ᠮᠠᠨ ᠤ ᠬᠤᠲᠠ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠥ ᠦᠢᠯᠡᠳᠪᠤᠷᠢᠯᠡᠯ ᠢᠶᠠᠨ ᠰᠡᠷᠭᠦᠬᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/12/2
        ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠳᠤᠮᠳᠠ ᠂ ᠮᠠᠨ ᠤ ᠬᠤᠳᠠ ︽ᠳᠠᠷᠤᠭᠠᠰᠤ ᠶᠢ ᠬᠥᠩᠭᠡᠷᠡᠭᠦᠯᠣᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠥᠷᠭᠡᠳᠬᠡᠬᠦ︾᠎ ᠶᠢ ᠪᠠᠷᠢᠮᠲᠠᠯᠠᠵᠤ᠂ ᠪᠣᠳᠠᠲᠠᠢ ᠠᠷᠭ᠎ᠠ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠲᠠᠢ ᠬᠠᠲᠠᠭᠤ ᠪᠡᠷᠭᠡ ᠴᠠᠬ ᠬᠤᠭᠤᠴᠠᠭ᠎ᠠ ᠶᠢ ᠬᠠᠮᠲᠤᠪᠠᠷ ᠲᠤᠭᠤᠯᠵᠤ᠂ ᠠᠵᠤ ᠠᠬᠤᠶᠢᠯᠠᠯ ᠳᠤ ᠦᠨᠡᠨ ᠪᠣᠳᠠᠲᠠᠢ ᠳᠡᠮᠵᠢᠯᠭᠡ ᠦᠵᠡᠭᠦᠯᠵᠡᠢ᠃        ᠦᠢᠯᠡᠳᠪᠤᠷᠢᠯᠡᠯ ᠡᠵᠡᠩᠨᠡᠯᠲᠡ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠦᠭᠰᠡᠨ ᠬᠢᠵᠢᠭ ᠤᠨ ᠨᠥᠯᠥᠭᠡ ᠶᠢ ᠪᠠᠭᠤᠷᠠᠭᠤᠯᠬᠤ ᠶᠢᠨ ᠲᠥᠯᠥᠭᠡ᠂ ᠮᠠᠨ ᠤ ᠬᠤᠲᠠ ᠣᠯᠠᠨ ᠵᠦᠶ᠋ᠯ ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠥ  ᠦᠢᠯᠡᠳᠪᠤᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃ ᠵᠢᠱᠢᠶᠡᠯᠡᠪᠡᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ ᠪᠤᠴᠠᠭᠠᠬᠤ ᠡᠷᠴᠢᠮ ᠢ ᠴᠢᠩᠭᠠᠷᠠᠭᠤᠯᠣᠨ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠵᠥ᠂ ᠠᠵᠤ ᠠᠬᠤᠶᠢᠯᠠᠯ ᠢ ᠲᠠᠷᠣᠭᠠᠰᠥ ᠥᠬᠡᠢ ᠣᠷᠣᠬᠰᠢᠯᠠᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠪᠡ︔ ᠬᠥᠯᠥᠰᠥᠨ ᠠᠵᠢᠯᠴᠢᠨ ᠢ ᠬᠠᠪᠰᠤᠷᠤᠨ ᠣᠶᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠨᠢᠭᠡ ᠪᠦᠯᠦᠭ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠥᠯᠥᠰᠥᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠰᠡᠷᠭᠦᠭᠡᠬᠦ ᠪᠣᠲᠠᠲᠠᠢ ᠦᠶ᠋ᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠪᠠ︔ ᠦᠶ᠋ᠯᠡᠰ ᠴᠣᠭᠴᠠᠯᠠᠬᠤ ᠪᠠᠲᠣᠯᠠᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠦᠯᠵᠢᠶᠡᠨ ᠳᠡᠭᠡᠷ᠎ᠡ ᠠᠵᠢᠯᠲᠠᠨ ᠤᠷᠢᠬᠤ ᠡᠷᠴᠢᠮ ᠢ ᠴᠢᠩᠭᠠᠷᠠᠭᠤᠯᠪᠠ ᠁ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠠᠵᠢᠯ ᠢᠶᠠᠨ ᠡᠬᠢᠯᠡᠬᠦᠯᠵᠥ ᠥᠢᠯᠡᠳᠪᠥᠷᠢᠯᠡᠯ ᠢᠶᠠᠨ ᠰᠡᠷᠭᠦᠭᠡᠬᠦ ᠳᠤ ᠠᠮᠢᠵᠢᠷᠠᠯ ᠤᠨ ᠭᠥᠴᠥᠨ ᠨᠡᠮᠡᠷᠢᠯᠡᠪᠡ᠃         ︽ᠵᠥᠪᠬᠡᠨ ᠲᠤᠷᠰᠢᠵᠤ ᠥᠵᠡᠶ᠎ᠡ ᠬᠡᠰᠡᠨ ᠶᠣᠮ᠂ ᠦᠨᠡᠬᠡᠷ ᠠᠵᠢᠯ ᠣᠯᠤᠨ᠎ᠠ ᠭᠡᠵᠦ ᠪᠣᠳᠣᠵᠤ ᠣᠯᠤᠭᠰᠠᠨ ᠦᠭᠡᠢ︕︾ ᠲᠦᠷᠦᠭᠦᠬᠡᠨ᠂ ᠮᠠᠨ ᠤ ᠬᠤᠲᠠ ︽ᠬᠢᠵᠢᠭ ᠢ ᠣᠰᠠᠳᠬᠠᠵᠥ᠂ ᠠᠵᠤ ᠠᠬᠤᠶᠢᠯᠠᠯ ᠢ ᠲᠤᠰᠠᠯᠠᠬᠤ᠂ ᠠᠵᠢᠯ ᠣᠯᠭᠤᠯᠳᠠ ᠶᠢ ᠲᠣᠭᠲᠠᠪᠤᠷᠢᠵᠢᠭᠤᠯᠬᠤ︾ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠭᠠᠷᠠᠭ ᠤᠨ ᠠᠵᠢᠯᠯᠠᠭ᠎ᠠ ᠶᠢ ᠡᠷᠭᠢᠯᠡᠵᠦ᠂ ᠬᠡᠷ ᠲᠡᠭᠡᠨ ᠬᠤᠶᠠᠷ ᠰᠠᠷ᠎ᠠ ᠠᠵᠢᠯ ᠬᠦᠯᠢᠶᠡᠭᠰᠡᠨ ᠳ᠋ᠦᠩ ᠰᠢᠩ ᠵᠢᠶᠧ ᠲᠤᠷᠰᠢᠵᠤ ᠦᠵᠡᠬᠦ ᠰᠠᠨᠠᠭ᠎ᠠ ᠲᠠᠢ ᠠᠵᠢᠯᠲᠠᠨ ᠡᠯᠰᠡᠬᠦ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠣᠷᠣᠵᠤ᠂ ᠨᠢᠭᠡ ᠡᠭᠡᠯᠵᠢ ᠶᠢᠨ ᠬᠢᠨᠠᠨ ᠰᠢᠯᠭᠠᠯᠲᠠ ᠪᠠᠷ ᠳᠡᠮᠵᠢᠨ ᠠᠮᠵᠢᠯᠲᠠᠲᠠᠶ ᠡᠯᠰᠡᠭᠲᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ 5 ᠡᠳᠦᠷ ᠤᠨ ᠬᠤᠭᠤᠴᠠᠭ᠎ᠠ ᠲᠠᠢ ︽ᠡᠭᠦᠯᠡᠨ ᠤᠷᠢᠯᠲᠠ︾᠎ ᠳᠤ᠂ ᠨᠡᠶᠢᠲᠡ 149 ᠠᠵᠤ ᠠᠬᠤᠶᠢᠯᠠᠯ ᠲᠣᠰ ᠤᠳᠠᠭᠠᠨ ᠤ ᠰᠦᠯᠵᠢᠶᠡᠨ ᠳᠡᠭᠡᠷ᠎ᠡ ᠠᠵᠢᠯᠳᠠᠨ ᠡᠯᠰᠡᠬᠦ ᠭᠠᠷᠠᠭ ᠤᠨ ᠠᠵᠢᠯᠯᠠᠭ᠎ᠠ ᠳᠤ ᠣᠷᠣᠯᠴᠠᠵᠤ᠂ 8152 ᠠᠵᠢᠯ ᠤᠨ ᠪᠠᠶᠢᠷᠢ ᠬᠠᠩᠭᠠᠵᠤ᠂ ᠬᠤᠷᠠᠯ ᠤᠨ ᠲᠠᠯᠠᠪᠠᠶ ᠳᠤ ᠢᠷᠡᠵᠥ ᠣᠷᠣᠯᠴᠠᠬᠰᠠᠨ ᠬᠥᠮᠥᠨ ᠤ ᠲᠤᠭ᠎ᠠ ᠬᠠᠮᠤᠭ ᠥᠨᠳᠥᠷ ᠲᠡᠭᠡᠨ 87125 ᠬᠥᠮᠦᠨ ᠳᠤ ᠬᠥᠷᠴᠥ᠂ 9509 ᠬᠥᠮᠦᠨ ᠤᠳᠠᠭ᠎ᠠ ᠰᠦᠯᠵᠢᠶᠡᠨ ᠳᠡᠭᠡᠷ᠎ᠡ ᠵᠥᠪᠳᠡᠯᠴᠡᠨ ᠶᠠᠷᠢᠯᠴᠠᠵᠤ᠂ 5836 ᠬᠥᠮᠦᠨ ᠠᠩᠬ᠎ᠠ ᠠᠯᠬᠤᠮ ᠤᠨ ᠠᠵᠢᠯ ᠤᠨ ᠪᠠᠶᠢᠷᠢ ᠶᠢᠨ ᠬᠠᠨᠲᠣᠯᠭ᠎ᠠ ᠲᠠᠢ ᠪᠣᠯᠪᠠ᠃           ᠠᠵᠤ ᠠᠬᠤᠶᠢᠯᠠᠯ ᠬᠡᠷᠡᠭᠴᠡᠭᠡ ᠲᠠᠢ ᠪᠣᠯ᠂ ᠵᠠᠰᠠᠭ ᠤᠨ ᠣᠷᠳᠣᠨ ᠥᠢᠯᠡᠴᠢᠯᠡᠨ᠎ᠡ᠃ ᠬᠤᠲᠠ ᠶᠢᠨ ᠬᠥᠳᠡᠯᠮᠦᠷᠢ ᠠᠵᠢᠯ ᠣᠯᠭᠤᠯᠲᠠ ᠶᠢᠨ  ᠦᠢᠯᠡᠴᠢᠯᠡᠬᠡᠨ ᠤ ᠲᠣᠪᠴᠢᠶ᠎ᠠ ᠶᠢᠨ ᠳᠠᠷᠤᠭ᠎ᠠ ᠯᠢ ᠸᠧᠶ ᠳ᠋ᠦᠩ ᠲᠠᠨᠢᠯᠴᠠᠭᠤᠯᠬᠤ ᠳᠠᠭᠠᠨ᠂ ᠠᠵᠤ ᠠᠬᠤᠶᠢᠯᠠᠯ ᠤᠨ  ᠦᠢᠯᠡᠳᠪᠤᠷᠢᠯᠡᠯ᠂ ᠡᠵᠡᠩᠨᠡᠯᠲᠡ ᠳᠤ ᠦᠵᠡᠭᠦᠯᠬᠦ ᠬᠢᠵᠢᠭ ᠤᠨ ᠨᠥᠯᠥᠭᠡ ᠶᠢ ᠦᠨᠡᠨ ᠬᠦ ᠪᠠᠭᠠᠰᠬᠠᠬᠤ ᠶᠢᠨ ᠲᠥᠯᠥᠭᠡ᠂ ᠬᠤᠲᠠ ᠶᠢᠨ ᠠᠵᠢᠯ ᠣᠯᠭᠤᠬᠤ ᠲᠣᠪᠴᠢᠶ᠎ᠠ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠠᠵᠢᠯᠲᠠᠨ ᠬᠠᠰᠤᠬᠤ ᠥᠬᠡᠶ᠂ ᠣᠷᠣᠨ ᠲᠤᠭ᠎ᠠ ᠶᠢ ᠬᠠᠰᠣᠬᠤ ᠶᠢ ᠴᠥᠬᠡᠳᠭᠡᠬᠦ᠂ ᠨᠥᠬᠦᠴᠡᠯ ᠳᠤ ᠨᠡᠶᠢᠴᠡᠬᠦ ᠬᠥᠮᠦᠨ ᠬᠡᠷᠡᠭᠯᠡᠬᠦ ᠨᠢᠭᠡᠴᠡ ᠳᠤ ᠲᠣᠰ ᠨᠢᠭᠡᠴᠡ ᠵᠢᠴᠢ ᠲᠡᠭᠦᠨ ᠤ ᠠᠵᠢᠯᠲᠠᠨ ᠠᠵᠢᠯᠴᠢᠨ ᠤ ᠲᠦᠷᠦᠭᠦᠤ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠪᠥᠬᠦ ᠲᠣᠭᠠᠨ ᠤ 50%᠎ ᠶᠢ ᠪᠤᠴᠠᠭᠠᠨ ᠥᠭᠭᠦᠨ᠎ᠡ︔ ᠬᠢᠵᠢᠭ ᠤᠨ ᠬᠤᠭᠤᠴᠠᠭᠠᠨ ᠳᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠠᠵᠢᠯ ᠤᠨ ᠪᠠᠶᠢᠷᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠠᠵᠢᠯ ᠵᠣᠭᠰᠣᠭᠠᠬᠤ ᠬᠤᠭᠤᠴᠠᠭ᠎ᠠ᠂ ᠰᠡᠷᠭᠦᠭᠡᠬᠦ ᠬᠤᠭᠤᠴᠠᠭᠠᠨ ᠳᠤ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠠ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠤᠯᠪᠠᠯ᠂ ᠲᠣᠭᠲᠠᠭᠠᠯ ᠶᠣᠰᠣᠭᠠᠷ ᠨᠥᠬᠦᠪᠥᠷᠢ ᠶᠢᠨ ᠲᠥᠷᠥᠯ ᠤᠨ ᠪᠣᠯᠪᠠᠰᠤᠷᠠᠯ ᠤᠨ ᠬᠡᠪᠴᠢᠶᠡᠨ ᠳᠤ ᠣᠷᠣᠭᠤᠯᠵᠤ ᠪᠣᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠣᠶᠢᠯᠠᠭᠠᠵᠤ᠂ ᠠᠵᠢᠯ ᠣᠯᠬᠤ ᠰᠠᠨᠠᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ᠂ ᠥᠡᠭᠬᠡᠷᠡᠭᠰᠡᠨ ᠵᠢᠯ ᠪᠠ ᠤᠳᠤ ᠪᠠᠷ ᠢᠶᠠᠨ ᠶᠡᠭᠡ ᠳᠡᠭᠡᠳᠥ ᠰᠤᠷᠭᠠᠭᠤᠯᠢ ᠲᠡᠭᠦᠰᠦᠭᠰᠡᠳ ᠪᠣᠯᠤᠨ ᠭᠠᠳᠠᠭᠰᠢ ᠭᠠᠷᠴᠤ ᠬᠦᠯᠦᠰᠦᠨ ᠠᠵᠢᠯ ᠬᠢᠬᠦ ᠪᠠᠷ ᠪᠠᠶᠢᠭ᠎ᠠ ᠮᠠᠯᠴᠢᠨ ᠲᠠᠷᠢᠶᠠᠴᠢᠳ ᠤᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠤᠭᠯᠠᠭᠤᠯᠤᠨ᠂ ᠠᠵᠢᠯ ᠣᠯᠭᠤᠬᠤ ᠠᠵᠢᠯ ᠤᠨ ᠪᠠᠶᠢᠷᠢ ᠶᠢᠨ ᠨᠥᠭᠡᠴᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠡᠯ᠎ᠡ ᠲᠥᠷᠥᠯ ᠤᠨ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠬᠦᠯᠵᠥ ᠦᠢᠯᠡᠳᠪᠤᠷᠢᠯᠡᠯ ᠢᠶᠠᠨ ᠰᠡᠷᠭᠦᠭᠡᠬᠦ ᠶᠢ ᠠᠬᠢᠭᠤᠯᠣᠨ᠎ᠠ ᠬᠡᠵᠠᠢ᠃          ︽ᠬᠢᠵᠢᠭ ᠡᠷᠲᠡ ᠣᠷᠣᠶ ᠥᠬᠡᠶ ᠥᠡᠭᠬᠡᠷᠡᠨ᠎ᠡ᠂ ᠵᠠᠬ᠎ᠠ ᠳᠡᠯᠭᠡᠭᠦᠷ ᠤᠨ ᠬᠡᠷᠡᠭᠴᠡᠭᠡ ᠤᠯᠠᠮ ᠢᠶᠠᠷ ᠨᠡᠮᠡᠭᠳᠡᠬᠦ ᠶᠢ ᠳᠠᠭᠠᠯᠳᠤᠨ᠂ ᠺᠣᠮᠫᠠᠨᠢ ᠨᠢᠭᠡᠪᠦᠷᠢ ᠶᠢᠨ ᠠᠵᠢᠯᠴᠢᠨ ᠡᠯᠰᠡᠬᠦ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠨ᠎ᠡ᠃ ᠠᠵᠤ ᠠᠬᠤᠶᠢᠯᠠᠯ ᠳᠤ ᠬᠥᠯ ᠲᠤᠭᠳᠠᠶ᠎ᠠ ᠭᠡᠪᠡᠯ᠂ ᠥᠪᠡᠷ ᠤᠨ ᠤᠷ᠎ᠠ ᠴᠢᠳᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠬᠦᠯᠵᠥ᠂ ᠬᠢᠵᠢᠭ ᠤᠨ ᠬᠤᠭᠤᠴᠠᠭᠠᠨ ᠳᠤ ᠴᠤ ᠬᠤᠶᠢᠷᠭᠤᠰᠢᠵᠥ ᠪᠣᠯᠬᠤ ᠥᠬᠡᠶ︾ ᠤᠯᠠᠭᠠᠨ ᠮᠧᠶ ᠠᠳᠠᠯ ᠠᠬᠤᠢ ᠶᠢᠨ ᠦᠢᠯᠡᠴᠢᠯᠡᠬᠡᠨ ᠤ ᠺᠣᠮᠫᠠᠨᠢ ᠳᠤ ᠤᠳᠠᠭᠠᠨ ᠵᠢᠯ ᠠᠵᠢᠯᠯᠠᠭᠰᠠᠨ ᠠᠰᠠᠷᠠᠬᠴᠢ ᠶᠤᠸᠠᠢ ᠮᠢᠩ ᠮᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠲᠠ ᠶᠢᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠬᠡᠨ ᠤ ᠲᠣᠪᠴᠢᠶ᠎ᠠ ᠠᠴᠠ ᠤᠯᠠᠭᠠᠨ ᠮᠧᠶ ᠠᠳᠠᠯ ᠠᠬᠤᠢ ᠶᠢᠨ ᠦᠢᠯᠡᠴᠢᠯᠡᠬᠡᠨ ᠤ ᠺᠣᠮᠫᠠᠨᠢ ᠶᠢ ᠢᠳᠡᠪᠬᠢᠲᠡᠶ ᠬᠥᠲᠥᠯᠦᠨ ᠵᠢᠯᠣᠭᠤᠳᠴᠤ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠸᠢᠴᠠᠲ᠂ ᠣᠯᠠᠨ ᠨᠡᠶᠢᠲᠡ ᠶᠢᠨ ᠲᠠᠪᠴᠠᠩ᠂ ᠤᠯᠠᠭᠠᠨ ᠮᠧᠶ ᠺᠣᠮᠫᠠᠨᠢ ᠶᠢᠨ ᠰᠦᠯᠵᠢᠶᠡᠨ ᠤ ᠲᠣᠬᠢᠷᠠᠭᠤᠯᠣᠬᠰᠠᠨ ᠰᠢᠮ᠎ᠡ ᠲᠡᠵᠢᠭᠡᠯ ᠲᠠᠢ ᠬᠤᠭᠤᠯᠠ᠂ ᠨᠢᠯᠬ᠎ᠠ ᠬᠡᠤᠬᠡᠳ ᠬᠥᠮᠦᠵᠢᠭᠦᠯᠦᠭᠴᠢ ᠶᠢᠨ ᠬᠢᠴᠢᠶᠡᠯ ᠢᠶᠠᠷ ᠳᠠᠮᠵᠢᠭᠤᠯᠤᠨ᠂ ᠲᠠᠷᠣᠮ ᠤᠨ ᠲᠤᠭ᠎ᠠ ᠨᠢ 16000 ᠭᠠᠷᠤᠶ ᠬᠥᠮᠦᠨ ᠤᠳᠠᠭ᠎ᠠ ᠳᠤ ᠬᠦᠷᠴᠡᠶ ᠭᠡᠵᠡᠶ᠃ ︽ᠪᠢᠳᠡ ᠰᠦᠯᠵᠢᠶᠡᠨ ᠳᠡᠭᠡᠷᠡᠬᠢ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠨ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠣᠩ ᠲᠠᠳᠮᠠᠭᠠᠢ ᠪᠣᠯᠣᠬᠰᠠᠨ᠂ ᠪᠢ ᠤᠳᠠᠯ ᠦᠭᠡᠢ ᠠᠵᠢᠯ ᠤᠨ ᠪᠠᠶᠢᠷᠢ ᠳᠤ ᠭᠠᠷᠴᠥ ᠠᠵᠢᠯᠯᠠᠬᠤ ᠪᠣᠯᠣᠨ᠎ᠠ︾ ᠬᠡᠯ᠎ᠡ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2