ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2020/12/28
        2020 ᠣᠨ ᠤ 10 ᠰᠠᠷ᠎ᠠ ᠶᠢᠨ 16᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠎ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ  ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠡᠷᠭᠡ ᠪᠤᠰᠤᠳ ᠶᠠᠪᠤᠳᠠᠯ ᠢ ᠰᠤᠳᠤᠯᠤᠨ ᠬᠢᠨᠠᠨ ᠶᠠᠷᠢᠯᠴᠠᠪᠠ᠃ ᠤᠳᠤ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄         ᠬᠤᠷᠠᠯ ᠠᠴᠠ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠤᠨ ᠭᠤᠷᠪᠠᠳᠤᠭᠠᠷ ᠤᠳᠠᠭ᠎ᠠ ᠶᠢᠨ ᠲᠥᠪ ᠤᠨ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠱᠧᠨᠵᠧᠨ ᠤ ᠠᠵᠤ ᠠᠬᠤᠢ ᠶᠢᠨ ᠣᠨᠴᠠᠭᠠᠢ ᠣᠷᠣᠨ  ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠨᠠᠶᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠢ ᠲᠣᠭᠤᠷᠢᠨ ᠪᠠᠶᠢᠴᠠᠭᠠᠬᠤ ᠲᠠᠶᠢᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠬᠡᠷᠡᠭᠵᠢᠭᠦᠯᠬᠦ ᠠᠷᠭ᠎ᠠ︾᠎ ᠶᠢ ᠤᠯᠠᠮᠵᠢᠯᠠᠨ ᠰᠤᠷᠤᠯᠴᠠᠪᠠ᠃         ᠬᠤᠷᠠᠯ ᠠᠴᠠ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃         ᠬᠤᠷᠠᠯ ᠠᠴᠠ ᠱᠠᠭᠠᠷᠳᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠴᠢᠬᠤᠯᠠ  ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠪᠣᠯᠪᠠᠰᠤᠷᠠᠯ ᠢᠶᠠᠨ ᠴᠢᠩᠭᠠᠳᠬᠠᠵᠤ᠂  ᠠᠷᠠᠳ ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠵᠦ᠂ ︽ᠲᠤᠯᠤᠭᠠᠨ ᠵᠦᠶᠯ ᠤᠨ ᠴᠢᠳᠠᠪᠤᠷᠢ︾᠎ ᠶᠢ ᠳᠠᠪᠲᠠᠨ ᠪᠣᠯᠪᠠᠰᠤᠷᠠᠭᠤᠯᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠴᠠᠭ ᠦᠶ᠎ᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ᠎ᠡ᠃ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠢᠲᠡᠭᠡᠯ ᠪᠠ ᠡᠷᠴᠢ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲ᠊ ᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃         ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ  ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠭᠦᠢᠴᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠳᠥᠷᠪᠡᠨ ᠰᠤᠷᠲᠠᠯ︾᠎ ᠢ ᠴᠥᠬᠦᠷᠡᠰᠢ ᠦᠭᠡᠢ ᠵᠠᠰᠠᠨ ᠵᠠᠯᠠᠷᠠᠭᠤᠯᠵᠤ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠢᠯᠵᠠᠷᠠᠬᠤ ᠵᠣᠷᠢᠭ ᠥᠬᠡᠶ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ  ᠴᠣᠭᠴᠠᠵᠢᠭᠤᠯᠤᠨ᠊ ᠠᠬᠢᠭᠤᠯᠤᠨ᠎ᠠ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠳᠤ ᠶᠢ ᠪᠠᠷᠠᠯᠠᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾  ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠳᠠᠯᠳᠤᠭ᠎ᠠ ᠡᠵᠡᠩᠨᠡᠬᠦ  ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠡᠯᠡ ᠣᠷᠣᠭᠤᠯᠤᠯᠲᠠ ᠬᠡᠷᠡᠭᠯᠡᠭᠡ ᠶᠢ ᠠᠬᠢᠭᠤᠯᠬᠤ᠂ ᠤᠯᠠᠨ ᠨᠡᠶᠢᠲᠡ ᠶᠢᠨ  ᠡᠷᠡᠭᠦᠯ ᠬᠠᠮᠠᠭᠠᠯᠠᠯ ᠤᠨ ᠰᠢᠰᠲ᠋ᠧᠮ ᠪᠣᠯᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠵᠠᠩᠭᠢᠯᠠᠭ᠎ᠠ ᠶᠢᠨ ᠴᠢᠨᠠᠷᠲᠠᠶ ᠥᠭᠡᠷᠡᠴᠢᠯᠡᠯᠲᠡ ᠶᠢ ᠪᠠᠶᠢᠷᠢᠯᠠᠭᠤᠯᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2