ᠴᠢ᠊· ᠳᠠᠯᠠᠨᠲᠠᠢ ᠲᠢᠶᠠᠨ ᠴᠧᠩ ᠶᠢᠨ ᠰᠢᠶᠠᠩ ᠰᠠᠭᠤᠭᠠᠯᠢ ᠲᠣᠭᠤᠷᠢᠭ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠪᠠ ᠨᠤᠷᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/11/4
         11 ᠰᠠᠷ᠎ᠠ ᠶᠢᠨ 3᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ  ᠴᠢ᠊·  ᠳᠠᠯᠠᠨᠲᠠᠢ ᠲᠢᠶᠠᠨ ᠴᠧᠩ ᠶᠢᠨ ᠰᠢᠶᠠᠩ ᠰᠠᠭᠤᠭᠠᠯᠢ ᠲᠣᠭᠤᠷᠢᠭ ᠲᠤ ᠬᠦᠷᠴᠦ᠂ ᠡᠪᠦᠯ ᠤᠨ ᠤᠯᠠᠷᠢᠯ ᠤᠨ  ᠳᠤᠯᠠᠭᠠᠯᠠᠭ᠎ᠠ ᠶᠢᠨ ᠠᠰᠠᠭᠤᠳᠠᠯ ᠪᠣᠯᠤᠨ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ  ᠤᠨ ᠲᠤᠬᠠ᠊          ᠴᠢ᠊·  ᠳᠠᠯᠠᠨᠲᠠᠢ  ᠂ ᠲᠢᠶᠠᠨ ᠴᠧᠩ ᠶᠢᠨ ᠰᠢᠶᠠᠩ ᠰᠠᠭᠤᠭᠠᠯᠢ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠲᠥᠯᠥᠪᠵᠢᠭᠦᠯᠪᠡ᠂ ᠪᠠᠷᠢᠯᠭ᠎ᠠ ᠶᠢᠨ ᠠᠬᠢᠴᠠ᠂ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠶᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠶᠢᠨ ᠪᠠᠲᠤᠯᠠᠭ᠎ᠠ᠂  ᠨᠤᠷᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃   ᠰᠠᠭᠤᠭᠠᠯᠢ ᠲᠤᠭᠤᠷᠢᠭ ᠤᠨ ᠬᠡᠰᠡᠭ ᠰᠠᠭᠤᠭᠠᠯᠢ ᠡᠷᠦᠬᠡ ᠶᠢᠨ ᠭᠡᠷ ᠲᠤ ᠳᠤᠯᠠᠭᠠᠯᠠᠭ᠎ᠠ ᠬᠠᠩᠭᠠᠭᠰᠠᠨ ᠦᠭᠡᠢ᠂  ᠨᠤᠷᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠳᠠᠭᠠᠨ ᠪᠠᠶᠢᠬᠤ ᠵᠡᠷᠭᠡ ᠠᠰᠠᠭᠤᠳᠠᠯ ᠢ ᠲᠤᠬᠠᠶ ᠶᠢᠨ ᠲᠠᠯᠠᠪᠠᠢ ᠳᠤ ᠲᠦᠷᠭᠡᠬᠡᠨ ᠰᠢᠶᠳᠪᠦᠷᠢᠯᠡᠬᠦ ᠬᠡᠷᠡᠭᠲᠡᠶ ᠭᠡᠵᠡᠢ  ᠃ ᠲᠡᠷᠡ ᠵᠢᠭᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠪᠣᠯ ᠠᠷᠠᠳ ᠤᠨ ᠠᠮᠢᠳᠤᠷᠠᠯ  ᠤᠨ ᠦᠨᠳᠦᠰᠦᠨ ᠠᠵᠢᠯ ᠮᠥᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯᠭᠡ ᠶᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠣᠭᠰᠣᠴᠠ ᠠᠴᠠ ᠦᠨᠡᠨ ᠬᠦ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂  ᠤᠶᠢᠯᠠᠭᠠᠯᠴᠠᠨ ᠨᠡᠪᠲᠡᠷᠡᠯᠴᠡᠵᠦ᠂ ᠰᠠᠭᠤᠭᠠᠯᠢ ᠲᠣᠭᠤᠷᠢᠭ ᠤᠨ ᠳᠤᠯᠠᠭᠠᠯᠠᠯᠭ᠎ᠠ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠢᠯᠴᠢ ᠬᠠᠩᠭᠠᠯᠲᠠ ᠶᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ︽ᠳᠤᠯᠠᠭᠠᠨ ᠡᠪᠦᠯ︾᠎ ᠢᠶᠠᠷ ︽ ᠬᠠᠯᠠᠭᠤᠨ ᠰᠡᠳᠬᠢᠯ︾᠎ ᠢ ᠰᠣᠯᠢᠨ᠎ᠠ  ᠭᠡᠵᠡᠢ᠃           ᠨᠤᠷᠠᠭᠠᠨ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠬᠤ ᠪᠥᠭᠡᠳ ᠪᠠᠰᠠ ᠴᠤ ᠠᠷᠠᠳ ᠣᠯᠠᠨ ᠤ ᠠᠩᠬᠠᠷᠤᠯ ᠤᠨ ᠲᠥᠪ ᠪᠣᠯᠬᠤ ᠶᠤᠮ᠃ ᠴᠢ᠊·  ᠳᠠᠯᠠᠨᠲᠠᠢ ᠣᠨᠴᠠᠯᠠᠨ ᠬᠡᠯᠡᠭᠰᠡᠨ ᠨᠢ  ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠰᠢᠨᠡᠴᠢᠯᠡᠨ ᠲᠡᠭᠦᠯᠳᠡᠷᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠨᠢᠭᠡᠳᠦᠯᠲᠡᠢ  ᠲᠥᠯᠥᠪᠵᠢᠭᠦᠯᠦᠨ  ᠰᠠᠶᠢᠲᠤᠷ ᠰᠢᠢᠳᠪᠦᠷᠢᠯᠡᠵᠦ᠂ ᠨᠤᠷᠠᠭᠠᠨ ᠨᠡᠭᠦᠯᠭᠡᠵᠦ ᠲᠥᠪᠬᠢᠨᠡᠭᠦᠯᠬᠦ ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠬᠠᠯᠠᠮᠰᠢᠯ ᠠᠰᠠᠭᠤᠳᠠᠯ ᠢ ᠰᠢᠯᠤᠭᠤᠳᠬᠠᠨ ᠰᠢᠶᠳᠪᠦᠷᠢᠯᠡᠬᠦ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠪᠡ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠳᠦᠷᠢᠮ  ᠢ  ᠴᠢᠩᠭ᠎ᠠ ᠨᠠᠶᠢᠳᠠᠪᠤᠷᠢᠵᠢᠭᠤᠯᠬᠤ᠂ ︽ᠭᠠᠷᠠᠭ  ᠪᠦᠷᠢ ᠲᠣᠬᠢᠷᠠᠭᠤᠯᠤᠯᠲᠠ ᠬᠢᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠨᠢᠭᠡᠳᠦᠭᠡᠷ ᠹᠷᠣᠨᠲ ᠲᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ᠂ ᠰᠠᠭᠤᠭᠠᠯᠢ ᠠᠷᠠᠳ ᠲᠠᠢ ᠨᠢᠭᠤᠷᠲᠠᠨ ᠶᠠᠷᠢᠯᠴᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠬᠦ ᠬᠡᠷᠡᠭᠲᠡᠶ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ᠡᠮᠬᠢ ᠵᠠᠮᠪᠠᠷᠠᠭ᠎ᠠ ᠦᠭᠡᠢ ᠦᠵᠡᠭᠳᠡᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠮᠠᠨ ᠤ  ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠬᠦ ᠬᠡᠷᠡᠭᠲᠡᠶ᠃ ᠣᠷᠣᠨ ᠰᠠᠭᠤᠴᠠ ᠪᠠᠨ ᠪᠠᠲᠤᠯᠠᠬᠤ ᠶᠢᠨ ᠬᠠᠮᠲᠤ  ᠂ ᠨᠡᠭᠦᠯᠭᠡᠵᠦ ᠲᠥᠪᠬᠢᠨᠡᠭᠦᠯᠬᠦ  ᠰᠠᠭᠤᠭᠠᠯᠢ ᠲᠣᠭᠤᠷᠢᠭ ᠤᠨ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ  ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠵᠠᠷᠴᠢᠮ ᠢᠶᠠᠷ ᠤᠯᠠᠨ ᠲᠦᠮᠡᠨ ᠤ ᠰᠢᠨ᠎ᠡ ᠭᠡᠷ ᠲᠤ ᠰᠠᠭᠤᠬᠤ ᠬᠦᠰᠡᠯ ᠡᠷᠡᠮᠡᠯᠵᠡᠯ ᠢ ᠪᠡᠶᠡᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠎ ᠳᠤ ᠵᠤᠬᠢᠰᠲᠠᠢ ᠬᠠᠷᠢᠭᠤ ᠥᠭᠴᠦ᠂  ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃         ᠲᠣᠭᠤᠷᠢᠭ ᠤᠨ ᠤᠳᠤᠷᠢᠳᠤᠯᠭ᠎ᠠ ᠵᠤᠤ ᠳ᠋ᠦᠩ᠂  ᠶᠤᠤ ᠬᠠᠢ ᠮᠢᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                             ᠵᠢᠷᠤᠭ᠄ ᠭᠦᠸᠧ ᠸᠧᠨ ᠵᠢᠶᠧ                                             ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2