ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽︿ᠰᠠᠨᠠᠭ᠎ᠠ ᠠᠮᠤᠷ ᠬᠡᠷᠡᠭᠯᠡᠭᠡ ᠵᠢᠨᠢᠩ ᠳᠤ ᠪᠤᠢ ᠪᠤᠯᠭᠠᠬᠤ﹀ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/3
          ᠵᠢᠨᠢᠩ ᠵᠠᠰᠠᠭ ᠠᠯᠪᠠᠨ ︹ 2020 ︺ 33 ᠳ᠋ᠤᠭᠠᠷ ᠲᠣᠭᠠᠲᠤ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠎ ᠳᠤ᠄           ᠡᠳᠦᠭᠡ ︽︿ᠰᠠᠨᠠᠭ᠎ᠠ ᠠᠮᠤᠷ ᠬᠡᠷᠡᠭᠯᠡᠭᠡ ᠶᠢ ᠵᠢᠨᠢᠩ ᠳᠤ ᠪᠠᠶᠢᠭᠤᠯᠬᠤ﹀ ᠠᠵᠢᠯ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠲᠦᠭᠡᠶ᠃            ᠣᠨᠴᠠᠭᠠᠶᠢᠯᠠᠨ ᠮᠡᠳᠡᠭᠳᠡᠪᠡ                                                            2020 ᠣᠨ ᠤ 9 ᠰᠠᠷ᠎ᠠ ᠶᠢᠨ 9᠎ ᠤ ᠡᠳᠦᠷ          ︽ᠰᠠᠨᠠᠭ᠎ᠠ ᠠᠮᠤᠷ ᠬᠡᠷᠡᠭᠯᠡᠭᠡ ᠨᠢ ᠵᠢᠨᠢᠩ ᠳᠤ  ᠪᠤᠢ ᠪᠤᠯᠭᠠᠬᠤ︾ ᠠᠵᠢᠯ ᠎ ᠤᠨ ᠬᠡᠷᠡᠭᠵᠢᠭᠦᠯᠬᠦ ᠲᠥᠰᠦᠯ ᠎ ᠢ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂  ᠠᠮᠤᠷ ᠲᠦᠪᠰᠢᠨ ᠬᠡᠷᠡᠭᠯᠡᠭᠡ ᠶᠢᠨ ᠣᠷᠴᠢᠨ ᠢ ᠪᠣᠶ ᠪᠣᠯᠭᠠᠬᠤ ᠶᠢᠨ ᠲᠥᠯᠥᠭᠡ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡᠨ ᠤ ᠰᠠᠭᠤᠷᠢ ᠴᠢᠨᠠᠷᠲᠠᠶ ᠦᠢᠯᠡᠳᠦᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠮᠠᠨ ᠤ  ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠴᠠᠪ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ︽︿ᠰᠠᠨᠠᠭ᠎ᠠ ᠠᠮᠤᠷ ᠬᠡᠷᠡᠭᠯᠡᠭᠡᠨ ᠤ ᠬᠤᠲᠠ﹀᠎ ᠶᠢ ᠡᠭᠦᠳᠦᠨ‌‍ᠪᠠᠶᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨᠴᠠᠪ ᠬᠤᠲᠠ ᠶᠢᠨ ᠬᠡᠷᠡᠭᠯᠡᠭᠡᠨ ᠤ ᠨᠡᠶᠢᠭᠡᠮᠯᠢᠭ ︹ 2020 ︺ 10 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃            ᠨᠢᠭᠡ᠂ ᠵᠢᠯᠣᠭᠤᠳᠬᠤ ᠦᠵᠡᠯ ᠰᠠᠨᠠᠭ᠎ᠠ           ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠂ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ︾ ᠬᠤᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ  ᠪᠠᠷᠢᠮᠲᠠᠯᠠᠨ᠎ᠠ᠃ ︽ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ᠂ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ︾᠎ ᠪᠠᠷ ᠭᠤᠣᠯ ᠰᠢᠵᠢᠮ ᠪᠣᠯᠭᠠᠵᠤ᠂ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠢᠳᠡᠪᠬᠢᠲᠡᠢ ᠲᠡᠭᠦᠯᠳᠡᠷᠵᠢᠭᠦᠯᠵᠦ᠂ ︽ᠰᠠᠨᠠᠭ᠎ᠠ ᠠᠮᠤᠷ ᠬᠡᠷᠡᠭᠯᠡᠭᠡ ᠨᠢ ᠵᠢᠨᠢᠩ ᠳᠤ  ᠪᠤᠢ ᠪᠤᠯᠭᠠᠬᠤ︾ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ  ᠦᠷᠨᠢᠭᠦᠯᠵᠦ  ᠂ ︽ᠬᠡᠷᠡᠭᠯᠡᠭᠡ ᠨᠢ ᠵᠢᠨᠢᠩ ᠳᠤ ᠪᠠᠶᠢᠬᠤ᠂ ᠪᠠᠷᠠᠭ᠎ᠠ ᠬᠤᠳᠠᠯᠳᠤᠨ ᠠᠪᠬᠤ ᠳᠤ ᠵᠢᠨᠢᠩ ᠳᠤ ᠪᠠᠶᠢᠬᠤ︾ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠪᠠᠭᠤᠯᠭᠠᠬᠤ  ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠬᠤᠳᠠᠯᠳᠤᠭ᠎ᠠ  ᠡᠵᠡᠭᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠵᠦ᠂ ᠮᠠᠨ ᠤ  ᠲᠤᠭᠤᠷᠢᠭ ᠤᠨ ᠬᠡᠷᠡᠭᠯᠡᠭᠡᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠬᠡᠮᠵᠢᠶ᠎ᠡ ᠡᠵᠡᠩᠨᠡᠭᠴᠢᠳ ᠤᠨ ᠢᠲᠡ ᠭᠡᠮᠵᠢ ᠶᠢᠨ ᠬᠡᠮᠵᠢᠶ᠎ᠡ ᠪᠣᠯᠤᠨ ᠬᠡᠷᠡᠭᠯᠡᠭᠴᠢᠳ ᠤᠨ ᠬᠠᠨᠤᠮᠵᠢᠲᠠᠶ ᠪᠠᠶᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠶ᠃ ᠠᠷᠠᠳ ᠣᠯᠠᠨ ᠢ  ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠲᠠᠢ ᠪᠣᠯᠭᠠᠨ᠎ᠠ᠃ ᠬᠤᠶᠠᠷ᠂ ᠠᠵᠢᠯ ᠤᠨ ᠬᠠᠷᠠᠯᠲᠠ        ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠢᠯ ᠲᠥᠷᠥᠯ ᠣᠷᠣᠯᠴᠠᠬᠤ᠂ ᠭᠤᠣᠯᠳᠠᠯᠭ᠎ᠠ ᠶᠢ ᠳᠣᠪᠤᠶᠢᠯᠭᠠᠬᠤ᠂ ᠳᠦᠷᠢᠮᠵᠢᠭᠦᠯᠦᠨ ᠬᠥᠲᠥᠯᠥᠨ ᠳᠠᠭᠠᠭᠤᠯᠬᠤ᠂  ᠵᠤᠬᠢᠴᠠᠯᠲᠤ ᠨᠡᠶᠢᠭᠡᠮ ᠬᠠᠮᠲᠤᠪᠠᠷ ᠪᠠᠶᠢᠭᠤᠯᠬᠤ︾ ᠵᠠᠷᠴᠢᠮ ᠶᠣᠰᠣᠭᠠᠷ᠂ ᠬᠡᠷᠡᠭᠯᠡᠭᠡᠨ ᠤ ᠠᠮᠤᠷ ᠲᠦᠪᠰᠢᠨ᠂ ᠬᠡᠷᠡᠭᠯᠡᠭᠡᠨ ᠤ ᠶᠠᠰᠤ ᠴᠢᠨᠠᠷ᠂ ᠦᠶᠯᠡᠴᠢᠯᠡᠭᠡᠨ᠂ ᠬᠡᠷᠡᠭᠯᠡᠭᠡᠨ ᠤ ᠦᠨ ᠎ᠡ ᠬᠠᠩᠰᠢ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠨ᠎ᠠ᠃ ᠪᠦᠬᠦ  ᠲᠤᠭᠤᠷᠢᠭ ᠤᠨ ᠬᠡᠷᠡᠭᠯᠡᠭᠡᠨ ᠤ ᠭᠤᠣᠯ ᠠᠵᠢᠯ ᠲᠥᠷᠥᠯ  ᠤᠨ ᠬᠦᠷᠢᠶᠡᠨ ᠳᠤ ᠰᠠᠨᠠᠭ᠎ᠠ ᠠᠮᠤᠷ ᠬᠡᠷᠡᠭᠯᠡᠭᠡᠨ ᠤ ︵ᠳᠡᠯᠭᠡᠭᠦᠷ︶᠎ ᠶᠢ ᠡᠭᠦᠳᠦᠨ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠬᠡᠷᠡᠭᠯᠡᠭᠡ ᠶᠢᠨ ᠡᠷᠬᠡ ᠠᠰᠢᠭ ᠢ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠯᠭᠠᠬᠤ᠂ ᠡᠵᠡᠩᠨᠡᠭᠴᠢ ᠶᠢᠨ ᠦᠨᠡᠨᠴᠢ  ᠢᠲᠡᠭᠡᠮᠵᠢᠲᠡᠢ ᠪᠠᠶᠢᠵᠤ ᠬᠠᠤᠯᠢ ᠶᠢ ᠰᠠᠬᠢᠬᠤ ᠦᠵᠡᠯ ᠤᠬᠠᠮᠰᠠᠷ ᠢ ᠨᠡᠶᠢᠳᠡᠮ ᠳᠡᠭᠡᠭᠰᠢᠯᠡᠭᠦᠯᠬᠦ᠂ ᠲᠠᠸᠠᠷ ᠪᠠ ᠦᠶᠯᠡᠴᠢᠯᠡᠭᠡᠨ  ᠤ ᠪᠦᠬᠦᠯᠢ ᠴᠣᠭᠴᠠ ᠶᠢᠨ ᠶᠠᠰᠤ ᠴᠢᠨᠠᠷ  ᠢ ᠢᠯᠡᠳᠲᠡ ᠳᠡᠭᠡᠭᠰᠢᠯᠡᠭᠦᠯᠬᠦ᠂ ᠬᠡᠷᠡᠭᠯᠡᠭᠡ ᠶᠢᠨ ᠵᠢᠭᠤᠷᠠᠯᠳᠤᠭᠠᠨ ᠢ ᠰᠢᠶᠳᠪᠦᠷᠢᠯᠡᠬᠦ ᠠᠷᠭ᠎ᠠ ᠵᠠᠮ  ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠬᠦ᠂ ᠬᠡᠷᠡᠭᠯᠡᠭᠡ ᠶᠢᠨ  ᠬᠦᠷᠢᠶᠡᠨ ᠳᠠᠬᠢ ᠭᠤᠤᠯᠳᠠᠯᠭ᠎ᠠ ᠲᠠᠢ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠠᠵᠢᠯ ᠤᠨ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ             ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ  ᠮᠦᠴᠢᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ︽ᠰᠠᠨᠠᠭ᠎ᠠ ᠠᠮᠤᠷ ᠬᠡᠷᠡᠭᠯᠡᠭᠡ ᠵᠢᠨᠢᠩ ᠳᠤ  ᠪᠠᠶᠢᠭᠤᠯᠬᠤ︾ ᠠᠵᠢᠯ ᠤᠨ ᠤᠳᠤᠷᠢᠳᠬᠤ ᠳᠤᠭᠤᠶᠢᠯᠠᠩ  ᠢ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠢ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠦᠯᠲᠠ ᠶᠢᠨ ᠲᠣᠪᠴᠢᠶ᠎ᠠ ᠳᠤ ᠭᠠᠷᠭᠠᠵᠤ᠂ ᠰᠠᠨᠠᠭ᠎ᠠ ᠠᠮᠤᠷ ᠬᠡᠷᠡᠭᠯᠡᠭᠡ ᠶᠢᠨ ᠵᠢᠨᠢᠩ ᠳᠤ ᠪᠠᠶᠢᠭᠤᠯᠬᠤ ᠠᠵᠢᠯ ᠳᠠᠬᠢ ᠪᠣᠳᠠᠲᠠᠶ ᠨᠠᠶᠢᠳᠠᠪᠤᠷᠢᠵᠢᠭᠤᠯᠬᠤ᠂ ᠵᠣᠬᠢᠴᠠᠭᠤᠯᠤᠨ ᠳᠣᠭᠢᠷᠠᠭᠤᠯᠬᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠪᠣᠳᠠᠲᠠᠶ ᠡᠭᠦᠷᠭᠡᠯᠡᠨ᠎ᠡ᠃ ᠭᠤᠷᠪᠠ᠂ ᠠᠵᠢᠯ ᠤᠨ ᠡᠭᠦᠷᠭᠡ           ︵ᠨᠢᠭᠡ︶ ᠲᠠᠸᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃           ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠯᠡᠭᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃           ︵ᠭᠤᠷᠪᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃           ︵ᠳᠥᠷᠪᠡ︶ ᠦᠶᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃           ︵ᠲᠠᠪᠤ︶ ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠬᠡᠷᠡᠭᠯᠡᠭᠡᠨ ᠤ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃           ︵ᠵᠢᠷᠭᠤᠭ᠎ᠠ︶ ᠬᠠᠤᠯᠢ ᠠᠴᠠ ᠵᠥᠷᠢᠴᠡᠨ ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃         ︵ᠳᠣᠯᠤᠭ᠎ᠠ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ  ᠴᠡᠭᠡᠷᠯᠠᠭᠦᠯᠬᠦ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃            ︵ ᠨᠠᠢᠮᠠ︶ ᠪᠣᠯᠪᠠᠰᠤᠨ ᠣᠶᠤᠨᠴᠢ ᠬᠡᠷᠡᠭᠯᠡᠭᠡ ᠶᠢ ᠬᠥᠲᠥᠯᠥᠨ ᠵᠢᠯᠣᠭᠤᠳᠬᠤ ᠲᠣᠭᠲᠠᠴᠠ ᠶᠢ ᠰᠠᠨᠠᠭᠠᠴᠢᠯᠠᠨ᠎ᠠ  ᠃         ︵ᠶᠢᠰᠦ︶ ᠣᠯᠠᠨ ᠲᠠᠯ᠎ᠠ ᠶᠢᠨ ᠣᠷᠣᠯᠴᠠᠭᠰᠠᠨ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃            ︵ᠠᠷᠪᠠ︶ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ  ᠪᠠᠶᠢᠭᠤᠯᠬᠤ  ᠠᠵᠢᠯ ᠢ ᠥᠷᠨᠢᠭᠦᠯᠦᠨ᠎ᠡ᠃  ᠲᠦᠷᠪᠡ᠂ ᠡᠭᠦᠳᠦᠨ ᠪᠠᠶᠢᠭᠤᠯᠬᠤ ᠬᠡᠪᠴᠢᠶ᠎ᠡ᠂ ᠪᠠᠷᠢᠮᠵᠢᠶ᠎ᠠ ᠵᠢᠴᠢ ᠰᠢᠯᠭᠠᠷᠠᠭᠤᠯᠬᠤ ᠱᠠᠭᠠᠷᠳᠠᠯᠭ᠎ᠠ           ︽ᠰᠠᠨᠠᠭ᠎ᠠ ᠠᠮᠤᠷ ᠬᠡᠷᠡᠭᠯᠡᠭᠡ ᠨᠢ ᠵᠢᠨᠢᠩ ᠳᠤ  ᠪᠠᠶᠢᠭᠤᠯᠬᠤ︾ ᠡᠭᠦᠳᠦᠨ ᠪᠠᠶᠢᠭᠤᠯᠬᠤ ᠠᠵᠢᠯᠯᠠᠭ᠎ᠠ ᠪᠠᠷ  ᠳᠠᠮᠵᠢᠭᠤᠯᠤᠨ᠂ 2021 ᠣᠨ ᠤ ᠡᠴᠦᠰ ᠪᠣᠯᠬᠤ ᠳᠤ ᠪᠥᠬᠦ  ᠲᠤᠭᠤᠷᠢᠭ ᠤᠨ ᠬᠡᠷᠡᠭᠯᠡᠭᠡ ᠶᠢᠨ ᠠᠵᠢᠯ ᠲᠥᠷᠥᠯ ᠤᠨ ᠭᠤᠤᠯ ᠬᠦᠷᠢᠶ᠎ᠡ᠂  ᠭᠤᠤᠯᠳᠠᠯᠭ᠎ᠠ ᠲᠠᠢ ᠲᠠᠯᠠᠪᠤᠷ ᠢ ᠬᠠᠮᠤᠷᠤᠭᠰᠠᠨ ᠰᠠᠨᠠᠭ᠎ᠠ ᠠᠮᠤᠷ ᠬᠡᠷᠡᠭᠯᠡᠭᠡ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠰᠠᠨᠠᠭ᠎ᠠ ᠠᠮᠤᠷ ᠬᠡᠷᠡᠭᠯᠡᠭᠡ ᠶᠢᠨ  ᠨᠢᠭᠡᠴᠡ ︵ᠳᠡᠯᠭᠡᠭᠦᠷ︶᠎ ᠢ ᠡᠭᠦᠳᠦᠨ ᠪᠠᠶᠢᠭᠤᠯᠵᠤ᠂ ᠨᠢᠭᠡ ᠪᠦᠯᠦᠭ ᠢ ᠪᠣᠯᠪᠠᠰᠤᠷᠠᠩᠭᠤᠶ ᠪᠣᠯᠭᠠᠵᠤ᠂ ᠨᠢᠭᠡ ᠪᠦᠯᠦᠭ ᠢ ᠬᠥᠭᠵᠢᠭᠦᠯᠬᠦ ᠬᠡᠷᠡᠭᠲᠡᠶ᠃          ︵ᠨᠢᠭᠡ︶ ᠰᠠᠨᠠᠭ᠎ᠠ ᠠᠮᠤᠷ ᠬᠡᠷᠡᠭᠯᠡᠭᠡᠨ ᠤ ᠨᠢᠭᠡᠴᠡ ︵ᠳᠡᠯᠭᠡᠭᠦᠷ︶ ᠡᠭᠦᠳᠦᠨ ᠪᠠᠶᠢᠭᠤᠯᠬᠤ ᠬᠡᠪᠴᠢᠶ᠎ᠡ  ᠃          ︵ᠬᠤᠶᠠᠷ︶ ᠬᠡᠷᠡᠭᠯᠡᠭᠡᠨ ᠤ ᠨᠢᠭᠡᠴᠡ ︵ᠳᠡᠯᠭᠡᠭᠦᠷ︶᠎ ᠶᠢᠨ ᠦᠨᠳᠦᠰᠦᠨ ᠨᠥᠬᠦᠴᠡᠯ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ᠃          ︵ᠭᠤᠷᠪᠠ︶ ᠬᠡᠷᠡᠭᠯᠡᠭᠡᠨ ᠤ ᠨᠢᠭᠡᠴᠡ ︵ᠳᠡᠯᠭᠡᠭᠦᠷ︶᠎ ᠶᠢ ᠰᠢᠯᠭᠠᠷᠠᠭᠤᠯᠬᠤ ᠱᠠᠭᠠᠷᠳᠠᠯᠭ᠎ᠠ ᠳᠤ ᠰᠠᠨᠠᠭ᠎ᠠ ᠠᠮᠤᠷ ᠪᠠᠶᠢᠬᠤ ᠬᠡᠷᠡᠭᠲᠡᠶ᠃ ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ        ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2020 ᠣᠨ ᠤ 9  ᠳ᠋ᠦ᠋ᠭᠡᠷ ᠰᠠᠷ᠎ᠠ ᠶᠢᠨ 20᠎ ᠤ ᠡᠳᠦᠷ — 2020 ᠣᠨ ᠤ 12 ᠳ᠋ᠤᠭᠠᠷ ᠰᠠᠷ᠎ᠠ ᠶᠢᠨ 20᠎ ᠤ ᠡᠳᠦᠷ︶᠃          ︵ᠬᠤᠶᠠᠷ︶  ᠡᠭᠦᠳᠦᠨ ᠪᠠᠶᠢᠭᠤᠯᠬᠤ ᠱᠠᠲᠤ ᠦᠶ᠎ᠡ ︵2020 ᠣᠨ ᠤ 12 ᠳ᠋ᠤᠭᠠᠷ ᠰᠠᠷ᠎ᠠ ᠶᠢᠨ 21᠎ ᠤ ᠡᠳᠦᠷ — 2021 ᠣᠨ ᠤ 5 ᠳ᠋ᠤᠭᠠᠷ ᠰᠠᠷ᠎ᠠ ᠶᠢᠨ 31᠎ ᠤ ᠡᠳᠦᠷ︶         ︵ᠭᠤᠷᠪᠠ︶ ᠬᠢᠨᠠᠨ ᠬᠠᠷᠭᠤᠭᠤᠯᠵᠤ ᠦᠨᠡᠮᠰᠢᠬᠦ ᠱᠠᠲᠤ ᠦᠶ᠎ᠡ ︵2021 ᠣᠨ ᠤ 6 ᠳ᠋ᠤᠭᠠᠷ ᠰᠠᠷ᠎ᠠ ᠶᠢᠨ 1᠎ ᠤ ᠡᠳᠦᠷ — 7 ᠳ᠋ᠤᠭᠠᠷ ᠰᠠᠷ᠎ᠠ ᠶᠢᠨ 31᠎ ᠤ ᠡᠳᠦᠷ︶ ᠵᠢᠷᠭᠤᠭ᠎ᠠ᠂ ᠠᠵᠢᠯ ᠤᠨ ᠱᠠᠭᠠᠷᠳᠠᠯᠭ᠎ᠠ           ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃           ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠬᠤ ᠬᠡᠷᠡᠭᠲᠡᠶ᠃           ︵ᠭᠤᠷᠪᠠ︶ ᠵᠢᠭᠠᠨ ᠵᠢᠯᠣᠭᠤᠳᠴᠤ ᠵᠣᠬᠢᠴᠠᠭᠤᠯᠬᠤ ᠶᠢ ᠴᠢᠩᠭᠠᠷᠠᠭᠤᠯᠤᠨ᠎ᠠ᠃           ︵ᠳᠥᠷᠪᠡ︶ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃           ︵ᠲᠠᠪᠤ︶ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠰᠠᠶᠢᠲᠤᠷ ᠬᠢᠬᠦ ᠬᠡᠷᠡᠭᠲᠡᠶ᠃           ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠠᠶ᠋ᠢᠭ᠄ preview_msg᠃ jsp︖ fid=30377&id=58285994
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2