| ᠵᠢᠨᠢᠩ ᠲᠤᠭᠤᠷᠢᠭ ᠤᠨ ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ | ᠲᠥᠪ ᠬᠤᠲᠠ ᠶᠢᠨ ᠬᠤᠳᠠᠯᠳᠤᠭᠠᠨ ᠤ ᠬᠥᠭᠵᠢᠶᠡᠨ ᠲᠠᠢ ᠭᠠᠵᠠᠷ ᠲᠤ ᠪᠠᠶᠢᠷᠢᠯᠠᠨ᠎ᠠ᠃ ᠵᠡᠭᠦᠨ ᠠᠴᠠ ᠡᠬᠢᠯᠡᠵᠦ | ᠪᠦᠲᠦᠭᠡᠨ ᠪᠠᠶᠢᠭᠤᠯᠬᠤ ᠵᠠᠮ ᠪᠣᠯᠬᠤ ᠯᠣᠤ ᠬᠤ᠋ ᠱᠠᠨ ᠴᠡᠴᠡᠷᠯᠢᠭ ᠤᠨ ᠭᠤᠤᠯ ᠱᠤᠭᠤᠮ᠂ ᠪᠠᠷᠠᠭᠤᠨᠰᠢ | ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠮᠠᠷᠠᠰᠢ ᠲᠦᠩ ᠳ᠋ᠡ ᠵᠡᠭᠡᠯᠢ᠂ ᠡᠩᠬᠡ ᠶᠡᠭᠡ ᠵᠡᠭᠡᠯᠢ ᠠᠴᠠ ᠡᠬᠢᠯᠡᠵᠦ᠂ | ᠡᠮᠦᠨᠡᠰᠢ ᠱᠠ ᠾᠧ ᠵᠡᠭᠦᠨ ᠵᠡᠭᠡᠯᠢ 110 ᠤᠯᠤᠰ ᠤᠨ ᠵᠠᠮ ᠬᠦᠷᠲᠡᠯ᠎ᠡ᠃ 1957 ᠣᠨ ᠳᠤ ᠪᠠᠶᠢᠭᠤᠯᠤᠭᠳᠠᠵᠤ᠂ | ᠬᠠᠷᠢᠶᠠᠲᠤ ᠣᠷᠣᠨ ᠤ ᠲᠠᠯᠠᠪᠠᠢ ᠨᠢ 5.17 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠤᠳᠠᠯᠳᠤᠭ᠎ᠠ᠂ ᠬᠥᠮᠦᠨ | ᠠᠮᠠ ᠬᠠᠮᠤᠭ ᠤᠨ ᠲᠥᠪᠯᠡᠷᠡᠭᠰᠡᠨ ᠣᠷᠣᠨ᠃ ᠵᠡᠭᠡᠯᠢ ᠭᠤᠳᠤᠮᠵᠢ ᠳᠤ ᠬᠠᠷᠢᠶᠠᠯᠠᠭᠳᠠᠬᠤ 8 ᠨᠡᠶᠢᠭᠡᠮ ᠲᠣᠭᠤᠷᠢᠭ᠂ | ᠨᠡᠶᠢᠲᠡ 22387 ᠰᠠᠭᠤᠭᠠᠯᠢ ᠠᠷᠠᠳ᠂ 52387 ᠬᠥᠮᠦᠨ ᠪᠠᠶᠢᠨ᠎ᠠ᠃ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠳᠣᠣᠷ᠎ᠠ 9 ᠰᠢᠭᠤᠳ ᠬᠠᠮᠢᠶᠠᠷᠬᠤ ᠡᠭᠦᠷ᠂ 42 ᠬᠡᠰᠡᠭ ᠲᠤ ᠰᠠᠭᠤᠭ᠎ᠠ ᠨᠢᠭᠡᠴᠡ ᠶᠢᠨ | ᠨᠠᠮ ᠤᠨ ᠡᠭᠦᠷ ᠭᠠᠷᠭᠠᠪᠠ ᠃ 67 ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠡᠭᠦᠷ᠂ 13 ᠰᠠᠭᠤᠭᠠᠯᠢ | ᠠᠷᠠᠳ ᠤᠨ ᠨᠠᠮ ᠤᠨ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠳᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ | 1148 ᠬᠥᠮᠦᠨ᠂ ᠰᠢᠭᠤᠳ ᠬᠠᠮᠢᠶᠠᠷᠴᠤ ᠪᠠᠶᠢᠭ᠎ᠠ ᠨᠠᠮ ᠤᠨ ᠭᠡᠰᠢᠭᠦᠨ 364 ᠬᠥᠮᠦᠨ ᠪᠠᠶᠢᠨ᠎ᠠ᠃ | ᠴᠢᠶᠣᠤ ᠳ᠋ᠦᠩ ᠵᠡᠭᠡᠯᠢ ᠭᠤᠳᠤᠮᠵᠢ ᠶᠢᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ | 0474-4880577 | 1. ᠳ᠋ᠦᠡᠭ ᠮᠢᠨ ᠵᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠣᠷᠣᠨ ᠪᠦᠰᠡ ᠶᠢᠨ ᠬᠡᠪᠴᠢᠶ᠎ᠡ ᠨᠢ ᠵᠡᠭᠦᠨ ᠠᠴᠠ ᠪᠦᠲᠦᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ | ᠲᠠᠯ᠎ᠠ ᠬᠦᠷᠴᠦ᠂ ᠪᠠᠷᠠᠭᠤᠨᠰᠢ ᠪᠠᠨ ᠤᠯᠠᠭᠠᠨ ᠵᠠᠮ ᠤᠨ ᠵᠡᠭᠦᠨ ᠲᠠᠯ᠎ᠠ ᠬᠦᠷᠦᠨ᠎ᠡ ᠃ ᠡᠮᠦᠨ᠎ᠡ ᠨᠢ ᠮᠢᠨ ᠵᠢᠶᠠᠨ ᠶᠡᠭᠡ | ᠵᠡᠭᠡᠯᠢ ᠶᠢᠨ ᠬᠤᠶᠢᠲᠤ ᠲᠠᠯ᠎ᠠ ᠳᠤ ᠤᠮᠠᠷᠠᠰᠢ ᠡᠩᠬᠡ ᠶᠡᠭᠡ ᠵᠡᠭᠡᠯᠢ ᠶᠢᠨ ᠡᠮᠦᠨ᠎ᠡ ᠲᠠᠯ᠎ᠠ ᠳᠤ ᠬᠦᠷᠴᠦ᠂ ᠬᠠᠷᠢᠶᠠᠲᠤ | ᠣᠷᠣᠨ ᠤ ᠶᠡᠷᠦᠩᠬᠡᠶ ᠲᠠᠯᠠᠪᠠᠶ ᠨᠢ 0.43 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠡᠷᠦᠬᠡ ᠶᠢᠨ ᠲᠤᠭ᠎ᠠ | 1898 ᠡᠷᠦᠬᠡ᠂ ᠪᠥᠬᠦ ᠬᠥᠮᠦᠨ ᠠᠮᠠ ᠶᠢᠨ ᠲᠤᠭ᠎ᠠ 4703 ᠬᠥᠮᠦᠨ ᠪᠠᠶᠢᠨ᠎ᠠ᠃ | ᠳ᠋ᠦᠩ ᠮᠢᠨ ᠵᠢᠶᠠᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ | 0474-8385363 | | 2. ᠭᠤᠸᠠᠩ ᠮᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠣᠷᠣᠨ ᠪᠦᠰᠡ ᠶᠢᠨ ᠬᠡᠪᠴᠢᠶ᠎ᠡ ᠨᠢ ᠵᠡᠭᠦᠨ ᠠᠴᠠ ᠪᠦᠲᠦᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ | ᠲᠠᠯ᠎ᠠ ᠬᠦᠷᠴᠦ᠂ ᠪᠠᠷᠠᠭᠤᠨᠰᠢ ᠪᠠᠨ ᠤᠯᠠᠭᠠᠨ ᠵᠠᠮ ᠤᠨ ᠵᠡᠭᠦᠨ ᠲᠠᠯ᠎ᠠ ᠬᠦᠷᠦᠨ᠎ᠡ ᠃ ᠡᠮᠦᠨ᠎ᠡ ᠠᠴᠠ ᠴᠢᠯᠥᠭᠡᠯᠡᠬᠦ ᠶᠡᠭᠡ | ᠵᠡᠭᠡᠯᠢ ᠶᠢᠨ ᠬᠤᠶᠢᠲᠤ ᠲᠠᠯ᠎ᠠ᠂ ᠬᠤᠶᠢᠲᠤ ᠲᠠᠯ᠎ᠠ ᠠᠴᠠ ᠮᠢᠨ ᠵᠢᠶᠠᠨ ᠶᠡᠭᠡ ᠵᠡᠭᠡᠯᠢ ᠶᠢᠨ ᠡᠮᠦᠨ᠎ᠡ ᠲᠠᠯ᠎ᠠ ᠬᠦᠷᠲᠡᠯ᠎ᠡ᠃ | ᠬᠠᠷᠢᠶᠠᠲᠤ ᠣᠷᠣᠨ ᠤ ᠶᠡᠷᠦᠩᠬᠡᠶ ᠲᠠᠯᠠᠪᠠᠶ ᠨᠢ 0.4 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ | ᠲᠤᠭ᠎ᠠ ᠨᠢ 2328 ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 5731 ᠬᠥᠮᠦᠨ ᠪᠣᠯᠤᠨ᠎ᠠ᠃ | ᠭᠤᠸᠠᠩ ᠮᠢᠩ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ | 0474 — 8386335 | | 3. ᠴᠠᠬᠢᠯᠭᠠᠨ ᠤ ᠦᠢᠯᠡᠰ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠤᠯᠠᠭᠠᠨ ᠵᠠᠮ ᠤᠨ ᠪᠠᠷᠠᠭᠤᠨ ᠲᠠᠯ᠎ᠠ᠂ ᠪᠠᠷᠠᠭᠤᠨᠰᠢ ᠪᠠᠨ | ᠬᠤᠸᠠᠢ ᠶᠤᠸᠠᠨ ᠬᠤᠶᠢᠲᠤ ᠵᠠᠮ ᠤᠨ ᠵᠡᠭᠦᠨ ᠲᠠᠯ᠎ᠠ ᠬᠦᠷᠲᠡᠯᠡᠡᠮᠦᠨᠡᠰᠢ ᠪᠠᠨ ᠴᠢᠯᠥᠭᠡᠯᠡᠯᠲᠡ ᠶᠡᠭᠡ ᠵᠡᠭᠡᠯᠢ ᠶᠢᠨ | ᠬᠤᠶᠢᠲᠤ ᠲᠠᠯ᠎ᠠ᠂ ᠬᠤᠶᠢᠰᠢ ᠪᠠᠨ ᠲᠦᠩ ᠳ᠋ᠡ ᠵᠡᠭᠡᠯᠢ ᠶᠢᠨ ᠡᠮᠦᠨ᠎ᠡ ᠲᠠᠯ᠎ᠠ ᠬᠦᠷᠲᠡᠯ᠎ᠡ᠃ ᠬᠠᠷᠢᠶ᠎ᠠ ᠣᠷᠣᠨ ᠤ | ᠶᠡᠷᠦᠩᠬᠡᠶ ᠲᠠᠯᠠᠪᠠᠶ ᠨᠢ 0.89 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2432 | ᠡᠷᠦᠬᠡ᠂ ᠪᠥᠬᠦ ᠬᠥᠮᠦᠨ ᠠᠮᠠ ᠶᠢᠨ ᠲᠤᠭ᠎ᠠ ᠨᠢ 5879 ᠬᠥᠮᠦᠨ ᠪᠣᠯᠤᠨ᠎ᠠ᠃ | ᠴᠠᠬᠢᠯᠭᠠᠨ ᠦᠶᠯᠡᠰ ᠤᠨ ᠨᠡᠶᠢᠭᠡᠮ ᠲᠣᠭᠤᠷᠢᠭ ᠤᠨ ᠠᠯᠪᠠᠨ ᠠᠵᠢᠯ ᠤᠨ ᠠᠰᠠᠭᠤᠨ ᠯᠠᠪᠯᠠᠬᠤ ᠤᠲᠠᠰᠤ᠄ | 0474 — 8386563 | 4. ᠵᠢᠦ ᠯᠦᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠨᠠᠨ ᠵᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠵᠢᠦ ᠯᠦᠩ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠨᠡᠶᠢᠯᠡᠭᠦᠯᠦᠨ ᠣᠷᠣᠭᠤᠯᠤᠨ᠎ᠠ᠃ ᠣᠷᠣᠨ ᠪᠦᠰᠡ ᠶᠢᠨ | ᠬᠦᠷᠢᠶ᠎ᠡ ᠬᠡᠪᠴᠢᠶ᠎ᠡ ᠨᠢ ᠵᠡᠭᠦᠨ ᠠᠴᠠ ᠡᠬᠢᠯᠡᠨ ᠯᠦ ᠴᠢᠶᠣᠤ ᠺᠸᠦ ᠶᠢ ᠪᠠᠶᠢᠭᠤᠯᠵᠤ᠂ ᠪᠠᠷᠠᠭ ᠤᠨ ᠠᠴᠠ ᠬᠤᠸᠠᠢ | ᠶᠤᠸᠠᠨ ᠬᠤᠶᠢᠲᠤ ᠵᠠᠮ᠂ ᠵᠢᠩ ᠪᠦᠦ ᠱᠤᠭᠤᠮ ᠬᠦᠷᠬᠦ ᠵᠡᠭᠦᠨᠰᠢ ᠡᠮᠦᠨ᠎ᠡ ᠠᠴᠠ ᠱᠠ ᠾᠧ ᠵᠡᠭᠦᠨ ᠵᠡᠭᠡᠯᠢ ᠶᠢᠨ | ᠬᠤᠶᠢᠲᠤ ᠲᠠᠯ᠎ᠠ᠂ ᠬᠤᠶᠢᠨ᠎ᠠ ᠠᠴᠠ ᠬᠤᠶᠢᠲᠤ ᠳ᠋ᠤᠤ ᠺᠧᠦ ᠶᠢᠨ ᠡᠮᠦᠨ ᠡ ᠲᠠᠯ᠎ᠠ ᠬᠦᠷᠲᠡᠯ᠎ᠡ᠃ ᠬᠠᠷᠢᠶ᠎ᠠ ᠣᠷᠣᠨ ᠤ | ᠶᠡᠷᠦᠩᠬᠡᠶ ᠲᠠᠯᠠᠪᠠᠶ ᠨᠢ 0.58 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2585 | ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 6304 ᠬᠥᠮᠦᠨ ᠪᠣᠯᠤᠨ᠎ᠠ᠃ | ᠵᠢᠦ ᠯᠦᠩ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474 | — 8983787 | 5. ᠯᠦᠩ ᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠤᠤᠯ ᠤᠨ ᠹᠧᠩ ᠴᠢᠶᠣᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠯᠥᠩ ᠸᠠᠨ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠭᠡᠵᠦ ᠬᠠᠯᠠᠵᠠᠶ᠃ ᠣᠷᠣᠨ ᠪᠦᠰᠡ ᠶᠢᠨ ᠬᠦᠷᠢᠶ᠎ᠡ | ᠬᠡᠪᠴᠢᠶ᠎ᠡ ᠨᠢ ᠵᠡᠭᠦᠨᠰᠢ ᠪᠠᠨ ᠬᠤᠸᠠᠢ ᠶᠤᠸᠠᠨ ᠬᠤᠶᠢᠲᠤ ᠵᠠᠮ ᠤᠨ ᠪᠠᠷᠠᠭᠤᠨ ᠲᠠᠯ᠎ᠠ ᠠᠴᠠ ᠡᠬᠢᠯᠡᠵᠦ᠂ | ᠪᠠᠷᠠᠭᠤᠨᠰᠢ ᠪᠠᠨ ᠵᠢᠶ ᠳ᠋ᠡ ᠲᠡᠮᠦᠷ ᠵᠠᠮ ᠤᠨ ᠱᠤᠭᠤᠮ ᠬᠦᠷᠲᠡᠯ᠎ᠡ ᠡᠮᠦᠨᠡᠰᠢ 110 ᠤᠯᠤᠰ ᠤᠨ ᠵᠠᠮ᠂ ᠢᠦᠶ | ᠱᠣᠸᠠᠨ ᠤ ᠵᠦᠷᠢᠯᠢᠭ ᠬᠥᠭᠦᠷᠭᠡ ᠠᠴᠠ ᠡᠬᠢᠯᠡᠵᠦ᠂ ᠤᠮᠠᠷᠠᠰᠢ ᠨᠠᠨ ᠳ᠋ᠤᠤ ᠺᠸᠤ ᠶᠢᠨ ᠡᠮᠦᠨ᠎ᠡ ᠲᠠᠯ᠎ᠠ ᠬᠦᠷᠲᠡᠯ᠎ᠡ᠃ | ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 0.8 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ | ᠲᠤᠭ᠎ᠠ ᠨᠢ 2633 ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 6702 ᠬᠥᠮᠦᠨ ᠪᠣᠯᠤᠨ᠎ᠠ᠃ | 6. ᠴᠢᠤᠸᠠᠨ ᠱᠠᠨ ᠤ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ | ᠬᠤ᠋ ᠱᠠᠨ ᠠᠭᠤᠯᠠ ᠶᠢᠨ ᠡᠮᠦᠨ᠎ᠡ ᠬᠡᠰᠡᠭ᠂ ᠬᠤ᠋ ᠱᠠᠨ ᠪᠠᠷᠠᠭᠤᠨ ᠰᠠᠭᠤᠭᠠᠯᠢ ᠠᠷᠠᠳ ᠤᠨ | ᠵᠥᠪᠯᠡᠯ ᠢ ᠴᠢᠤᠸᠠᠨ ᠱᠠᠨ ᠤ ᠬᠤᠶᠢᠲᠤ ᠵᠡᠭᠡᠯᠢ ᠶᠢᠨ ᠰᠠᠭᠤᠭᠠᠯᠢ ᠠᠷᠠᠳ ᠤᠨ ᠵᠥᠪᠯᠡᠯ ᠳᠤ ᠨᠡᠶᠢᠯᠡᠭᠦᠯᠦᠨ | ᠣᠷᠣᠭᠤᠯᠤᠨ᠎ᠠ᠃ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠨᠢ ᠵᠡᠭᠦᠨᠰᠢ ᠪᠠᠨ ᠯᠣᠤ ᠬᠤ᠋ ᠱᠠᠨ ᠠᠭᠤᠯᠠ ᠶᠢᠨ ᠠᠮᠢ | ᠠᠬᠤᠶ ᠶᠢᠨ ᠵᠠᠮ ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ ᠂ ᠡᠮᠦᠨᠡᠰᠢ ᠪᠠᠨ | ᠴᠢᠤᠸᠠᠨ ᠱᠠᠨ ᠠᠭᠤᠯᠠ ᠶᠢᠨ ᠬᠤᠶᠢᠲᠤ ᠵᠡᠭᠡᠯᠢ ᠠᠴᠠ ᠡᠬᠢᠯᠡᠵᠦ᠂ ᠬᠤᠶᠢᠰᠢ ᠪᠠᠨ ᠱᠠ ᠾᠧ ᠭᠤᠣᠯ ᠤᠨ ᠵᠡᠭᠦᠨ | ᠵᠡᠭᠡᠯᠢ ᠶᠢᠨ ᠡᠮᠦᠨ᠎ᠡ ᠲᠠᠯ᠎ᠠ ᠳᠤ ᠬᠦᠷᠦᠨ᠎ᠡ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 1.06 ᠲᠡᠭᠰᠢ | ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 1973᠂ ᠶᠡᠷᠦᠩᠬᠡᠶ ᠬᠥᠮᠦᠨ ᠠᠮᠠ ᠶᠢᠨ | ᠲᠤᠭ᠎ᠠ ᠨᠢ 5632 ᠬᠥᠮᠦᠨ ᠪᠣᠯᠤᠨ᠎ᠠ᠃ | ᠴᠢᠤᠸᠠᠨ ᠱᠠᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ | ᠯᠠᠪᠯᠠᠬᠤ ᠤᠲᠠᠰᠤ᠄ 0474-8388059 | 7. ᠪᠠᠶ ᠴᠢᠤᠸᠠᠨ ᠱᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠪᠠᠶ ᠴᠢᠤᠸᠠᠨ ᠱᠠᠨ ᠠᠭᠤᠯᠠ ᠶᠢᠨ ᠠᠮᠢ | ᠠᠬᠤᠶ ᠶᠢᠨ ᠶᠡᠭᠡ ᠵᠠᠮ ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ ᠂ | ᠡᠮᠦᠨᠡᠰᠢ ᠪᠠᠨ ᠭᠤᠸᠠᠩ ᠫᠦ ᠵᠠᠮ ᠠᠴᠠ ᠡᠬᠢᠯᠡᠵᠦ᠂ ᠬᠤᠶᠢᠰᠢ ᠪᠠᠨ ᠴᠢᠤᠸᠠᠨ ᠱᠠᠨ ᠠᠭᠤᠯᠠ ᠶᠢᠨ ᠬᠤᠶᠢᠲᠤ ᠵᠡᠭᠡᠯᠢ | ᠬᠦᠷᠦᠨ᠎ᠡ᠃ ᠬᠠᠷᠢᠶ᠎ᠠ ᠣᠷᠣᠨ ᠤ ᠲᠠᠯᠠᠪᠠᠶ ᠨᠢ 0.6 ᠲᠡᠭᠰᠢ ᠳᠥᠷᠪᠡᠯᠵᠢᠨ ᠺᠢᠯᠣᠮᠧᠲᠷ᠂ ᠪᠥᠬᠦ ᠡᠷᠦᠬᠡ ᠶᠢᠨ | ᠲᠤᠭ᠎ᠠ ᠨᠢ 2143᠂ ᠪᠥᠬᠦ ᠬᠥᠮᠦᠨ ᠠᠮᠠ ᠶᠢᠨ ᠲᠤᠭ᠎ᠠ ᠨᠢ 5649 ᠪᠠᠶᠢᠨ᠎ᠠ᠃ | ᠪᠠᠶ ᠴᠢᠤᠸᠠᠨ ᠱᠠᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ | 0474-8386821 | | 8. ᠯᠢ ᠮᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ | ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠪᠠᠶ ᠴᠢᠤᠸᠠᠨ ᠱᠠᠨ ᠠᠭᠤᠯᠠ ᠶᠢᠨ ᠠᠮᠢ | ᠠᠬᠤᠶ ᠶᠢᠨ ᠶᠡᠭᠡ ᠵᠠᠮ ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ ᠂ | ᠡᠮᠦᠨ᠎ᠡ ᠠᠴᠠ 110 ᠤᠯᠤᠰ ᠤᠨ ᠵᠠᠮ᠂ ᠢᠦᠶ ᠱᠦ᠋ ᠸᠠᠨ ᠤ ᠵᠦᠷᠢᠯᠢᠭ ᠬᠥᠭᠦᠷᠭᠡ᠂ ᠤᠮᠠᠷᠠᠰᠢ ᠭᠤᠸᠠᠩ ᠫᠦ | ᠵᠠᠮ ᠬᠦᠷᠲᠠᠯᠡ᠃ ᠬᠠᠷᠢᠶ᠎ᠠ ᠣᠷᠣᠨ ᠤ ᠲᠠᠯᠠᠪᠠᠶ ᠨᠢ 2.5 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ | ᠡᠷᠦᠬᠡ ᠶᠢᠨ ᠲᠤᠭ᠎ᠠ ᠨᠢ 735 ᠪᠠᠶᠢᠵᠤ᠂ ᠪᠥᠬᠦ ᠬᠥᠮᠦᠨ ᠠᠮᠠ ᠶᠢᠨ ᠲᠤᠭ᠎ᠠ ᠨᠢ 1934 ᠬᠥᠮᠦᠨ ᠪᠣᠯᠤᠨ᠎ᠠ᠃ | | | | | | |