ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠦᠷᠢᠶᠡᠰᠦᠨ ᠭᠡᠷ ᠤᠨ ᠬᠠᠮᠢᠶᠠᠷᠤᠯᠲᠠ ᠶᠢ ᠴᠢᠩᠳᠠᠯᠠᠬᠤ  ᠲᠤᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2020/3/19
      ᠵᠢᠨᠢᠩ  ᠵᠠᠰᠠᠭ〔2020〕9 ᠨᠤᠮᠧᠷ       ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ  ᠬᠤᠯᠪᠤᠭᠳᠠᠯ ᠪᠦᠬᠦᠢ ᠨᠢᠭᠡᠴᠡ᠂ ᠪᠦᠬᠦ ᠰᠠᠭᠤᠭᠠᠯᠢ ᠠᠷᠠᠳ ᠲᠤ᠄       ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠪᠤᠭᠤᠯ ᠬᠥᠮᠦᠨ ᠠᠮᠠ ᠶᠢᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠵᠢᠨᠢᠩ ᠲᠣᠭᠤᠷᠢᠭ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠤᠶᠤᠨᠴᠢᠯᠠᠭᠰᠠᠨ  ᠬᠠᠮᠢᠶᠠᠷᠦᠯᠲᠠ ᠶᠢ ᠪᠡᠶᠡᠯᠡᠭᠦᠯᠬᠦ ᠶᠢᠨ ᠲᠤᠰᠠᠳᠠ᠂ ᠢᠯᠠᠩᠭᠤᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵2020 ᠣᠨ ᠤ 1 ᠳ᠋ᠦ᠋ᠭᠡᠷ ᠲᠣᠭᠠᠲᠤ︶᠎ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠤᠭᠤᠷᠢᠭ ᠲᠦᠷᠢᠶᠡᠰᠦᠯᠡᠬᠦ ᠬᠡᠷ ᠪᠠᠶᠢᠰᠢᠩ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠲᠣᠰ ᠮᠡᠳᠡᠭᠳᠡᠯ ᠳᠠᠬᠢ ᠲᠦᠷᠢᠶᠡᠰᠦᠯᠡᠬᠦ ᠬᠡᠷ ᠭᠡᠳᠡᠭ ᠨᠢ᠄ ᠣᠷᠣᠨ ᠰᠠᠭᠤᠴᠠ᠂ ᠬᠤᠳᠠᠯᠳᠤᠭᠠᠨ ᠤ ᠬᠡᠷ ᠪᠠᠶᠢᠰᠢᠩ  ᠂ ᠲᠡᠷᠭᠡᠨ ᠬᠥᠮᠥᠷᠭᠡ ︵ᠭᠠᠵᠠᠷ ᠳᠣᠤᠷᠠᠬᠢ ᠲᠡᠷᠭᠡᠨ ᠬᠥᠮᠥᠷᠭᠡ ᠪᠠᠭᠲᠠᠨ᠎ᠠ︶᠂ ᠬᠠᠳᠠᠭᠠᠯᠠᠬᠤ  ᠲᠠᠰᠤᠭ ︵ᠭᠠᠵᠠᠷ ᠳᠣᠤᠷᠠᠬᠢ ᠬᠠᠳᠠᠭᠠᠯᠠᠬᠤ ᠲᠠᠰᠤᠭ ᠪᠠᠭᠲᠠᠨ᠎ᠠ︶᠂  ᠳᠠᠪᠬᠤᠷᠭ᠎ᠠ ᠲᠠᠭᠲᠤ᠂ ᠦᠶᠯᠡᠳᠪᠦᠷᠢ ᠶᠢᠨ ᠲᠠᠰᠤᠭ᠂ ᠪᠠᠶᠢᠰᠢᠩ᠂ ᠲᠣᠮᠣ ᠬᠦᠷᠢᠶ᠎ᠡ ᠵᠡᠷᠭᠡ ᠣᠷᠣᠰᠢᠨ ᠰᠠᠭᠤᠬᠤ᠂ ᠶᠠᠭᠤᠮ᠎ᠠ ᠬᠠᠳᠠᠭᠠᠯᠠᠬᠤ᠂ ᠦᠶᠯᠡᠳᠪᠦᠷᠢᠯᠡᠬᠦ᠂ ᠠᠮᠢᠳᠤᠷᠠᠬᠤ ᠳᠤ  ᠬᠡᠷᠡᠭᠯᠡᠬᠦ  ᠬᠠᠮᠢᠶ᠎ᠠ ᠪᠥᠬᠦᠶ ᠬᠡᠷ ᠪᠠᠶᠢᠰᠢᠩ ᠭᠠᠵᠠᠷ ᠬᠥᠷᠥᠩᠭᠡ ᠶᠢᠨ ᠪᠠᠷᠢᠯᠭ᠎ᠠ  ᠶᠢ ᠪᠠᠭᠲᠠᠭᠠᠨ᠎ᠠ᠃      ᠬᠤᠶᠠᠷ᠂ ᠣᠳᠣ ᠨᠢᠭᠡᠨᠲᠡ ᠲᠦᠷᠢᠶᠡᠰᠦᠯᠡᠬᠦ ᠬᠠᠷᠢᠴᠠᠭ᠎ᠠ ᠣᠷᠣᠰᠢᠵᠤ ᠪᠠᠶᠢᠪᠠᠯ᠂ ᠭᠡᠷ ᠪᠠᠶᠢᠰᠢᠩ ᠨᠢ ᠭᠤᠤᠯᠳᠠᠭᠤ  ᠲᠦᠷᠢᠶᠡᠰᠦᠯᠡᠬᠦ ᠭᠡᠷ ᠪᠠᠶᠢᠰᠢᠩ ᠤᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ  ᠬᠡᠷᠡᠭᠲᠡᠶ᠂ ᠲᠦᠷᠢᠶᠡᠰᠦᠯᠡᠭᠦᠯᠦᠭᠴᠢ᠂ ᠲᠦᠷᠢᠶᠡᠰᠦᠯᠡᠭᠴᠢ ᠠᠴᠠ 2 ᠳ᠋ᠤᠭᠠᠷ ᠰᠠᠷ᠎ᠠ ᠶᠢᠨ 16᠎ ᠤ  ᠡᠳᠦᠷ ᠠᠴᠠ ᠡᠮᠦᠨ᠎ᠡ ᠬᠠᠷᠢᠶ᠎ᠠ ᠨᠡᠶᠢᠭᠡᠮ ᠲᠣᠭᠤᠷᠢᠭ ᠲᠤ ᠮᠡᠳᠡᠭᠦᠯᠵᠦ᠂ ᠨᠡᠶᠢᠭᠡᠮ ᠲᠣᠭᠤᠷᠢᠭ ᠪᠦᠷᠢᠳᠬᠡᠨ  ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠬᠠᠷᠢᠶ᠎ᠠ ᠣᠷᠣᠨ  ᠤ ᠲᠣᠮᠢᠯᠠᠭᠰᠠᠨ ᠰᠠᠯᠪᠤᠷᠢ ᠳᠤ ᠮᠡᠳᠡᠭᠦᠯᠦᠨ ᠳᠠᠩᠰᠠᠯᠠᠭᠤᠯᠵᠤ᠂ ᠭᠡᠷ ᠪᠠᠶᠢᠰᠢᠩ ᠤᠨ ᠬᠠᠮᠢᠶᠠᠷᠤᠯᠲᠠ ᠶᠢᠨ  ᠲᠤᠪᠴᠢᠶᠠᠨ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠡᠷᠪᠡ ᠴᠠᠭ ᠲᠤᠬᠠᠶ ᠳᠤᠨᠢ ᠮᠡᠳᠡᠭᠦᠯᠦᠭᠰᠡᠨ ᠥᠬᠡᠶ ᠠᠴᠠ ᠪᠣᠯᠵᠣ ᠬᠢᠵᠢᠭ ᠤᠨ ᠪᠠᠶᠢᠳᠠᠯ ᠲᠠᠷᠬᠠᠬᠤ ᠪᠠ ᠪᠤᠰᠤᠳ  ᠠᠰᠠᠭᠤᠳᠠᠯ  ᠢ ᠡᠭᠦᠰᠭᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ  ᠬᠠᠮᠠᠭᠠᠯᠠᠬᠤ ᠬᠠᠮᠢᠶᠠᠷᠤᠯᠲᠠ ᠶᠢᠨ ᠰᠢᠶᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ  ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠤ ᠶᠢᠨ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠮᠢᠶ᠎ᠠ ᠪᠥᠬᠦᠶ ᠬᠥᠮᠦᠰ ᠎ ᠠᠴᠠ ᠬᠠᠷᠢᠭᠤᠴᠠᠯᠭ᠎ᠠ  ᠨᠡᠬᠡᠮᠵᠢᠯᠡᠨ᠎ᠡ  ᠃       ᠭᠤᠷᠪᠠ᠂ ︽ᠬᠤᠲᠠ ᠶᠢ ᠬᠥᠮᠦᠨ ᠪᠦᠬᠦᠨ ᠬᠠᠮᠢᠶᠠᠷᠬᠤ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠨᠢᠭᠡᠨᠲᠡ  ᠳᠠᠩᠰᠠᠯᠠᠭᠤᠯᠤᠭᠰᠠᠨ ᠵᠢᠨᠢᠩ ᠲᠣᠭᠤᠷᠢᠭ ᠤᠨ ᠰᠠᠭᠤᠭᠠᠯᠢ ᠠᠷᠠᠳ᠂ ᠳᠠᠩᠰᠠᠯᠠᠭᠤᠯᠤᠭᠰᠠᠨ ᠮᠡᠳᠡᠭᠡ ᠵᠠᠩᠭᠢ ᠳᠠᠭᠠᠨ ᠣᠲᠣ ᠶᠢᠨ ᠰᠠᠭᠤᠭ᠎ᠠ ᠭᠠᠵᠠᠷ ᠢᠶᠠᠨ ︽ᠥᠪᠡᠷ ᠤᠨ ᠥᠮᠴᠢᠯᠡᠬᠦ ᠡᠷᠬᠡ ᠪᠤᠶᠤ ᠲᠦᠷᠢᠶᠡᠰᠦᠯᠡᠨ ᠬᠡᠷᠡᠭᠯᠡᠬᠦ︾ ᠭᠡᠵᠦ ᠦᠨᠡᠨ ᠮᠥᠨ ᠢᠶᠠᠷ ᠨᠢ ᠲᠠᠭᠯᠠᠵᠤ᠂ ᠲᠦᠷᠢᠶᠡᠰᠦᠯᠡᠨ ᠬᠡᠷᠡᠭᠯᠡᠬᠦ ᠳᠤ ︽ᠲᠦᠷᠢᠶᠡᠰᠦᠯᠡᠬᠦ ᠦᠨ᠎ᠡ ᠬᠠᠩᠰᠢ᠂ ᠲᠦᠷᠢᠶᠡᠰᠦᠯᠡᠬᠦ ᠬᠤᠭᠤᠴᠠᠭ᠎ᠠ︾ ᠵᠡᠷᠭᠡ ᠮᠡᠳᠡᠭᠡ ᠵᠠᠩᠭᠢ ᠶᠢ ᠨᠥᠬᠦᠵᠦ ᠲᠠᠭᠯᠠᠬᠤ ᠬᠡᠷᠡᠭᠲᠡᠶ᠃ ᠳᠠᠩᠰᠠᠯᠠᠭᠤᠯᠤᠭᠠᠳᠤᠶ ᠰᠠᠭᠤᠭᠠᠯᠢ ᠠᠷᠠᠳ ᠢ ᠳᠠᠷᠦ᠋ᠢᠬᠠᠨ ᠳᠠᠩᠰᠠᠯᠠᠭᠤᠯᠵᠤ᠂ ᠲᠠᠷᠠᠭᠠᠴᠢ ᠶᠢᠨ ᠠᠯᠬᠤᠮ ᠳᠤ ᠮᠠᠨ ᠤ  ᠲᠤᠭᠤᠷᠢᠭ ᠤᠨ ᠰᠠᠭᠤᠭᠠᠯᠢ ᠠᠷᠠᠳ ᠤᠨ  ᠺᠣᠳ᠋ ᠰᠢᠷᠪᠢᠵᠦ ᠣᠷᠣᠭᠤᠯᠬᠤ ᠠᠵᠢᠯ ᠢ ᠪᠥᠬᠦ ᠲᠠᠯ᠎ᠠ ᠪᠠᠷ ᠡᠬᠢᠯᠠᠬᠦᠯᠵᠦ᠂ ᠳᠠᠩᠰᠠᠯᠠᠭᠤᠯᠤᠭᠠᠳᠤᠶ ᠰᠠᠭᠤᠭᠠᠯᠢ ᠠᠷᠠᠳ ᠎ ᠨᠢ ᠰᠠᠭᠤᠭᠠᠯᠢ ᠠᠷᠠᠳ ᠤᠨ ᠲᠣᠭᠤᠷᠢᠭ ᠲᠤ  ᠤᠷᠤᠵᠦ  ᠭᠠᠷᠬᠤ ᠶᠢᠨ ᠠᠷᠭ᠎ᠠ ᠥᠬᠡᠶ  ᠪᠤᠯᠤᠨ᠎ᠠ  ᠃       ᠳᠥᠷᠪᠡ᠂ ᠬᠤᠶᠢᠰᠢᠳᠠ ᠲᠦᠷᠢᠶᠡᠰᠦᠯᠡᠬᠦ ᠬᠡᠷ ᠪᠠᠶᠢᠰᠢᠩ ᠢ ᠲᠦᠷᠢᠶᠡᠰᠦᠯᠡᠬᠦ ᠬᠡᠯᠡᠯᠴᠡᠭᠡᠷ ᠳᠣᠭᠢᠷᠬᠠᠰᠠᠨ ᠤ  ᠳᠠᠷᠠᠭ᠎ᠠ᠂ ᠲᠦᠷᠢᠶᠡᠰᠦᠯᠡᠭᠦᠯᠦᠭᠴᠢ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠭᠤᠶᠤᠴᠢᠯᠠᠨ ᠳᠠᠩᠰᠠᠯᠠᠭᠤᠯᠵᠤ᠂  ᠳᠠᠩᠰᠠᠯᠠᠭᠤᠯᠵᠤ ᠳᠠᠭᠤᠰᠬᠠᠭᠰᠠᠨ ᠤ ᠳᠠᠷᠠᠭ᠎ᠠ᠂ ᠲᠦᠷᠢᠶᠡᠰᠦᠯᠡᠭᠴᠢ ᠶᠢᠨ ᠪᠥᠬᠦ ᠬᠡᠷ ᠪᠦᠯᠢ ᠶᠢᠨ ᠪᠦᠷᠢᠯᠳᠦᠬᠦᠨ ᠨᠢ ︽ᠬᠤᠲᠠ ᠶᠢ ᠬᠥᠮᠦᠨ ᠪᠦᠬᠦᠨ ᠬᠠᠮᠢᠶᠠᠷᠬᠤ︾ ᠸᠢᠴᠠᠲ ᠤᠨ ᠨᠡᠶᠢᠲᠡ ᠶᠢᠨ ᠳ᠋ᠤᠭᠠᠷ ᠢ ᠴᠠᠭ ᠲᠤᠬᠠᠶ ᠳᠤᠨᠢ ᠳᠠᠩᠰᠠᠯᠠᠭᠤᠯᠵᠤ᠂ ᠨᠡᠶᠢᠭᠡᠮ ᠲᠣᠭᠤᠷᠢᠭ ᠠᠴᠠ ᠬᠡᠷ ᠪᠠᠶᠢᠰᠢᠩ ᠲᠦᠷᠢᠶᠡᠰᠦᠯᠡᠬᠦ ᠭᠡᠷ᠎ᠡ ᠶᠢ ᠦᠨᠳᠦᠰᠦᠯᠡᠨ  ᠂ ᠰᠠᠭᠤᠭᠠᠯᠢ  ᠲᠣᠭᠤᠷᠢᠭ ᠢᠶᠠᠷ ᠣᠷᠣᠵᠤ ᠭᠠᠷᠬᠤ  ᠺᠣᠳ᠋ ᠣᠯᠭᠤᠨ᠎ᠠ︔       ᠲᠠᠪᠤ᠂  ᠲᠤᠭᠤᠷᠢᠭ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠠᠳᠠᠯ ᠠᠬᠤᠶ ᠶᠢᠨ ᠺᠣᠮᠫᠠᠨᠢ ᠨᠤᠭᠤᠳ ᠵᠢᠭᠰᠠᠭᠠᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠲᠤᠰ ᠲᠣᠭᠲᠠᠭᠠᠯ ᠶᠣᠰᠣᠭᠠᠷ ᠪᠤᠰᠤᠳ ᠲᠤ ᠰᠢᠭᠤᠳ ᠭᠡᠷ ᠪᠠᠶᠢᠰᠢᠩ ︵ᠪᠤᠰᠤᠳ ᠲᠥᠷᠥᠯ ᠢᠯᠭᠠᠯ ᠪᠠᠭᠲᠠᠨ᠎ᠠ︶ ᠲᠦᠷᠢᠶᠡᠰᠦᠯᠡᠭᠦᠯᠦᠭᠰᠡᠨ ᠦᠭᠡᠶ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃       ᠵᠢᠷᠭᠤᠭ᠎ᠠ᠂   ᠲᠤᠭᠤᠷᠢᠭ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠪᠣᠯ ᠭᠡᠷ ᠪᠠᠶᠢᠰᠢᠩ ᠲᠦᠷᠢᠶᠡᠰᠦᠯᠡᠬᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠭᠡᠷ ᠪᠠᠶᠢᠰᠢᠩ ᠲᠦᠷᠢᠶᠡᠰᠦᠯᠡᠬᠦ ᠳᠦᠷᠢᠮ  ᠢ ᠬᠡᠷᠡᠭᠵᠢᠭᠦᠯᠬᠦ ᠨᠠᠷᠢᠨ ᠳᠦᠷᠢᠮ ᠵᠢᠴᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ ᠪᠦᠬᠦ ᠲᠤᠭᠤᠷᠢᠭ ᠤᠨ ᠭᠡᠷ ᠪᠠᠶᠢᠰᠢᠩ ᠲᠦᠷᠢᠶᠡᠰᠦᠯᠡᠬᠦ ᠶᠢ ᠪᠦᠷᠢᠳᠬᠡᠬᠦ᠂ ᠬᠤᠷᠢᠶᠠᠩᠭᠤᠶᠢᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ                               ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2