᠱᠦ᠋ ᠸᠠᠨ ᠲᠣᠰᠬᠤᠨ ᠤ ᠲᠦᠷᠭᠡᠨ ᠳᠠᠪᠬᠢᠬᠤ ᠵᠠᠰᠠᠮᠠᠯ ᠵᠠᠮ ᠤᠨ ᠬᠤᠶᠢᠲᠤ ᠬᠡᠰᠡᠭ᠂ ᠵᠢᠩ ᠪᠦᠦ ᠲᠡᠮᠤᠷ ᠵᠠᠮ ᠤᠨ ᠪᠠᠷᠠᠭᠤᠨ ᠬᠡᠰᠡᠭ ᠤᠨ ᠭᠠᠵᠠᠷ ᠰᠢᠷᠣᠢ ᠶᠢ ᠴᠤ ᠲᠠᠲᠠᠨ ᠠᠪᠴᠢᠷᠠᠪᠠ᠃         2. ᠪᠠᠷᠠᠭᠤᠨ ᠲᠠᠯ᠎ᠠ ᠶᠢᠨ ᠠᠮᠢ ᠠᠬᠤᠶ ᠶᠢᠨ ᠰᠡᠷᠭᠦᠯᠲᠡ ᠶᠢᠨ ᠣᠷᠣᠨ᠄ ᠭᠤᠤᠯᠳᠠᠭᠤ ᠵᠠᠶ ᠵᠢᠶᠠ ᠭᠧᠦ ᠶᠢᠨ  ᠵᠠᠰᠠᠭ ᠵᠠᠬᠢᠷᠭᠠᠨ ᠤ ᠲᠣᠰᠬᠤᠨ ᠳᠤ ᠬᠠᠷᠢᠶᠠᠯᠠᠭᠳᠠᠬᠤ ᠡᠯ ᠳ᠋ᠤᠤ ᠭᠧᠦ᠂ ᠵᠤᠤ ᠰᠢᠤ ᠭᠧᠦ᠂ ᠾᠧᠦ ᠵᠢᠶᠠ ᠭᠧᠦ ᠵᠡᠷᠭᠡ ᠬᠡᠳᠦᠨ ᠲᠣᠰᠬᠤᠨ ᠪᠣᠯᠤᠨ᠎ᠠ᠃ ᠬᠡᠳᠦᠨ ᠵᠢᠯ ᠤᠨ ᠴᠢᠷᠮᠠᠶᠢᠯᠭ᠎ᠠ ᠪᠠ ᠲᠠᠰᠤᠷᠠᠯᠲᠠ ᠦᠭᠡᠢ ᠪᠦᠲᠦᠭᠡᠨ ᠪᠠᠶᠢᠭᠤᠯᠬᠤ ᠪᠠᠷ ᠳᠠᠮᠵᠢᠨ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠭᠰᠠᠨ ᠨᠢ ᠬᠤᠲᠠ ᠶᠢᠨ ᠴᠢᠬᠤᠯᠠ ᠨᠣᠭᠤᠭᠠᠨ ᠬᠠᠯᠬᠠᠪᠴᠢ ᠪᠣᠯᠤᠨ᠎ᠠ᠃ ᠬᠤᠶᠢᠰᠢᠳᠠ ᠦᠷᠭᠦᠯᠵᠢᠯᠡᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠪᠠᠷ ᠭᠤᠤᠯ ᠪᠣᠯᠭᠠᠨ᠎ᠠ᠃       3. ᠰᠢᠶᠠᠩ ᠤᠨ ᠭᠤᠣᠯ ᠴᠤᠭᠯᠠᠭ᠎ᠠ ᠪᠠᠯᠭᠠᠰᠤ᠄ ᠭᠤᠣᠯ ᠴᠤᠭᠯᠠᠭ᠎ᠠ ᠪᠠᠯᠭᠠᠰᠤᠨ ᠳᠤ᠂ ᠠᠵᠤ ᠦᠢᠯᠡᠰ ᠤᠨ ᠬᠡᠷᠡᠭᠯᠡᠬᠦ ᠭᠠᠵᠠᠷ ᠢ ᠲᠥᠯᠥᠪᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ  ᠦᠢᠯᠡᠰ᠂ ᠪᠠᠷᠠᠭ᠎ᠠ ᠶᠢᠨ ᠭᠦᠢᠯᠭᠡᠭᠡᠨ ᠤ ᠲᠡᠭᠡᠭᠡᠪᠦᠷᠢ᠂ ᠪᠣᠯᠪᠠᠰᠤᠷᠠᠭᠤᠯᠤᠨ ᠦᠢᠯᠡᠳᠬᠦ ᠵᠡᠷᠭᠡ ᠣᠯᠠᠨ ᠲᠥᠷᠥᠯ  ᠵᠦᠢᠯ ᠤᠨ ᠰᠢᠶᠠᠩ ᠪᠠᠯᠭᠠᠰᠤᠨ ᠤ ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ᠂ ᠰᠤᠮᠤ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢᠨ ᠭᠤᠤᠯ ᠣᠷᠣᠨ ᠪᠦᠰᠡ ᠪᠣᠯᠤᠨ᠎ᠠ᠃         4. ᠲᠠᠯ᠎ᠠ ᠨᠤᠲᠤᠭ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ᠄ ᠭᠤᠤᠯᠳᠠᠭᠤ ᠶᠡᠭᠡ ᠠᠷᠪᠠᠳᠤᠭᠠᠷ ᠨᠣᠮᠧᠷᠲᠤ ᠵᠡᠭᠦᠨ ᠲᠠᠯ᠎ᠠ᠂ ᠰᠠᠨ ᠴᠧᠩ ᠲᠣᠪᠴᠢᠶᠠᠨ ᠤ ᠬᠤᠶᠢᠲᠤ ᠲᠠᠯ᠎ᠠ ᠪᠣᠯᠤᠨ ᠱᠢ ᠵᠢᠶᠠ ᠲᠣᠰᠬᠤᠨ ᠪᠣᠯᠤᠨ᠎ᠠ᠃ ᠠᠷᠠᠳ ᠢ ᠨᠡᠭᠦᠯᠭᠡᠬᠦ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠨᠡᠭᠡᠭᠡᠨ ᠬᠥᠭᠵᠢᠭᠦᠯᠬᠦ ᠪᠠ ᠵᠣᠬᠢᠰ ᠦᠭᠡᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠢᠵᠠᠭᠠᠷᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠠᠮᠢ ᠠᠬᠤᠶ ᠶᠢ ᠰᠡᠷᠭᠦᠭᠡᠵᠦ᠂ ᠲᠠᠯ᠎ᠠ ᠨᠤᠲᠤᠭ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠵᠤ᠂ ︽ᠲᠠᠯ᠎ᠠ ᠨᠤᠲᠤᠭ ᠳᠠᠷᠤᠶ ᠵᠢᠨᠢᠩ ᠳᠤ ᠪᠠᠶᠢᠨ᠎ᠠ᠂ ᠵᠢᠨᠢᠩ ᠪᠣᠯ ᠳᠠᠷᠤᠶ ᠲᠠᠯ᠎ᠠ ᠨᠤᠲᠤᠭ ᠮᠥᠨ︾ ᠭᠡᠬᠦ ᠬᠠᠷᠠᠯᠲᠠ ᠮᠥᠨ᠃         ︵ᠬᠤᠶᠠᠷ︶ ᠠᠵᠤ ᠦᠢᠯᠡᠰ ᠤᠨ ᠪᠠᠶᠢᠷᠢᠰᠢᠭᠤᠯᠤᠯᠲᠠ         1. ᠢᠳᠡᠰᠢᠨ ᠨᠣᠭᠤᠭ᠎ᠠ ᠦᠶᠯᠡᠳᠪᠦᠷᠢᠯᠡᠬᠦ ᠰᠠᠭᠤᠷᠢᠨ ᠭᠠᠵᠠᠷ᠄ ᠨᠢᠭᠡ ᠳᠤ ᠪᠠ ᠸᠠᠩ ᠾᠧ ᠭᠤᠤᠯ ᠳᠠᠭᠠᠤ ᠣᠷᠣᠨ᠃ ᠪᠠ ᠸᠠᠩ ᠾᠧ᠂ ᠯᠢ ᠴᠠᠩ ᠴᠢᠩ᠂ ᠵᠢᠶᠠ ᠵᠢᠶᠠ ᠲᠣᠰᠬᠤᠨ ᠤ ᠡᠤ ᠵᠢᠶᠠ ᠲᠣᠰᠬᠤᠨ ᠳᠤ ᠭᠤᠤᠯᠳᠠᠭᠤ ᠰᠢᠨ᠎ᠡ ᠮᠠᠶ᠋ᠢᠭ ᠤᠨ ᠬᠦᠯᠡᠮᠵᠢ ᠶᠢ ᠳᠡᠯᠭᠡᠷᠡᠭᠦᠯᠦᠨ᠎ᠡ᠃ ᠨᠠᠷᠢᠯᠢᠭ ᠢᠳᠡᠰᠢᠨ ᠨᠣᠭᠤᠭ᠎ᠠ ᠶᠢ ᠬᠥᠭᠵᠢᠭᠦᠯᠦᠨ᠎ᠡ᠃ ᠬᠤᠶᠠᠷ ᠨᠢ ᠵᠢᠷᠭᠤᠳᠤᠭᠠᠷ ᠰᠤᠪᠠᠭ᠂ ᠰᠠᠨ ᠴᠧᠩ ᠲᠣᠪᠴᠢᠶᠠᠨ ᠤ ᠡᠮᠦᠨ᠎ᠡ ᠬᠠᠵᠠᠭᠤ ᠶᠢᠨ ᠨᠢᠳᠠᠨ ᠭᠤᠤᠯ ᠳᠠᠭᠠᠤ  ᠤᠷᠤᠨ ᠪᠣᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠬᠦᠯᠡᠮᠵᠢ᠂ ᠳᠥᠭᠦᠮ ᠰᠠᠷᠠᠪᠴᠢ ᠶᠢ  ᠤᠶᠠᠯᠳᠠᠭᠤᠯᠵᠤ᠂ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ ᠲᠠᠰᠤᠷᠠᠯᠲᠠ ᠦᠭᠡᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤ  ᠠᠭᠤᠯᠤᠭᠳᠠᠴᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠤᠷᠪᠠ ᠳᠤ ᠳ᠋ᠠ ᠱᠢ ᠬᠤᠤ ᠲᠣᠰᠬᠤᠨ᠂ ᠢᠦᠶ ᠮᠢᠩ ᠲᠠᠷᠢᠶᠠᠯᠠᠩ ᠤᠨ ᠰᠠᠭᠤᠷᠢᠨ ᠭᠠᠵᠠᠷ ᠢᠶᠠᠷ ᠭᠤᠤᠯ ᠪᠣᠯᠭᠠᠵᠤ᠂ ᠵᠠᠯᠭᠠᠯᠳᠤᠭᠰᠠᠨ ᠬᠦᠯᠡᠮᠵᠢ ᠪᠠ ᠢᠳᠡᠰᠢᠨ ᠨᠣᠭᠤᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠡᠷᠭᠢᠨ ᠲᠣᠭᠤᠷᠢᠨ  ᠳᠤ  ᠎ ᠨᠢ ᠠᠭᠠᠵᠢᠮ ᠢᠶᠠᠷ ᠲᠠᠷᠬᠠᠵᠤ᠂ ᠢᠳᠡᠰᠢᠨ ᠨᠣᠭᠤᠭ᠎ᠠ ᠲᠠᠷᠢᠬᠤ ᠪᠠᠰᠠ ᠨᠢᠭᠡ ᠣᠷᠣᠨ ᠪᠤᠢ ᠪᠣᠯᠪᠠ᠃         2. ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠲᠣᠭᠤᠷᠢᠭ᠄ ᠭᠤᠤᠯᠳᠠᠭᠤ ᠴᠤᠭᠯᠠᠭ᠎ᠠ  ᠶᠢᠨ ᠵᠠᠰᠠᠮᠠᠯ ᠵᠠᠮ ᠠᠴᠠ ᠬᠤᠶᠢᠰᠢ᠂ 208 ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠷᠣᠨ ᠪᠦᠰᠡ ᠪᠣᠯᠤᠨ᠎ᠠ᠃ ᠯᠢ ᠴᠠᠩ ᠴᠢᠩ ᠮᠢᠨ ᠹᠧᠩ ᠤᠨ ᠲᠥᠮᠥᠰᠥ ᠶᠢᠨ ᠦᠶᠯᠡᠰ᠂ ᠰᠠᠨ ᠴᠧᠩ ᠲᠣᠪᠴᠢᠶᠠᠨ ᠤ ᠯᠦᠸᠧ ᠵᠢᠶᠠ ᠲᠣᠰᠬᠤᠨ ᠤ ᠫᠧᠩ ᠴᠧᠩ ᠲᠡᠵᠢᠭᠡᠨ ᠦᠷᠡᠵᠢᠭᠦᠯᠬᠦ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠭ᠋ᠠᠶ ᠲᠡᠵᠢᠭᠡᠨ ᠦᠷᠡᠵᠢᠭᠦᠯᠬᠦ  ᠺᠣᠮᠫᠠᠨᠢ᠂ ᠯᠢᠦ ᠬᠤᠤ ᠴᠢᠦᠶ ᠶᠢᠨ ᠰᠢᠤᠸᠠᠢ ᠶᠤᠸᠠᠨ ᠰᠦ ᠶᠢᠨ ᠦᠶᠯᠡᠰ ᠤᠨ ᠲᠦᠮᠡᠨ ᠲᠣᠯᠣᠭᠠᠶ ᠰᠠᠭᠠᠯᠢ ᠶᠢᠨ  ᠦᠨᠢᠶ᠎ᠡ ᠶᠢᠨ ᠰᠠᠭᠤᠷᠢᠨ ᠪᠣᠯᠤᠨ ᠨᠠᠨ ᠯᠢᠶᠠᠩ ᠲᠣᠰᠬᠤᠨ ᠤ ᠽᠧ ᠢᠦᠶ ᠣᠨᠴᠠᠭᠠᠶ ᠲᠡᠵᠢᠭᠡᠨ ᠦᠷᠡᠵᠢᠭᠦᠯᠬᠦ  ᠬᠦᠷᠢᠶᠡᠯᠡᠨ ᠢᠶᠠᠷ ᠳᠠᠭᠠᠭᠤᠯᠤᠭᠴᠢ ᠪᠣᠯᠭᠠᠵᠠᠶ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠣᠨᠴᠠ ᠲᠥᠷᠥᠯ ᠤᠨ ᠣᠨᠴᠠ ᠵᠦᠶᠯ ᠤᠨ ᠣᠨᠴᠠ ᠵᠦᠶᠯ ᠤᠨ ᠲᠡᠵᠢᠭᠡᠪᠦᠷᠢ ᠶᠢᠨ ᠦᠶᠯᠡᠰ ᠢ ᠬᠥᠭᠵᠢᠭᠦᠯᠦᠨ᠎ᠡ᠃        3. ᠰᠢᠶᠠᠩ ᠤᠨ ᠭᠤᠣᠯ ᠴᠤᠭᠯᠠᠭ᠎ᠠ ᠪᠠᠯᠭᠠᠰᠤ᠄ ᠭᠤᠣᠯ ᠴᠤᠭᠯᠠᠭ᠎ᠠ ᠪᠠᠯᠭᠠᠰᠤᠨ ᠳᠤ᠂ ᠠᠵᠤ ᠦᠢᠯᠡᠰ ᠤᠨ ᠬᠡᠷᠡᠭᠯᠡᠬᠦ ᠭᠠᠵᠠᠷ ᠢ ᠲᠥᠯᠥᠪᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ  ᠦᠢᠯᠡᠰ᠂ ᠪᠠᠷᠠᠭ᠎ᠠ ᠶᠢᠨ ᠭᠦᠢᠯᠭᠡᠭᠡᠨ ᠤ ᠲᠡᠭᠡᠭᠡᠪᠦᠷᠢ᠂ ᠪᠣᠯᠪᠠᠰᠤᠷᠠᠭᠤᠯᠤᠨ ᠦᠢᠯᠡᠳᠬᠦ ᠵᠡᠷᠭᠡ ᠣᠯᠠᠨ ᠲᠥᠷᠥᠯ  ᠵᠦᠢᠯ ᠤᠨ ᠰᠢᠶᠠᠩ ᠪᠠᠯᠭᠠᠰᠤᠨ ᠤ ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ᠂ ᠰᠤᠮᠤ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢᠨ ᠭᠤᠤᠯ ᠣᠷᠣᠨ ᠪᠦᠰᠡ ᠪᠣᠯᠤᠨ᠎ᠠ᠃         4. ᠲᠠᠯ᠎ᠠ ᠨᠤᠲᠤᠭ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ᠄ ᠭᠤᠤᠯᠳᠠᠭᠤ ᠶᠡᠭᠡ ᠠᠷᠪᠠᠳᠤᠭᠠᠷ ᠨᠣᠮᠧᠷᠲᠤ ᠵᠡᠭᠦᠨ ᠲᠠᠯ᠎ᠠ᠂ ᠰᠠᠨ ᠴᠧᠩ ᠲᠣᠪᠴᠢᠶᠠᠨ ᠤ ᠬᠤᠶᠢᠲᠤ ᠲᠠᠯ᠎ᠠ ᠪᠣᠯᠤᠨ ᠱᠢ ᠵᠢᠶᠠ ᠲᠣᠰᠬᠤᠨ ᠪᠣᠯᠤᠨ᠎ᠠ᠃ ᠠᠷᠠᠳ ᠢ ᠨᠡᠭᠦᠯᠭᠡᠬᠦ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠨᠡᠭᠡᠭᠡᠨ ᠬᠥᠭᠵᠢᠭᠦᠯᠬᠦ ᠪᠠ ᠵᠣᠬᠢᠰ ᠦᠭᠡᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠢᠵᠠᠭᠠᠷᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠠᠮᠢ ᠠᠬᠤᠶ ᠶᠢ ᠰᠡᠷᠭᠦᠭᠡᠵᠦ᠂ ᠲᠠᠯ᠎ᠠ ᠨᠤᠲᠤᠭ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠵᠤ᠂ ︽ᠲᠠᠯ᠎ᠠ ᠨᠤᠲᠤᠭ ᠳᠠᠷᠤᠶ ᠵᠢᠨᠢᠩ ᠳᠤ ᠪᠠᠶᠢᠨ᠎ᠠ᠂ ᠵᠢᠨᠢᠩ ᠪᠣᠯ ᠳᠠᠷᠤᠶ ᠲᠠᠯ᠎ᠠ ᠨᠤᠲᠤᠭ ᠮᠥᠨ︾ ᠭᠡᠬᠦ ᠬᠠᠷᠠᠯᠲᠠ ᠮᠥᠨ᠃                  ᠬᠠᠷᠢᠯᠴᠠᠬᠤ ᠬᠠᠶ᠋ᠢᠭ᠄ ᠵᠢᠨᠢᠩ ᠲᠣᠭᠤᠷᠢᠭ ᠤᠨ ᠪᠠ ᠸᠠᠩ ᠾᠧ ᠭᠤᠤᠯ ‍ᠤᠨ‌ᠬᠤᠶᠢᠲᠤ  ᠡᠷᠭᠢ ᠶᠢᠨ ᠮᠠ ᠯᠢᠶᠠᠨ ᠴᠢᠦᠶ ᠰᠢᠶᠠᠩ ᠤᠨ ᠰᠢᠨ ᠵᠢᠶ ᠪᠠᠯᠭᠠᠰᠤ          ᠤᠲᠠᠰᠤ᠄ 0474 — 881 8655᠎ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2