| ᠴᠢᠶᠠᠨ ᠶᠢᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ ᠲᠣᠭᠤᠷᠢᠭ ᠤᠨ ᠳᠤᠮᠳᠠ | ᠬᠡᠰᠡᠭ ᠲᠤ ᠪᠠᠶᠢᠷᠢᠯᠠᠵᠤ᠂ ᠭᠠᠵᠠᠷ ᠣᠷᠣᠨ ᠬᠥᠭᠵᠢᠶᠡᠨ ᠨᠠᠷᠭᠢᠶᠠᠨ ᠲᠠᠢ᠂ ᠵᠠᠮ ᠬᠠᠷᠢᠯᠴᠠᠭ᠎ᠠ ᠳᠥᠭᠦᠮ ᠳᠥᠲᠡ᠂ | ᠬᠥᠮᠦᠨ ᠠᠮᠠ ᠣᠯᠠᠨ ᠰᠠᠭᠤᠷᠢᠰᠢᠵᠤ ᠪᠠᠶᠢᠨ᠎ᠠ᠃ ᠵᠡᠭᠦᠨᠰᠢ ᠪᠠᠨ ᠠᠵᠢᠯᠴᠢᠨ ᠲᠠᠷᠢᠶᠠᠴᠢᠨ ᠵᠠᠮ ᠢᠶᠠᠷ ᠵᠠᠭᠠᠭ ᠪᠣᠯᠭᠠᠵᠤ | ᠂ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠥᠷᠰᠢᠯᠡᠪᠡ ᠃ ᠡᠮᠦᠨᠡᠰᠢ ᠱᠠ ᠾᠧ ᠬᠦᠷᠬᠦ | ᠪᠠ ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠥᠷᠰᠢᠯᠡᠨᠡ᠃ ᠤᠮᠠᠷᠠᠰᠢ ᠪᠠ ᠸᠠᠩ ᠾᠧ | ᠭᠤᠣᠯ ᠪᠣᠯᠤᠨ ᠮᠠ ᠯᠢᠶᠠᠨ ᠴᠢᠦᠶ ᠰᠢᠶᠠᠩ ᠬᠥᠷᠰᠢᠯᠡᠵᠦ᠂ ᠪᠠᠷᠠᠭᠤᠨᠰᠢ ᠪᠦᠲᠦᠭᠡᠨ ᠪᠠᠶᠢᠭᠤᠯᠬᠤ ᠵᠡᠭᠡᠯᠢ ᠨᠢ | ᠬᠥᠭᠦᠷᠭᠡ ᠶᠢᠨ ᠵᠡᠭᠦᠨ ᠬᠡᠰᠡᠭ ᠪᠠ ᠰᠢᠨ ᠲᠢ ᠵᠠᠮ ᠤᠨ ᠬᠡᠷᠡᠭ ᠡᠷᠬᠢᠯᠡᠬᠦ ᠭᠠᠵᠠᠷ ᠲᠠᠢ ᠬᠥᠷᠰᠢᠯᠡᠨᠡ᠃ ᠬᠠᠷᠢᠶ᠎ᠠ | ᠣᠷᠣᠨ ᠤ ᠲᠠᠯᠠᠪᠠᠢ ᠨᠢ 7.9 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠷᠢᠶᠠᠨ ᠳᠠᠬᠢ 10 ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 60 ᠰᠠᠭᠤᠭᠠᠯᠢ ᠠᠷᠠᠳ ᠤᠨ ᠳᠤᠭᠤᠶᠢᠯᠠᠩ᠂ ᠪᠦᠬᠦ ᠡᠷᠦᠬᠡ ᠶᠢᠨ | ᠲᠤᠭ᠎ᠠ 21729᠂ ᠨᠡᠶᠢᠲᠡ 56635 ᠬᠥᠮᠦᠨ ᠪᠠᠶᠢᠵᠤ᠂ ᠬᠢᠲᠠᠳ᠂ ᠮᠣᠩᠭᠤᠯ᠂ ᠬᠤᠲᠣᠩ᠂ ᠮᠠᠨᠵᠤ᠂ | ᠰᠣᠯᠣᠩᠭᠤᠰ᠂ ᠵᠤᠸᠠᠩ ᠵᠡᠷᠭᠡ 16 ᠦᠨᠳᠦᠰᠦᠲᠡᠨ ᠢᠶᠠᠷ ᠪᠦᠷᠢᠯᠳᠦᠵᠡᠶ᠃ ᠰᠠᠭᠤᠭᠠᠯᠢ ᠠᠷᠠᠳ ᠤᠨ ᠵᠢᠯ ᠤᠨ | ᠳᠤᠮᠳᠠᠴᠢ ᠣᠷᠣᠯᠭ᠎ᠠ 15700 ᠲᠥᠭᠦᠷᠢᠭ ᠣᠷᠴᠢᠮ ᠪᠠᠶᠢᠨ᠎ᠠ᠃ ᠬᠠᠷᠢᠶ᠎ᠠ ᠣᠷᠣᠨ ᠳᠤ 63 ᠨᠢᠭᠡᠴᠢ ᠪᠠᠶᠢᠵᠤ᠂ | ᠲᠡᠭᠦᠨ ᠤ ᠳᠣᠲᠣᠷ᠎ᠠ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ 57 ᠪᠠᠶᠢᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ 5᠂ ᠨᠡᠶᠢᠭᠡᠮ ᠤᠨ ᠰᠢᠨ᠎ᠡ | ᠵᠣᠬᠢᠭᠰᠠᠨ ᠪᠠᠶᠢᠭᠤᠯᠤᠯᠲᠠ 1᠂ ᠬᠤᠪᠢ ᠶᠢᠨ ᠬᠤᠳᠠᠯᠳᠤᠭᠠᠨ ᠤ ᠲᠣᠤᠷ ᠴᠡᠭ 1856 ᠪᠣᠶ᠃ | ᠵᠡᠭᠡᠯᠢ ᠭᠤᠳᠤᠮᠵᠢ ᠶᠢᠨ ᠪᠠᠶᠢᠭᠤᠯᠤᠯᠭ᠎ᠠ ᠶᠢᠨ ᠳᠣᠲᠣᠭᠠᠳᠤ ᠳᠤ ᠨᠠᠮ ᠵᠠᠰᠠᠭ ᠤᠨ ᠶᠡᠷᠦᠩᠬᠡᠶᠢᠯᠡᠭᠰᠡᠨ | ᠠᠯᠪᠠᠨ ᠭᠡᠷ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠯᠪᠠᠨ ᠭᠡᠷ᠂ ᠨᠡᠶᠢᠭᠡᠮ ᠲᠣᠭᠤᠷᠢᠭ ᠤᠨ | ᠠᠯᠪᠠᠨ ᠭᠡᠷ᠂ ᠶᠡᠷᠦᠩᠬᠡᠶᠢᠯᠡᠨ ᠵᠠᠰᠠᠬᠤ ᠲᠣᠭᠲᠠᠭᠤᠨ ᠢ ᠬᠠᠮᠠᠭᠠᠯᠠᠬᠤ ᠠᠯᠪᠠᠨ ᠭᠡᠷ᠂ ᠠᠷᠠᠳ ᠤᠨ ᠶᠠᠪᠤᠳᠠᠯ ᠤᠨ | ᠠᠯᠪᠠᠨ ᠭᠡᠷ᠂ ᠠᠵᠢᠯᠲᠠᠨ ᠨᠡᠶᠢᠲᠡ 18 ᠬᠥᠮᠦᠨ᠂ ᠨᠡᠶᠢᠭᠡᠮ ᠲᠣᠭᠤᠷᠢᠭ ᠤᠨ ᠠᠵᠢᠯᠲᠠᠨ 70 ᠬᠥᠮᠦᠨ ᠪᠤᠢ᠃ | ᠣᠶᠢᠷ᠎ᠠ ᠶᠢᠨ ᠵᠢᠯ ᠳᠤ᠂ ᠴᠢᠶᠠᠨ ᠶᠢᠨ ᠵᠠᠮ ᠵᠡᠭᠡᠯᠢ ᠭᠤᠳᠤᠮᠵᠢ ᠵᠢᠨᠢᠩ ᠲᠣᠭᠤᠷᠢᠭ ᠤᠨ ᠨᠠᠮ ᠤᠨ | ᠬᠤᠷᠢᠶᠠᠨ ᠤ ᠳᠤᠷᠠᠳᠤᠭᠰᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠡᠩᠨᠡᠭᠡᠨ ᠤ | ᠬᠡᠪ ᠴᠢᠨᠠᠷ ᠢ ᠳᠡᠭᠡᠭᠰᠢᠯᠡᠭᠦᠯᠵᠡᠶ᠃ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ᠂ ᠠᠷᠠᠳ ᠣᠯᠠᠨ ᠳᠤ | ᠦᠢᠯᠡᠴᠢᠯᠡᠬᠦ ᠶᠢ ᠠᠬᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ︾ ᠠᠵᠢᠯ ᠤᠨ ᠰᠡᠳᠬᠢᠮᠵᠢ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠪᠦᠬᠦ ᠨᠠᠮ ᠤᠨ ᠭᠡᠰᠢᠭᠦᠨ | ᠪᠣᠯᠤᠨ ᠺᠠᠳ᠋ᠷ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠶᠢ ᠡᠭᠦᠳᠬᠦ ᠪᠠᠷ ᠮᠡᠷᠡᠶᠢᠨ ᠴᠢᠷᠮᠠᠶᠢᠵᠤ | ᠯᠠᠪᠳᠠᠭᠤᠨ ᠪᠠᠲᠤᠲᠠᠶ ᠠᠵᠢᠯᠯᠠᠵᠠᠶ᠃ ᠡᠷᠬᠡᠪᠰᠢ ᠪᠣᠳᠠᠲᠤ ᠦᠷ᠎ᠡ ᠪᠦᠲᠦᠮᠵᠢ ᠣᠯᠵᠤ᠂ ᠵᠡᠭᠡᠯᠢ ᠭᠤᠳᠤᠮᠵᠢ ᠶᠢᠨ | ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠴᠢᠷᠮᠠᠶᠢᠨ ᠠᠬᠢᠭᠤᠯᠬᠤ ᠶᠢᠨ ᠬᠠᠮᠲᠤ᠂ ᠨᠡᠶᠢᠭᠡᠮ ᠲᠣᠭᠤᠷᠢᠭ ᠤᠨ | ᠨᠠᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ | ᠭᠤᠣᠯ ᠰᠡᠳᠦᠪ ᠪᠣᠯᠭᠠᠵᠤ᠂ ᠨᠡᠶᠢᠭᠡᠮ ᠲᠣᠭᠤᠷᠢᠭ ᠤᠨ ᠰᠣᠶᠣᠯ ᠢᠶᠠᠷ ᠤᠳᠤᠷᠢᠳᠤᠮᠵᠢ ᠪᠣᠯᠭᠠᠵᠤ᠂ ᠨᠡᠶᠢᠭᠡᠮ | ᠲᠣᠭᠤᠷᠢᠭ ᠤᠨ ᠲᠣᠭᠲᠠᠭᠤᠨ ᠪᠠᠶᠢᠳᠠᠯ ᠢᠶᠠᠷ ᠪᠠᠲᠤᠯᠠᠭ᠎ᠠ ᠪᠣᠯᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ | ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠷᠮᠠᠶᠢᠨ ᠪᠦᠲᠦᠭᠡᠨ ᠪᠠᠶᠢᠭᠤᠯᠵᠤ᠂ | ᠬᠠᠮᠢᠶᠠᠷᠤᠯᠲᠠ ᠨᠢ ᠡᠮᠬᠢ ᠵᠢᠷᠤᠮ ᠲᠠᠢ ᠪᠠᠶᠢᠵᠤ᠂ ᠦᠶᠯᠡᠴᠢᠯᠡᠭᠡ ᠨᠢ ᠪᠦᠷᠢᠨ ᠲᠡᠭᠦᠯᠳᠡᠷ᠂ ᠣᠷᠴᠢᠨ ᠲᠣᠭᠤᠷᠢᠨ ᠨᠢ | ᠭᠤᠶᠣ ᠰᠠᠶᠢᠬᠠᠨ᠂ ᠠᠮᠤᠷ ᠲᠦᠪᠰᠢᠨ ᠨᠢ ᠰᠠᠶᠢᠨ᠂ ᠠᠮᠢᠳᠤᠷᠠᠯ ᠨᠢ ᠬᠥᠮᠦᠰ ᠤᠨ ᠬᠤᠭᠤᠷᠣᠨᠳᠣᠬᠢ ᠡᠶ᠎ᠡ | ᠵᠣᠬᠢᠴᠠᠯ ᠲᠠᠢ ᠰᠢᠨ᠎ᠡ ᠮᠠᠶ᠋ᠢᠭ ᠤᠨ ᠵᠡᠭᠡᠯᠢ ᠭᠤᠳᠤᠮᠵᠢ ᠪᠤᠯᠵᠠᠢ᠃ | ᠬᠠᠷᠢᠯᠴᠠᠬᠤ ᠤᠲᠠᠰᠤ᠄ 8819006 | | | | |