ᠵᠢᠨᠢᠩ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/11/26
        ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠪᠦᠬᠦ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ᠂ ᠤᠰᠤᠨ ᠠᠰᠢᠭᠯᠠᠯᠲᠠ ᠶᠢᠨ ᠠᠵᠢᠯ ᠢ ᠭᠤᠣᠯᠯᠠᠨ ᠬᠠᠮᠢᠶᠠᠷᠴᠤ᠂ ᠪᠦᠬᠦ  ᠲᠤᠭᠤᠷᠢᠭ ᠤᠨ ᠲᠠᠷᠢᠮᠠᠯ ᠤᠨ ᠦᠶᠯᠡᠰ᠂ ᠲᠡᠵᠢᠭᠡᠨ ᠦᠷᠡᠵᠢᠭᠦᠯᠬᠦ ᠦᠶᠯᠡᠰ᠂ ᠵᠢᠭᠠᠰᠤᠨ ᠠᠵᠤ ᠠᠬᠤᠶ᠂ ᠲᠠᠷᠢᠶᠠᠯᠠᠩ ᠤᠨ ᠮᠠᠰᠢᠨ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ᠂ ᠬᠥᠮᠦᠨ ᠤᠮᠳᠠᠭᠠᠨ ᠤ ᠢᠨᠵᠧᠨᠧᠷᠢᠩ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠡᠷᠭᠡ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠴᠢᠭᠯᠡᠯ ᠢ ᠲᠣᠭᠲᠠᠭᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠬᠢᠵᠢᠭ ᠪᠠᠶᠢᠴᠠᠭᠠᠬᠤ ᠲᠥᠯᠥᠪᠵᠢᠭᠦᠯᠭᠡ᠂ ᠲᠦᠯᠦᠪᠯᠡᠭᠡ  ᠎ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ  ᠃ ᠠᠮᠢᠲᠠᠨ ᠤ ᠬᠢᠵᠢᠭ ᠡᠪᠡᠳᠴᠢᠨ ᠢ ᠬᠠᠮᠢᠶᠠᠷᠬᠤ ᠠᠵᠢᠯ ᠢ ᠬᠠᠷᠢᠭᠤᠴᠠᠨ᠎ᠠ  ᠃ ᠪᠦᠬᠦ  ᠲᠤᠭᠤᠷᠢᠭ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠠᠵᠢᠯ ᠢ  ᠬᠠᠷᠢᠭᠤᠴᠠᠨ᠎ᠠ᠃ ᠠᠮᠢᠲᠠᠨ ᠤ ᠠᠰᠢᠭ ᠰᠢᠮ᠎ᠡ ᠶᠢᠨ ᠡᠷᠡᠭᠦᠯ ᠬᠠᠮᠠᠭᠠᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ  ᠬᠠᠮᠢᠶᠠᠷᠤᠯᠲᠠ ᠪᠠ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠨᠡᠬᠡᠮᠵᠢᠯᠡᠨ ᠰᠢᠨᠡᠳᠬᠡᠵᠦ ᠪᠣᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠮᠠᠯ ᠡᠮᠨᠡᠯᠭᠡ ᠶᠢᠨ ᠠᠵᠢᠯ ᠲᠥᠷᠥᠯ ᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ  ᠶᠢᠨ ᠠᠵᠢᠯ ᠢ ᠬᠠᠷᠢᠭᠤᠴᠠᠵᠤ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ ᠪᠠ ᠲᠠᠷᠢᠶᠠᠯᠠᠩ ᠤᠨ ᠨᠡᠶᠢᠭᠡᠮ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠰᠠᠨᠠᠯ ᠢ ᠳᠤᠷᠠᠳᠴᠤ᠂ ᠮᠡᠳᠡᠭᠡ ᠵᠠᠩᠭᠢ ᠶᠢᠨ ᠦᠶᠯᠡᠴᠢᠯᠡᠭᠡᠨ ᠤ ᠲᠥᠷᠥᠯ ᠵᠦᠶᠯ ᠢ ᠨᠡᠭᠡᠭᠡᠨ ᠬᠥᠭᠵᠢᠭᠦᠯᠬᠦ ᠵᠢᠴᠢ ᠦᠶᠯᠡᠳᠪᠦᠷᠢᠯᠡᠬᠦ ᠠᠴᠠ ᠡᠮᠦᠨᠡᠬᠢ  ᠂ ᠦᠶᠯᠡᠳᠪᠦᠷᠢᠯᠡᠬᠦ ᠳᠤᠮᠳᠠᠬᠢ᠂ ᠦᠶᠯᠡᠳᠪᠦᠷᠢᠯᠡᠭᠰᠡᠨ ᠤ ᠳᠠᠷᠠᠭᠠᠬᠢ ᠨᠢᠭᠡ ᠴᠣᠭᠴᠠᠵᠢᠭᠤᠯᠤᠨ  ᠬᠦᠭᠵᠢᠭᠦᠯᠭᠦ ᠶᠢ ᠴᠢᠩᠭᠠᠷᠠᠭᠤᠯᠬᠤ ᠬᠡᠷᠡᠭᠲᠡᠶ  ᠃  ᠵᠢᠨᠢᠩ ᠲᠣᠭᠤᠷᠢᠭ ᠤᠨ ᠣᠷᠣᠰᠢᠨ ᠰᠠᠭᠤᠬᠤ ᠤᠰᠤ ᠤᠮᠳᠠ ᠶᠢᠨ ᠢᠨᠵᠧᠨᠧᠷᠢᠩ᠂ ᠵᠢᠨᠢᠩ ᠲᠣᠭᠤᠷᠢᠭ ᠤᠨ ᠦᠶᠡᠷ ᠢ  ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ᠃          ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂  ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ  ᠲᠤᠭᠤᠷᠢᠭ ᠤᠨ  ᠠᠵᠤ ᠠᠬᠤᠶ ᠶᠢᠨ ᠠᠵᠢᠯ ᠤᠨ ᠬᠤᠷᠠᠯᠳᠤᠭᠠᠨ ᠪᠣᠯᠤᠨ  ᠲᠤᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽1345︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠭᠤᠷᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ  ᠴᠢᠨᠡᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠎ ᠪᠠᠷ  ᠪᠡᠶᠡᠯᠡᠭᠦᠯᠬᠦ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠬᠠᠲᠠᠭᠤ ᠡᠭᠦᠷᠭᠡ ᠶᠢ ᠪᠠᠷᠢᠮᠵᠢᠶᠠᠯᠠᠨ ᠬᠠᠷᠭᠤᠭᠤᠯᠤᠨ᠎ᠠ᠃ ᠵᠣᠷᠯᠣᠩ ᠤᠨ ᠬᠤᠪᠢᠰᠬᠠᠯ᠂ ᠲᠣᠰᠬᠤᠨ ᠤ ᠳᠦᠷᠰᠦ ᠪᠠᠶᠢᠳᠠᠯ ᠵᠡᠷᠭᠡ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ  ᠠᠳᠬᠤᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠵᠡᠷᠭᠡ  ᠬᠦᠳᠡᠭᠡ ᠲᠣᠰᠬᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠬᠢ  ᠪᠠᠶᠠᠯᠢᠭ ᠤᠨ ᠡᠯᠧᠮᠧᠨ᠋ᠲ ᠢ ᠭᠦᠶᠴᠡᠳ ᠬᠥᠭᠵᠢᠭᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠥᠮᠥᠰᠥ ᠶᠢ ᠪᠠᠷᠢᠮᠵᠢᠶᠠᠵᠢᠭᠤᠯᠬᠤ ᠰᠠᠭᠤᠷᠢᠨ ᠭᠠᠵᠠᠷ ᠵᠢᠴᠢ ᠥᠨᠳᠥᠷ ᠪᠠᠷᠢᠮᠵᠢᠶᠠᠲᠤ ᠬᠥᠮᠥᠷᠭᠡᠯᠡᠨ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠢᠳᠡᠪᠬᠢᠲᠡᠢ ᠪᠠᠬᠢᠵᠢᠭᠦᠯᠦᠨ᠎ᠡ᠃ ᠠᠵᠤ ᠦᠶᠯᠡᠰ ᠤᠨ ᠵᠢᠭᠠᠨ ᠵᠢᠯᠣᠭᠤᠳᠣᠭᠴᠢ ᠶᠢᠨ ᠲᠦᠷᠢᠮ ᠢ ᠲᠡᠭᠦᠯᠳᠡᠷᠵᠢᠭᠦᠯᠵᠦ᠂ ᠬᠠᠪᠰᠤᠷᠤᠨ ᠲᠡᠳᠬᠦᠬᠦ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ  ᠢᠯᠠᠯᠲᠠ ᠶᠢ ᠣᠯᠤᠨ᠎ᠠ᠃ ᠤᠰᠤᠨ ᠤ ᠴᠢᠨᠠᠷ ᠢ ᠰᠢᠨᠵᠢᠯᠡᠨ ᠰᠢᠯᠭᠠᠬᠤ᠂ ᠬᠥᠳᠡᠭᠡ ᠲᠣᠰᠬᠤᠨ ᠤ ᠤᠤᠭᠤᠬᠤ ᠤᠰᠤ ᠶᠢ ᠥᠭᠡᠷᠡᠴᠢᠯᠡᠬᠦ ᠢᠨᠵᠧᠨᠧᠷᠢᠩ ᠢ ᠥᠷᠨᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢ ᠪᠠᠲᠤᠯᠠᠨ᠎ᠠ᠃ ᠤᠰᠤ ᠠᠪᠬᠤ ᠵᠥᠪᠰᠢᠶᠡᠷᠡᠯ ᠤᠨ ᠲᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠬᠢᠷᠢ ᠲᠦᠪᠰᠢᠨ ᠢ ᠴᠢᠩᠭᠠᠳᠬᠠᠨ᠎ᠠ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠳᠠᠷᠤᠯᠲᠠᠲᠤ  ᠪᠠᠶᠢᠳᠢᠯ ᠢ ᠪᠠᠲᠤᠯᠠᠵᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠨ᠎ᠠ᠃ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠦᠶᠯᠡᠳᠬᠦᠨ ᠳᠤ ᠴᠣᠬᠢᠯᠲᠠ ᠥᠭᠬᠦ ᠶᠢ  ᠭᠦᠨᠵᠡᠭᠡᠶᠢᠷᠡᠭᠦᠯᠬᠦ᠂ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠠᠬᠢᠭᠤᠯᠬᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠎ ᠤᠨ ᠲᠠᠷᠢᠶᠠᠯᠠᠩ ᠤᠨ ᠪᠦ ᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠬᠤ ᠵᠡᠷᠭᠡ ᠪᠣᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠨ᠎ᠠ᠃ ᠤᠯᠠᠭᠠᠨᠴᠠᠪ ᠤᠨ ᠲᠠᠯ᠎ᠠ ᠨᠤᠲᠤᠭ ᠤᠨ ︽ᠡᠮᠦᠨ᠎ᠡ ᠴᠠᠭᠠᠷᠢᠭ︾᠎ ᠤᠨ ᠲᠠᠷᠢᠮᠠᠯ ᠤᠨ ᠦᠵᠡᠮᠵᠢ ᠶᠢᠨ ᠪᠦᠰᠡ᠂ ᠰᠢᠩ ᠳ᠋ᠠ ᠶᠧ ᠺᠣᠮᠫᠠᠨᠢ ᠶᠢ ᠨᠡᠭᠦᠯᠭᠡᠬᠦ ᠵᠢᠴᠢ ᠭᠤᠸᠠᠩ ᠳ᠋ᠠ ᠲᠥᠮᠥᠰᠥᠨ IP ᠰᠣᠶᠣᠯ ᠤᠨ ᠵᠢᠵᠢᠭ ᠪᠠᠯᠭᠠᠰᠤ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃          ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶᠠᠨ ᠤ ᠪᠦᠬᠦ ᠺᠠᠳ᠋ᠷ  ᠠᠵᠢᠯᠴᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂ ᠬᠦᠨᠳᠦ ᠡᠭᠦᠷᠭᠡ ᠪᠠᠷ ᠠᠯᠤᠰ ᠬᠡᠳᠦ ᠳᠤ ᠬᠦᠷᠭᠡᠬᠦ  ᠂ ᠬᠠᠷᠢᠭᠤᠴᠠᠯᠭᠠᠲᠤ ᠰᠡᠳᠬᠢᠯᠭᠡ ᠪᠠᠷ ᠴᠠᠭ ᠪᠢᠳᠡᠨ ᠢ ᠬᠦᠯᠢᠶᠡᠬᠦ ᠦᠭᠡᠢ ᠡᠭᠦᠷᠭᠡᠲᠦ ᠰᠡᠳᠬᠢᠯᠭᠡ᠂ ᠬᠠᠮᠤᠭ ᠤᠨ ᠳᠡᠭᠡᠰᠦ ᠢᠷᠠᠭᠤ ᠠᠯᠳᠠᠷᠲᠤ ᠰᠡᠳᠬᠢᠯᠭᠡ ᠪᠠᠷ᠂ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠴᠢ ᠶᠠᠳᠠᠭᠤ ᠶᠢ ᠲᠡᠳᠬᠦᠬᠦ ᠦᠶᠯᠡᠰ  ᠰᠢᠨ᠎ᠡ ᠠᠬᠢᠴᠠ ᠲᠠᠢ ᠪᠣᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2