ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 1 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/17
     2020 ᠣᠨ ᠤ 2 ᠰᠠᠷ᠎ᠠ ᠶᠢᠨ 27᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ  ᠠᠵᠦ ᠠᠬᠤᠢ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠡ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 1 ᠳ᠋ᠦ᠋ᠭᠡᠷ  ᠤᠳᠠᠭᠠᠨ ᠤ  ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠡᠷᠭᠡ ᠬᠠᠮᠢᠶ᠎ᠠ ᠪᠥᠬᠦᠶ ᠵᠦᠶᠯᠡᠰ ᠢ ᠬᠢᠨᠠᠨ ᠶᠠᠷᠢᠯᠴᠠᠬᠤ ᠲᠤᠬᠠᠶ ᠰᠤᠳᠤᠯᠪᠠ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ      ᠬᠤᠷᠠᠯ ᠠᠴᠠ ᠵᠢᠭᠠᠭᠰᠠᠨ ᠨᠢ᠂  ᠲᠤᠭᠤᠷᠢᠭ ᠤᠨ  ᠵᠠᠰᠠᠭ ᠤᠨ ᠣᠷᠳᠣᠨ ︽ᠮᠡᠳᠡᠭᠦᠯᠦᠯᠲᠡ︾᠎ ᠶᠢ ᠲᠤᠭᠤᠷᠪᠢᠬᠤ  ᠵᠦᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2019 ᠣᠨ ᠤ 12 ᠰᠠᠷ᠎ᠠ ᠶᠢᠨ ᠡᠬᠢ ᠪᠠᠷ ᠲᠤᠰᠬᠠᠶᠢᠯᠠᠨ ᠬᠠᠮᠢᠶ᠎ᠠ ᠪᠥᠬᠦᠶ ᠠᠵᠢᠯᠲᠠᠨ ᠎ ᠲᠠᠢ ᠵᠦᠪᠳᠡᠨ ᠮᠡᠳᠡᠭᠦᠯᠦᠯᠲᠡ ᠲᠤᠭᠤᠷᠪᠢᠬᠤ ᠳᠤᠭᠤᠶᠢᠯᠠᠩ ᠪᠠᠶᠢᠭᠤᠯᠵᠤ᠂ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠪᠥᠬᠦ ᠵᠢᠯ ᠤᠨ ᠠᠵᠢᠯ ᠤᠨ ᠳ᠋ᠦᠩᠨᠡᠯᠲᠡ ᠶᠢᠨ ᠲᠤᠬᠠᠶ ᠨᠠᠷᠢᠨ ᠬᠢᠨᠠᠮᠠᠭᠠᠢ ᠡᠮᠬᠢᠯᠡᠨ ᠬᠤᠷᠢᠶᠠᠩᠭᠤᠶᠢᠯᠠᠵᠤ᠂ ᠳᠠᠬᠢᠨ ᠳᠠᠪᠲᠠᠨ ᠰᠤᠳᠤᠯᠤᠨ ᠶᠠᠷᠢᠯᠴᠠᠵᠤ᠂ 2020 ᠣᠨ ᠤ 1 ᠰᠠᠷ᠎ᠠ ᠶᠢᠨ ᠡᠬᠢ ᠪᠠᠷ ︽ᠮᠡᠳᠡᠭᠦᠯᠦᠯᠲᠡ︾᠎ ᠶᠢᠨ ᠡᠬᠡ ᠨᠣᠤᠷᠠᠭ ᠢ ᠠᠩᠬ᠎ᠠ ᠠᠯᠬᠤᠮ ᠲᠤᠭᠲᠠᠭᠠᠵᠤ᠂ ︽ᠢᠯᠡᠳᠬᠡᠯ︾᠎ ᠤᠨ ᠡᠬᠡ ᠨᠤᠤᠷᠠᠭ ᠲᠤᠭᠲᠠᠭᠰᠠᠨ ᠤ ᠳᠠᠷᠠᠭ᠎ᠠ᠂ ᠲᠤᠭᠤᠷᠪᠢᠬᠤ ᠳᠤᠭᠤᠶᠢᠯᠠᠩ ᠤᠷᠢᠳ ᠬᠤᠵᠢᠳ ᠲᠤᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ  ᠲᠤᠭᠤᠷᠢᠭ ᠤᠨ ᠳᠦᠷᠪᠡᠨ ᠶᠡᠭᠡ ᠪᠠᠭ  ᠂ ᠭᠠᠵᠠᠷ ᠤᠨ ᠳᠡᠰ ᠤᠨ ᠤᠳᠤᠷᠢᠳᠤᠯᠭ᠎ᠠ ᠠᠴᠠ ᠰᠠᠨᠠᠯ ᠬᠤᠷᠢᠶᠠᠪᠠ᠃ ᠳ᠋ᠦᠩᠨᠡᠯᠲᠡ ᠬᠢᠬᠦ᠂ ᠲᠤᠭᠤᠷᠪᠢᠬᠤ᠂ ᠰᠠᠨᠠᠯ ᠬᠤᠷᠢᠶᠠᠬᠤ᠂ ᠵᠠᠰᠠᠪᠤᠷᠢ ᠤᠷᠤᠭᠤᠯᠬᠤ ᠵᠡᠷᠭᠡ  ᠶᠠᠪᠤᠴᠠ ᠳᠤ᠂ ᠡᠬᠡ ᠪᠢᠴᠢᠭ ᠢ   ᠰᠠᠨᠠᠭᠤᠯᠤᠭ᠎ᠠ ᠶᠤᠰᠤᠭᠠᠷ ᠵᠠᠰᠠᠪᠤᠷᠢ ᠤᠷᠤᠭᠤᠯᠵᠦ  ᠂  ︽ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠢ ᠬᠢᠨᠠᠨ ᠶᠠᠷᠢᠯᠴᠠᠬᠤ ᠨᠣᠣᠷᠠᠭ︶︾᠎ ᠢ ᠪᠦᠷᠢᠯᠳᠦᠭᠦᠯᠪᠡ᠃ ︽ᠢᠯᠡᠳᠬᠡᠯ︾᠎ ᠳᠤ ᠭᠤᠤᠯᠳᠠᠭᠤ 2019 ᠣᠨ ᠤ ᠠᠵᠢᠯ ᠤᠨ ᠡᠷᠭᠢᠴᠡᠭᠦᠯᠦᠯ᠂ 2020 ᠣᠨ ᠤ ᠭᠤᠤᠯ ᠬᠠᠷᠠᠯᠲᠠ ᠡᠭᠦᠷᠭᠡ ᠪᠣᠯᠤᠨ ᠭᠤᠤᠯᠳᠠᠯᠭ᠎ᠠ ᠲᠠᠢ ᠠᠵᠢᠯ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠬᠦᠯᠬᠦ  ᠭᠤᠷᠪᠠᠨ ᠬᠡᠰᠡᠭ ᠪᠠᠶᠢᠵᠤ᠂ ᠨᠡᠶᠢᠲᠡ 14000 ᠭᠠᠷᠤᠶ ᠥᠰᠥᠭ ᠪᠣᠶ᠃      ᠬᠤᠷᠠᠯ ᠠᠴᠠ ᠴᠢᠬᠤᠯᠠᠴᠢᠯᠠᠭᠰᠠᠨ ᠨᠢ᠂ ︽ᠢᠯᠡᠳᠬᠡᠯ︾᠎ ᠢ ᠲᠤᠭᠤᠷᠪᠢᠨ ᠪᠢᠴᠢᠬᠦ ᠳᠤᠭᠤᠶᠢᠯᠠᠩ  ᠂ ᠬᠤᠷᠠᠯ ᠤᠨ ᠶᠠᠷᠢᠯᠴᠠᠭᠰᠠᠨ ᠰᠠᠨᠠᠯ ᠢ ᠭᠦᠶᠴᠡᠳ ᠰᠢᠩᠭᠡᠭᠡᠨ ᠠᠪᠴᠤ᠂ ᠮᠡᠳᠡᠭᠦᠯᠦᠯᠲᠡ ᠶᠢᠨ ᠠᠭᠤᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠰᠤᠳᠤᠯᠤᠨ ᠬᠢᠨᠠᠨ ᠶᠠᠷᠢᠯᠴᠠᠭᠤᠯᠬᠤ ᠬᠡᠷᠡᠭᠲᠡᠶ᠃      ᠬᠤᠷᠠᠯ ᠠᠴᠠ ᠪᠠᠰᠠ ︽ᠵᠢᠨᠢᠩ ᠲᠣᠭᠤᠷᠢᠭ ᠤᠨ 2019 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠪᠠ 2020 ᠣᠨ ᠤ ᠲᠥᠰᠦᠪ ᠤᠨ ᠲᠥᠰᠦᠯ ︵ᠬᠢᠨᠠᠭᠤᠯᠬᠤ ᠪᠠᠷ ᠳᠡᠪᠰᠢᠭᠦᠯᠦᠭᠰᠡᠨ ᠨᠣᠤᠷᠠᠭ︶︾᠂ ︽ᠵᠢᠨᠢᠩ ᠲᠣᠭᠤᠷᠢᠭ ᠤᠨ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶᠴᠡᠳᠬᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠬᠢᠨᠠᠭᠤᠯᠬᠤ ᠪᠠᠷ ᠳᠡᠪᠰᠢᠭᠦᠯᠦᠭᠰᠡᠨ ᠨᠣᠤᠷᠠᠭ︶︾᠎ ᠶᠢ ᠬᠢᠨᠠᠨ ᠵᠥᠪᠯᠡᠪᠡ᠃                                                 ᠤᠷᠴᠢᠭᠤᠯᠤᠭᠴᠢ᠄ ᠲᠤᠶᠠᠭ᠎ᠠ᠂ ᠲᠠᠷᠬᠢᠯ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2