ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2020/12/28
       2020 ᠣᠨ ᠤ 12 ᠰᠠᠷ᠎ᠠ ᠶᠢᠨ 2᠎ ᠤᠨ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 19  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠳᠥᠯᠭᠢᠨ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠠᠬᠢ ᠬᠠᠤᠯᠢᠵᠢᠯ ᠤᠨ ᠢᠳᠡᠪᠬᠢ ᠦᠢᠯᠡᠳᠦᠯ ᠢ ᠪᠠᠳᠠᠷᠠᠭᠤᠯᠤᠶ᠎ᠠ︾︔ ᠬᠤᠷᠠᠯ ᠠᠴᠠ ᠵᠢᠨᠢᠩ ᠲᠣᠭᠤᠷᠢᠭ ᠤᠨ ᠲᠥᠷᠥᠯ ᠵᠦᠶᠯ ᠤᠨ ᠤᠬᠠᠭᠠᠯᠠᠨ ᠨᠥᠭᠡᠴᠡᠯᠡᠬᠦ ᠠᠵᠢᠯ᠂ 2020 ᠣᠨ ᠤ ᠬᠤᠲᠠ  ᠶᠢᠨ ᠴᠡᠴᠡᠷᠯᠢᠭ ᠤᠨ ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠵᠡᠷᠭᠡ ᠪᠤᠰᠤᠳ ᠬᠠᠮᠢᠶ᠎ᠠ ᠪᠥᠬᠦᠶ ᠵᠦᠶᠯᠡᠰ ᠢ ᠰᠤᠳᠤᠯᠤᠨ ᠬᠢᠨᠠᠨ ᠵᠥᠪᠯᠡᠪᠡ᠃ ᠤᠳᠤ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠪᠥᠬᠦ ᠲᠠᠯ ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠳᠥᠯᠭᠢᠨ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠠᠬᠢ ᠬᠠᠤᠯᠢᠵᠢᠯ ᠤᠨ ᠢᠳᠡᠪᠬᠢ ᠦᠢᠯᠡᠳᠦᠯ ᠢ ᠪᠠᠳᠠᠷᠠᠭᠤᠯᠤᠶ᠎ᠠ︾︔ 11 ᠳ᠋ᠦᠭᠡᠷ ᠰᠠᠷ᠎ᠠ ᠶᠢᠨ 16᠎ ᠤ ᠡᠳᠦᠷ ᠤᠨ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ᠂ 7 ᠳ᠋ᠤᠭᠠᠷ ᠰᠠᠷ᠎ᠠ ᠶᠢᠨ 17᠎ ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ  ᠠᠵᠢᠯᠲᠡᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠰᠤᠷᠤᠯᠴᠠᠨ  ᠲᠤᠭᠤᠰᠢᠯᠠᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ  ᠬᠢᠨᠠᠮᠠᠭᠠᠢ ᠨᠠᠶᠢᠳᠠᠪᠤᠷᠢᠵᠢᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠶ ᠲᠤ ᠬᠠᠳᠠᠩᠰᠢᠭᠤᠯᠵᠤ᠂ ᠨᠡᠪᠲᠡᠷᠡᠲᠡᠯ᠎ᠡ ᠣᠶᠢᠯᠠᠭᠠᠵᠤ ᠪᠣᠳᠠᠲᠠᠶ ᠬᠢᠬᠦ ᠶᠢ ᠪᠠᠷᠢᠮᠲᠠᠯᠠᠬᠤ ᠬᠡᠷᠡᠭᠲᠡᠶ᠃ ᠡᠭᠦᠨ ᠠᠴᠠ ᠤᠶᠤᠨ ᠰᠠᠨᠠᠭᠠᠨ ᠤ ᠬᠦᠴᠦᠨ᠂ ᠦᠵᠡᠯ ᠰᠠᠨᠠᠭᠠᠨ ᠤ ᠤᠶᠤᠨ ᠤᠬᠠᠭᠠᠨ ᠪᠠ ᠬᠥᠭᠵᠢᠯᠲᠡ ᠶᠢᠨ ᠬᠥᠳᠡᠯᠭᠡᠬᠦ  ᠬᠦᠴᠦᠨ ᠢ ᠰᠢᠩᠭᠡᠭᠡᠨ ᠠᠪᠬᠤ︔ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ  ᠪᠣᠲᠠᠲᠠᠢ ᠠᠵᠢᠯ ᠳᠤ ᠦᠨᠡᠨᠬᠦ ᠠᠭᠤᠰᠬᠠᠨ ᠨᠡᠪᠲᠡᠷᠡᠭᠦᠯᠵᠦ᠂ ᠵᠢᠨᠢᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠠᠶ᠃ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠵᠢᠨᠢᠩ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃       ᠬᠤᠷᠠᠯ ᠠᠴᠠ ᠵᠢᠨᠢᠩ ᠲᠣᠭᠤᠷᠢᠭ ᠤᠨ ᠲᠦᠷᠦᠯ ᠵᠦᠢᠯ ᠢ ᠲᠥᠰᠦᠪᠯᠡᠨ ᠨᠥᠭᠡᠴᠡᠯᠡᠬᠦ ᠠᠵᠢᠯ᠂ 2020 ᠣᠨ ᠤ ᠬᠤᠳᠠ ᠶᠢᠨ  ᠴᠡᠴᠡᠷᠯᠢᠭ ᠤᠨ ᠨᠣᠭᠤᠭᠠᠨ ᠬᠥᠷᠥᠰᠥ ᠶᠢ ᠠᠷᠠᠴᠢᠯᠠᠨ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠳ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ  ᠪᠦᠬᠦ ᠣᠷᠣᠨ ᠤ ᠠᠵᠤ ᠠᠬᠤᠶ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠳᠤ ᠦᠵᠡᠭᠦᠯᠬᠦ ᠴᠢᠬᠤᠯᠠ ᠠᠴᠢ  ᠬᠤᠯᠪᠣᠯᠲᠠᠯ ᠢ ᠭᠦᠶᠴᠡᠳ ᠲᠠᠨᠢᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠠᠵᠠ ᠲᠣᠬᠢᠶᠠᠯ ᠢ ᠵᠠᠪᠳᠤᠨ᠂ ᠲᠥᠷᠥ ᠶᠢᠨ ᠪᠣᠳᠣᠯᠭ᠎ᠠ ᠶᠢ ᠰᠤᠳᠤᠯᠵᠤ᠂ ᠣᠨᠣᠪᠴᠢᠲᠠᠶ ᠵᠣᠯᠭᠠᠭᠤᠯᠵᠤ᠂ ᠨᠥᠭᠡᠴᠡᠯᠡᠬᠦ  ᠲᠦᠷᠤᠯ ᠵᠦᠶᠯ ᠢ ᠬᠥᠮᠥᠷᠭᠡᠯᠡᠬᠦ ᠶᠢ ᠴᠢᠩᠬᠠᠳᠬᠠᠵᠠᠶ᠃ ᠴᠢᠬᠤᠯᠠ ᠶᠡᠭᠡ ᠲᠥᠷᠥᠯ ᠵᠦᠢᠯ ᠤᠨ ᠦᠷᠭᠦᠯᠵᠢᠯᠡᠨ ᠤᠬᠠᠭᠠᠯᠠᠨ ᠰᠡᠳᠦᠵᠦ ᠨᠥᠭᠡᠴᠡᠯᠡᠬᠦ᠂ ᠦᠷᠭᠦᠯᠵᠢᠯᠡᠨ  ᠤᠯᠠᠷᠢᠭᠤᠯᠤᠨ ᠬᠡᠷᠡᠭᠵᠢᠭᠦᠯᠬᠦ ᠰᠠᠶᠢᠨ ᠣᠷᠴᠢᠯ ᠪᠦᠷᠢᠯᠳᠦᠬᠦ ᠶᠢ ᠠᠬᠢᠭᠤᠯᠵᠤ᠂ ᠲᠥᠷᠥᠯ ᠵᠦᠶᠯ ᠢ ᠲᠥᠰᠦᠪᠯᠡᠨ ᠨᠥᠭᠡᠴᠡᠯᠡᠬᠦ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠶ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠷᠠᠯ ᠤᠨ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠶ ᠬᠦᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠢ ᠪᠣᠳᠠᠲᠠᠶ ᠬᠡᠷᠡᠭᠵᠢᠭᠦᠯᠬᠦ ᠠᠭᠤᠯᠭ᠎ᠠ ᠶᠢ ᠲᠡᠭᠦᠯᠳᠡᠷᠵᠢᠭᠦᠯᠵᠦ ᠂  ᠬᠠᠷᠢᠭᠤᠯᠴᠠᠯᠭ᠎ᠠ ᠶᠢᠨ ᠬᠠᠷᠠᠯᠲᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2