ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2020/12/28
        2020 ᠣᠨ ᠤ 10 ᠰᠠᠷ᠎ᠠ ᠶᠢᠨ 29᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠢ ᠬᠤᠩ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠭᠠᠳᠠᠭᠠᠳᠤ ᠳᠤ ᠭᠠᠷᠴᠤ ᠳᠠᠶᠢᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠪᠤᠰᠤᠳ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠤᠳᠤ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄        ᠬᠤᠷᠠᠯ ᠠᠴᠠ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ  ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ  ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠢᠨ ᠬᠢᠭᠰᠡᠨ 70 ᠵᠢᠯ ᠤᠨ ᠤᠢ ᠶᠢ ᠳᠤᠷᠠᠰᠬᠠᠬᠤ  ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ 10 ᠰᠠᠷ᠎ᠠ ᠶᠢᠨ 22᠎ ᠤᠨ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠪᠠ︔ ᠪᠦ᠋ ᠰᠢᠶᠤᠤ ᠯᠢᠨ ᠨᠥᠬᠦᠷ ᠤᠨ ᠪᠦᠬᠦ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠳᠡᠭᠡᠷᠡᠬᠢ ᠶᠠᠷᠢᠶ᠎ᠠ ᠵᠡᠷᠭᠡ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠠᠶ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂  ᠰᠠᠬᠢᠨ᠊ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ᠪᠦᠬᠦ ᠣᠷᠣᠨ ᠳᠤ ᠪᠠᠭᠠᠲᠤᠷᠴᠤᠳ ᠢ ᠰᠤᠷᠤᠯᠴᠠᠬᠤ᠂ ᠪᠠᠭᠠᠲᠤᠷᠴᠤᠳ ᠢ ᠡᠷᠬᠢᠮᠯᠡᠬᠦ᠂ ᠪᠠᠭᠠᠲᠤᠷᠴᠤᠳ ᠢ  ᠬᠠᠶᠢᠷᠠᠯᠡᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠠᠬᠠᠮᠠᠳ ᠪᠠᠶᠢᠯᠳᠤᠭᠴᠢ ᠵᠢᠴᠢ ᠭᠡᠷ ᠪᠦᠯᠢ ᠶᠢᠨ ᠬᠢᠨ ᠤ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠬᠦ ᠬᠡᠷᠡᠭᠲᠡᠶ᠃ ᠡᠬᠡ ᠣᠷᠣᠨᠴᠢ ᠦᠵᠡᠯ ᠢᠶᠠᠨ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ  ᠵᠢᠯᠣᠭᠤᠳᠴᠤ᠂ ᠰᠢᠷᠭᠠᠭᠤ ᠬᠠᠲᠠᠭᠤᠵᠢᠯᠲᠠᠶ ᠲᠡᠮᠡᠴᠡᠬᠦ ᠲᠡᠮᠡᠴᠡᠯ ᠤᠨ ᠵᠣᠷᠢᠭ ᠪᠣᠯᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ ᠣᠳᠣᠬᠠᠨ ᠤ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃         ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠶᠠᠳᠠᠭᠤ ᠠᠴᠠ  ᠠᠩᠬᠢᠵᠢᠷᠠᠭᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂  ᠨᠠᠷᠢᠯᠢᠭᠵᠢᠭᠤᠯᠤᠭᠰᠠᠨ ᠱᠠᠭᠠᠷᠳᠠᠯᠭ᠎ᠠ ᠶᠢ ᠬᠤᠲᠠ ᠶᠢᠨ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠦᠬᠦ ᠶᠠᠪᠤᠴᠠ ᠳᠤ ᠦᠨᠡᠨᠬᠦ ᠨᠠᠶᠢᠳᠠᠪᠤᠷᠢᠵᠢᠭᠤᠯᠬᠤ᠂ ᠬᠤᠲᠠ ᠶᠢᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠠᠰᠠᠭᠤᠳᠠᠯ ᠢ ᠳᠡᠭᠡᠰᠦ ᠬᠡᠮᠵᠢᠶ᠎ᠡ ᠪᠠᠷ ᠠᠩᠬᠠᠷᠤᠨ ᠰᠢᠶᠳᠪᠦᠷᠢᠯᠡᠵᠦ᠂ ᠬᠤᠲᠠ ᠶᠢᠨ ᠣᠷᠴᠢᠨ ᠲᠣᠭᠤᠷᠢᠨ᠂ ᠵᠠᠮ ᠲᠦᠭᠵᠢᠷᠡᠯ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ  ᠨᠡᠮᠡᠭᠳᠡᠭᠦᠯᠵᠦ᠂ ᠬᠠᠭᠤᠴᠢᠨ ᠲᠣᠭᠤᠷᠢᠭ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ  ᠲᠣᠷᠰᠢᠯᠲᠠ ᠬᠢᠬᠦ᠂ ᠬᠤᠲᠠ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠤᠯᠠᠨ ᠲᠦᠮᠡᠨ ᠢ ᠬᠤᠳᠠ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃ ᠬᠤᠷᠠᠯ ᠳᠡᠭᠡᠷ᠎ᠡ ᠶᠠᠷᠢᠯᠴᠠᠭᠰᠠᠨ ᠰᠠᠨᠠᠯ ᠢ ᠬᠢᠨᠠᠮᠠᠭᠠᠶ ᠬᠦᠯᠢᠶᠡᠨ ᠠᠪᠴᠤ᠂ ᠡᠯ᠎ᠡ ᠵᠦᠢᠯ ᠤᠨ ᠲᠥᠰᠦᠯ ᠤᠨ  ᠠᠭᠤᠯᠭ᠎ᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠂ ᠬᠡᠷᠡᠭᠵᠢᠭᠦᠯᠬᠦ ᠠᠷᠭ᠎ᠠ ᠵᠠᠮ᠂ ᠬᠠᠷᠠᠯᠲᠠᠲᠤ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠵᠦᠶᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠤᠨ᠎ᠠ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2