| ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠲᠣᠪᠴᠢ ᠲᠠᠨᠢᠯᠴᠠᠭᠤᠯᠭ᠎ᠠ | ᠶᠤᠸᠠᠢ ᠯᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1973 ᠣᠨ ᠤ 11 ᠰᠠᠷ᠎ᠠ ᠳᠤ ᠲᠦᠷᠦᠵᠠᠢ᠂ ᠥᠪᠥᠷ | ᠮᠣᠩᠭᠤᠯ ᠤᠨ ᠹᠧᠩᠵᠧᠨ ᠤ ᠬᠥᠮᠦᠨ᠂ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ | ᠨᠠᠮᠲᠠᠷ ᠲᠠᠢ᠂ ᠲᠠᠷᠢᠶᠠᠯᠠᠩ ᠤᠨ ᠤᠬᠠᠭᠠᠨ ᠤ ᠣᠶᠤᠲᠠᠨ᠂ ᠥᠪᠥᠷ ᠮᠣᠩᠭᠤᠯ ᠤᠨ ᠤᠢ ᠰᠢᠭᠤᠢ ᠶᠢᠨ ᠳᠡᠭᠡᠳᠦ | ᠰᠤᠷᠭᠠᠭᠤᠯᠢ ᠶᠢᠨ ᠬᠥᠷᠥᠰᠥ ᠰᠢᠷᠣᠢ ᠶᠢ ᠬᠠᠮᠠᠭᠠᠯᠠᠬᠤ ᠲᠤᠰᠬᠠᠢ ᠮᠡᠷᠭᠡᠵᠢᠯ ᠠᠴᠠ ᠲᠡᠭᠦᠰᠴᠡᠢ᠃ ᠠᠵᠢᠯ ᠤᠨ | ᠪᠠᠶᠢᠷᠢ ᠶᠢᠨ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ | ᠲᠡᠭᠦᠰᠴᠡᠢ᠃ 1998 ᠣᠨ ᠤ 9 ᠰᠠᠷ᠎ᠠ ᠳᠤ ᠠᠵᠢᠯ ᠳᠤ ᠣᠷᠣᠵᠤ᠂ 1997 ᠣᠨ ᠤ 7 ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠪᠠ᠃ | ᠬᠤᠪᠢᠳᠠᠨ ᠬᠠᠮᠢᠶᠠᠷᠴᠤ ᠪᠠᠶᠢᠭ᠎ᠠ ᠠᠵᠢᠯ᠄ | ᠵᠠᠩ ᠶᠦᠩ ᠸᠧᠨ ᠨᠥᠬᠦᠷ ᠢ ᠬᠠᠪᠰᠤᠷᠤᠨ ᠨᠠᠮ ᠤᠨ ᠰᠤᠷᠭᠠᠭᠤᠯᠢ ᠶᠢᠨ ᠠᠵᠢᠯ ᠢ ᠬᠠᠷᠢᠭᠤᠴᠠᠵᠤ᠂ | ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ ᠃ | ᠵᠣᠬᠢᠶᠠᠨ ᠪᠠᠶᠢᠭᠤᠯᠬᠤ᠂ ᠺᠠᠳ᠋ᠷ᠂ ᠣᠷᠣᠨ ᠲᠤᠭ᠎ᠠ᠂ ᠴᠢᠳᠠᠪᠤᠷᠢᠲᠠᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ | ᠠᠬᠠᠮᠠᠳ ᠺᠠᠳ᠋ᠷ ᠤᠨ ᠲᠤᠪᠴᠢᠶ᠎ᠠ᠂ ᠠᠯᠪᠠᠲᠠᠨ ᠤ ᠲᠤᠪᠴᠢᠶ᠎ᠠ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ | |