ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠢ ᠬᠤᠷᠢᠭᠯᠠᠨ ᠡᠵᠡᠮᠳᠡᠵᠦ ᠮᠠᠨ ᠤ ᠲᠤᠭᠤᠷᠢᠭ ᠤᠨ ᠡᠯ᠎ᠡ ᠠᠵᠢᠯ ᠲᠥᠷᠥᠯ ᠎ ᠤᠨ ᠦᠶᠯᠡᠳᠪᠦᠷᠢᠯᠡᠯ ᠠᠵᠢᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠪᠠᠷ ᠠᠬᠢᠭᠤᠯᠬᠤ ᠶᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2020/3/24
      ᠰᠤᠷᠪᠤᠯᠵᠢᠯᠠᠭᠰᠠᠨ ᠴᠠᠭ᠄ 2020.3.12       ᠰᠤᠷᠪᠤᠯᠵᠢᠯᠠᠭᠰᠠᠨ ᠵᠤᠴᠢᠨ᠄ ᠪᠠᠨ  ᠰᠢᠦ ᠫᠢᠡᠭ       ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠡᠬᠢᠨ ᠤ ᠬᠤᠭᠤᠴᠠᠭᠠᠨ ᠳᠤ᠂ ᠮᠠᠨ ᠤ ᠲᠤᠭᠤᠷᠢᠭ ᠶᠠᠮᠠᠷ ᠶᠠᠮᠠᠷ ᠠᠵᠢᠯ ᠬᠢᠭᠰᠡᠨ ᠪᠣᠶ︖      ᠎ ᠪᠠᠨ ᠰᠢᠤ ᠫᠢᠩ᠄ ᠮᠠᠨ ᠤ ᠲᠤᠭᠤᠷᠢᠭ ᠨᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠵᠠᠰᠠᠭ ᠤᠨ ᠣᠷᠳᠣᠨ ᠤ ᠳᠠᠷᠤᠭ᠎ᠠ ᠪᠠᠷ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠡᠭᠦᠷᠭᠡᠯᠡᠭᠦᠯᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢ ᠴᠠᠭ ᠲᠤᠬᠠᠶ ᠳᠤᠨᠢ ᠪᠠᠶᠢᠭᠤᠯᠵᠤ᠂ ᠲᠥᠪᠯᠡᠷᠡᠭᠦᠯᠦᠨ ᠨᠢᠭᠡᠳᠦᠯᠲᠡᠢ ᠠᠵᠢᠯᠯᠠᠬᠤ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠣᠯᠤᠨ ᠥᠷᠭᠡᠨ ᠣᠯᠠᠨ ᠨᠠᠮ  ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ 237 ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ 22  ᠲᠤᠭᠤᠷᠢᠭ ᠤᠨ ᠱᠠᠲᠤᠨ ᠤ ᠤᠳᠤᠷᠢᠳᠤᠯᠭ᠎ᠠ᠂ 73 ᠳᠠᠭᠠᠭᠠᠴᠢᠯᠠᠨ ᠬᠤᠯᠪᠣᠭᠠᠯᠠᠬᠤ ᠨᠢᠭᠡᠴᠡ᠂ 1780 ᠰᠢᠬᠠᠮ ᠨᠠᠮ ᠤᠨ ᠭᠡᠰᠢᠭᠦᠨ᠂ 1 ᠲᠦᠮᠡ ᠭᠠᠷᠤᠶ ᠺᠠᠳ᠋ᠷ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠪᠠᠶᠢᠯᠳᠤᠭᠠᠨ ᠤ ᠲᠣᠭᠤᠷᠢᠭ ᠪᠣᠯᠭᠠᠵᠤ᠂ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠣᠤᠷ ᠰᠦᠯᠵᠢᠶ᠎ᠡ ᠪᠠᠷ ᠨᠢᠭᠡᠴᠢ ᠪᠣᠯᠭᠠᠵᠤ᠂  ᠪᠦᠬᠦ ᠲᠠᠯ᠎ᠠ ᠪᠠᠷ ᠲᠤᠤᠷ ᠰᠦᠯᠵᠢᠶ᠎ᠠ ᠪᠠᠷ ᠬᠠᠮᠢᠶᠠᠷᠤᠨ᠂ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ︽ᠨᠢᠭᠡ ᠡᠷᠦᠬᠡ ᠬᠤᠴᠣᠷᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠨ᠎ᠠ᠃ ᠨᠡᠶᠢᠲᠡ 646 ᠰᠠᠭᠤᠭᠠᠯᠢ ᠠᠷᠠᠳ ᠤᠨ ᠪᠠᠭ᠎ᠠ ᠲᠣᠭᠤᠷᠢᠭ ᠢ ᠪᠢᠲᠡᠭᠦᠮᠵᠢᠯᠡᠨ ᠬᠠᠮᠢᠶᠠᠷᠴᠤ᠂ 15.5 ᠲᠦᠮᠡᠨ ᠡᠷᠦᠬᠡ᠂ 38 ᠲᠦᠮᠡ ᠭᠠᠷᠤᠶ ᠬᠥᠮᠦᠨ ᠢ ᠵᠢᠭᠰᠠᠭᠠᠨ ᠪᠠᠶᠢᠴᠠᠭᠠᠵᠤ᠂ ᠣᠨᠴᠠᠭᠠᠶᠢᠯᠠᠨ ᠬᠢᠵᠢᠭ ᠤᠨ ᠡᠬᠢᠨ ᠤ ᠬᠤᠭᠤᠴᠠᠭᠠᠨ ᠳᠤ᠂  ᠤᠯᠠᠭᠠᠨᠴᠠᠪ ᠬᠤᠲᠠ ᠠᠴᠠ ᠭᠠᠳᠠᠨᠠᠬᠢ ᠭᠠᠵᠠᠷ ᠣᠷᠣᠨ ᠤ 22080 ᠬᠥᠮᠦᠨ ᠢ ᠭᠤᠤᠯᠳᠠᠯᠭ᠎ᠠ ᠲᠠᠢ  ᠪᠠᠶᠢᠴᠠᠭᠠᠵᠤ ᠬᠠᠮᠢᠶᠠᠷᠤᠨ ᠡᠵᠡᠮᠳᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠠᠭᠠᠭᠠᠴᠢᠯᠠᠨ ᠬᠤᠯᠪᠣᠭᠠᠯᠠᠬᠤ ᠡᠭᠦᠷᠭᠡ ᠶᠢ ᠴᠠᠭ ᠲᠤᠬᠠᠶ ᠳᠤᠨᠢ ᠲᠤᠬᠢᠷᠠᠭᠤᠯᠬᠤ ᠶᠢᠨ ᠲᠥᠯᠥᠭᠡ᠂ ᠰᠠᠭᠤᠭᠠᠯᠢ ᠠᠷᠠᠳ ᠤᠨ ᠪᠠᠭ᠎ᠠ ᠲᠣᠭᠤᠷᠢᠭ ᠲᠤ ᠲᠥᠷᠥᠯ ᠬᠤᠪᠢᠶᠠᠨ ᠬᠠᠮᠢᠶᠠᠷᠬᠤ ᠶᠢ  ᠬᠡᠷᠡᠭᠵᠢᠭᠦᠯᠵᠦ  ᠂ ᠠᠳᠠᠯ ᠠᠬᠤᠶ ᠶᠢᠨ 191 ᠰᠠᠭᠤᠭᠠᠯᠢ ᠲᠣᠭᠤᠷᠢᠭ ᠪᠠᠶᠢᠵᠤ᠂ ᠠᠳᠠᠯ ᠠᠬᠤᠶ ᠶᠢᠨ ᠺᠣᠮᠫᠠᠨᠢ ᠶᠢᠨ 24 ᠴᠠᠭ ᠤᠨ ᠺᠣᠳ᠋ ᠰᠢᠷᠪᠢᠵᠦ  ᠪᠡᠶ᠎ᠡ ᠶᠢᠨ ᠳᠤᠯᠠᠭᠠᠨ ᠢ ᠬᠡᠮᠵᠢᠨ᠎ᠡ  ᠃ ᠦᠯᠡᠳᠡᠭᠰᠡᠨ 455 ᠠᠳᠠᠯ ᠠᠬᠤᠶ ᠥᠬᠡᠶ ︵ᠬᠤᠲᠠ ᠶᠢᠨ ᠰᠢᠭᠤᠳ ᠬᠠᠷᠢᠶ᠎ᠠ ᠳᠠᠭᠠᠭᠠᠴᠢᠯᠠᠨ ᠬᠤᠯᠪᠣᠭᠠᠯᠠᠬᠤ  ᠪᠠᠭ᠎ᠠ ᠲᠤᠭᠤᠷᠢᠭ︶᠎ ᠶᠢᠨ  ᠪᠠᠭ᠎ᠠ  ᠲᠣᠭᠤᠷᠢᠭ ᠪᠠ ᠪᠠᠶᠢᠰᠢᠩ ᠲᠣᠭᠤᠷᠢᠭ ᠨᠢ 61 ᠲᠣᠭᠤᠷᠢᠭ ᠤᠨ ᠰᠢᠭᠤᠳ ᠬᠠᠷᠢᠶ᠎ᠠ  ᠳᠠᠭᠠᠴᠢᠯᠠᠨ ᠬᠤᠯᠪᠣᠭᠠᠯᠠᠬᠤ ᠨᠢᠭᠡᠴᠡ᠂ 800 ᠭᠠᠷᠤᠶ ᠺᠠᠳ᠋ᠷ ᠠᠵᠢᠯᠲᠠᠨ᠂ 1040 ᠰᠠᠶᠢᠨ ᠳᠤᠷᠠᠴᠤᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠦᠷᠭᠦᠯᠵᠢᠯᠡᠨ ᠬᠠᠮᠵᠢᠯᠴᠠᠨ ᠺᠣᠳ᠋ ᠰᠢᠷᠪᠢᠵᠦ ᠳᠤᠯᠠᠭᠠᠨ ᠢ ᠬᠡᠮᠵᠢᠵᠦ᠂ ᠵᠢᠭᠰᠠᠭᠠᠨ ᠪᠠᠶᠢᠴᠠᠭᠠᠵᠤ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠪᠤᠰᠤᠳ 12  ᠲᠤᠭᠤᠷᠢᠭ ᠤᠨ ᠰᠢᠭᠤᠳ ᠬᠠᠷᠢᠶ᠎ᠠ ᠨᠢᠭᠡᠴᠡ ᠠᠴᠠ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ  ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠷᠳᠠᠮ ᠢ ᠭᠦᠶᠴᠡᠳᠬᠡᠬᠦ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠵᠡᠷᠭᠡ ᠠᠵᠢᠯ ᠤᠨ ᠡᠭᠦᠷᠭᠡ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠭᠠᠳᠠᠭᠠᠳᠤ ᠠᠴᠠ  ᠤᠷᠤᠵᠦ ᠭᠠᠷᠬᠤ ᠶᠢ ᠡᠵᠡᠮᠳᠡᠵᠦ᠂ ᠡᠮᠬᠢ ᠵᠢᠷᠤᠮ ᠲᠠᠢ ᠬᠠᠮᠢᠶᠠᠷᠤᠨ᠎ᠠ᠃ ᠡᠭᠦᠨ ᠤ ᠬᠠᠮᠲᠤ᠂ ᠣᠷᠣᠵᠤ ᠭᠠᠷᠬᠤ ᠪᠣᠭᠤᠮᠲᠠ ᠶᠢ ᠴᠢᠩᠭ᠎ᠠ ᠠᠳᠬᠤᠵᠤ᠂ ᠢᠷᠡᠬᠦ ︵ᠪᠤᠴᠠᠭᠠᠬᠤ︶ ᠠᠵᠢᠯᠲᠠᠨ᠂  ᠲᠦᠷᠢᠶᠡᠰᠦᠯᠡᠬᠦᠯᠬᠦ  ᠬᠡᠷ ᠪᠠᠶᠢᠰᠢᠩ᠂ ᠪᠡᠭᠡᠵᠢᠩ ᠳᠤ ᠣᠴᠢᠬᠤ  ᠬᠦᠮᠦᠰ ᠢ ᠬᠠᠮᠢᠶᠠᠷᠠᠬᠤ ᠪᠡᠯᠡᠳᠬᠡᠯ ᠲᠦᠷᠢᠮ ᠢ ᠦᠷᠭᠦᠯᠵᠢᠯᠡᠨ  ᠬᠡᠷᠡᠭᠵᠢᠬᠦᠯᠵᠦ᠂ ᠪᠣᠶ ᠪᠥᠬᠦᠶ ᠭᠠᠳᠠᠨ᠎ᠠ ᠠᠴᠠ ᠢᠷᠡᠭᠰᠡᠨ ᠬᠥᠮᠦᠰ ᠤᠨ ᠣᠷᠣᠵᠤ ᠭᠠᠷᠬᠤ  ᠪᠠᠭ᠎ᠠ ᠲᠣᠭᠤᠷᠢᠭ ︵ᠲᠣᠰᠬᠤᠨ︶᠂ ᠣᠷᠣᠵᠤ ᠰᠠᠭᠤᠬᠤ ᠵᠣᠴᠢᠳ ᠤᠨ ᠪᠠᠭᠤᠳᠠᠯ᠂    ᠳᠡᠬᠢᠨ ᠠᠵᠢᠯ  ᠡᠷᠢᠬᠦ᠂ ᠬᠡᠷ ᠪᠠᠶᠢᠰᠢᠩ ᠲᠦᠷᠢᠶᠡᠰᠦᠯᠡᠬᠦ ᠳᠤ ᠡᠷᠬᠡᠪᠰᠢ ᠵᠡᠭᠡᠯᠢ ᠭᠤᠳᠤᠮᠵᠢ ᠨᠡᠶᠢᠭᠡᠮ ᠲᠣᠭᠤᠷᠢᠭ ︵ᠲᠣᠰᠬᠤᠨ︶᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ  ᠮᠦᠴᠢᠷ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠵᠤ᠂ ︽ᠬᠤᠲᠠ ᠎ ᠶᠢ ᠬᠥᠮᠦᠨ ᠪᠦᠬᠦᠨ ᠬᠠᠮᠢᠶᠠᠷᠬᠤ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠬᠠᠮᠲᠤ ᠳᠤᠨᠢ ᠳᠠᠩᠰᠠᠯᠠᠭᠤᠯᠬᠤ ᠬᠡᠷᠡᠭᠲᠡᠶ᠃  ᠮᠠᠨ ᠤ ᠲᠤᠭᠤᠷᠢᠭ ᠠᠴᠠ ᠪᠡᠭᠡᠵᠢᠩ ᠳᠤ ᠣᠴᠢᠬᠤ ᠬᠥᠮᠦᠰ ᠪᠦᠬᠦᠨ ᠡᠷᠬᠡᠪᠰᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠤᠭᠤᠷᠢᠭ ︵ᠲᠣᠰᠬᠤᠨ︶᠎ ᠳᠤ ᠭᠤᠶᠤᠴᠢᠯᠠᠨ ᠮᠡᠳᠡᠭᠦᠯᠵᠦ᠂ ᠡᠷᠡᠭᠦᠯ ᠮᠡᠨᠳᠦ ᠶᠢᠨ ᠭᠡᠷᠡᠴᠢ ᠦᠭᠡᠢ ᠪᠣᠯ ᠴᠥᠮ ᠥᠷᠲᠡᠭᠡᠨ ᠳᠤ ᠣᠷᠣᠵᠤ ᠲᠡᠷᠭᠡᠨ ᠳᠤ ᠰᠠᠭᠤᠵᠤ ᠪᠣᠯᠬᠤ ᠦᠭᠡᠢ᠂  ᠵᠢᠨᠢᠩ ᠳᠤ ᠪᠤᠴᠠᠵᠤ ᠴᠤᠭᠯᠠᠷᠠᠬᠤ ᠶᠢ ᠰᠡᠷᠭᠡᠶᠢᠯᠡᠬᠦ ᠪᠠ  ᠪᠡᠭᠡᠵᠢᠩ  ᠳᠤ ᠬᠦᠷᠬᠦ  ︿ᠬᠤᠲᠠ ᠶᠢ ᠬᠠᠮᠠᠭᠠᠯᠠᠬᠤ ᠭᠤᠤᠯ ﹀᠎ ᠶᠢ ᠬᠤᠷᠢᠭᠯᠠᠬᠤ ᠦᠶᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃       ᠮᠠᠨ ᠤ ᠲᠤᠭᠤᠷᠢᠭ ᠡᠮᠴᠢᠯᠡᠭᠡᠨ ᠤ  ᠭᠤᠦᠯ ᠬᠦᠴᠦᠨ ᠢ ᠢᠳᠡᠪᠬᠢᠲᠡᠶ ᠪᠠᠷ ᠲᠠᠲᠠᠵᠤ᠂ ᠲᠤᠰᠬᠠᠶ ᠮᠡᠷᠭᠡᠵᠢᠯᠲᠡᠨ ᠤ ᠲᠤᠭᠤᠶᠢᠯᠠᠩ᠂ ᠲᠣᠬᠢᠷᠠᠭᠤᠯᠬᠤ ᠳᠤᠭᠤᠶᠢᠯᠠᠩ᠂    ᠪᠠᠺᠲ᠋ᠧᠷᠢ ᠤᠰᠠᠳᠬᠠᠬᠤ ᠳᠤᠭᠤᠶᠢᠯᠠᠩ ᠪᠠᠶᠢᠭᠤᠯᠵᠤ᠂ ᠪᠥᠬᠦ  ᠲᠤᠭᠤᠷᠢᠭ ᠤᠨ ᠡᠮᠴᠢ ᠰᠤᠪᠢᠯᠠᠭᠴᠢᠳ ᠪᠣᠯᠤᠨ ᠲᠣᠰᠬᠤᠨ ᠤ ᠰᠠᠭᠤᠭᠠᠯᠢ ᠠᠷᠠᠳ ᠤᠨ ᠰᠦᠯᠵᠢᠶᠡᠨ ᠤ ᠳᠠᠷᠤᠭ᠎ᠠ ᠶᠢᠨ ᠡᠮᠴᠢᠯᠡᠭᠡᠨ ᠤ ᠠᠪᠤᠷᠠᠨ ᠵᠠᠰᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂  ᠠᠷᠢᠭᠤᠳᠬᠠᠬᠤ ᠵᠡᠷᠭᠡ ᠳᠤ ᠪᠥᠬᠦ ᠲᠠᠯ᠎ᠠ ᠶᠢᠨ ᠰᠢᠰᠲ᠋ᠧᠮ ᠤᠨ ᠲᠤᠰᠬᠠᠶ ᠮᠡᠷᠭᠡᠵᠢᠯ ᠤᠨ  ᠪᠤᠯᠪᠠᠰᠤᠷᠠᠯ ᠬᠦᠷᠲᠡᠭᠡᠪᠡ᠃ ᠨᠢᠭᠡᠳᠦᠭᠡᠷ ᠲᠤ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢ ᠬᠠᠯᠠᠭᠤᠷᠠᠬᠤ ᠡᠭᠦᠳᠡᠨ ᠡᠮᠨᠡᠯᠭᠡ ᠪᠣᠯᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠᠷ ᠲᠣᠭᠲᠠᠭᠠᠵᠤ᠂ ᠪᠦᠬᠦ ᠡᠮᠴᠢ ᠰᠤᠪᠢᠯᠠᠭᠴᠢᠳ ᠠᠵᠢᠯᠲᠠᠨ ᠠᠵᠢᠯ ᠎ ᠤᠨ ᠪᠠᠶᠢᠷᠢ ᠳᠤ ᠭᠠᠷᠬᠤ ᠶᠢᠨ ᠬᠠᠮᠲᠤ᠂ ᠬᠠᠯᠳᠠᠪᠤᠷᠢᠲᠤ ᠡᠪᠡᠳᠴᠢᠨ ᠤ ᠣᠷᠣᠨ ᠢ ᠦᠳᠲᠡᠷ ᠲᠦᠷᠭᠡᠨ ᠳᠡᠰ ᠳᠡᠪᠰᠢᠭᠦᠯᠦᠨ ᠥᠭᠡᠷᠡᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠡᠮ ᠡᠮᠨᠡᠯᠭᠡ ᠶᠢᠨ ᠠᠪᠤᠷᠠᠨ ᠵᠠᠰᠠᠬᠤ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠶ᠃ ᠲᠣᠭᠤᠷᠢᠭ ᠤᠨ ᠬᠠᠷᠢᠶ᠎ᠠ ᠡᠮᠨᠡᠯᠭᠡ ᠶᠢᠨ ᠬᠤᠷᠢᠶ᠎ᠠ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ︵ᠥᠷᠲᠡᠭᠡ︶᠎ ᠨᠢ ᠴᠥᠮ  ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠠᠩᠬ᠎ᠠ ᠣᠨᠣᠰᠢᠯᠠᠬᠤ ᠶᠢ ᠬᠠᠷᠢᠭᠤᠴᠠᠬᠤ ᠪᠠ ᠳᠠᠩᠰᠠᠯᠠᠨ ᠲᠡᠮᠳᠡᠭᠯᠡᠭᠰᠡᠨ ᠮᠡᠳᠡᠭᠦᠯᠦᠯᠲᠡ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠃        ᠰᠤᠷᠪᠤᠯᠵᠢᠯᠠᠭᠴᠢ᠄  ᠮᠠᠨ ᠤ  ᠲᠤᠭᠤᠷᠢᠭ  ︽ᠲᠣᠮᠣ ᠳ᠋ᠠᠶᠢᠲ᠋ᠠ + ᠲᠤᠤᠷᠴᠢᠯᠠᠭᠰᠠᠨ︾ ᠬᠠᠮᠢᠶᠠᠷᠤᠯᠲᠠ ᠶᠢᠨ ᠵᠠᠭᠪᠤᠷ ᠢ  ᠬᠡᠷᠬᠢᠨ  ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ ᠪᠣᠶ︖       ᠎ ᠪᠠᠨ ᠰᠢᠤ ᠫᠢᠩ᠄ ᠮᠠᠨ ᠤ ᠲᠤᠭᠤᠷᠢᠭ ᠲᠠᠯ᠎ᠠ ᠨᠤᠲᠤᠭ ᠤᠨ ᠡᠭᠦᠯᠡᠨ ᠬᠥᠨᠳᠡᠶ ᠶᠢᠨ ᠲᠣᠮᠣ ᠳ᠋ᠠᠶᠢᠲ᠋ᠠ ᠶᠢᠨ ᠠᠵᠤ ᠦᠶᠯᠡᠰ  ᠤᠨ ᠳᠠᠪᠠᠭᠤᠯᠢᠭ ᠢ ᠠᠰᠢᠭᠯᠠᠨ᠂ ᠤᠶᠤᠨᠲᠤ ᠬᠤᠲᠠ ᠶᠢᠨ ᠲᠠᠪᠴᠠᠩ ᠳᠤ ᠲᠦᠰᠢᠭᠯᠡᠨ᠂ ︽ᠲᠣᠮᠣ ᠳ᠋ᠠᠶᠢᠲ᠋ᠠ + ᠲᠤᠤᠷᠴᠢᠯᠠᠭᠰᠠᠨ︾ ᠬᠠᠮᠢᠶᠠᠷᠤᠯᠲᠠ ᠶᠢᠨ ᠵᠠᠭᠪᠤᠷ ᠢ ᠠᠰᠢᠭᠯᠠᠨ᠂ 1 ᠰᠠᠷ᠎ᠠ ᠶᠢᠨ 31᠎ ᠤ ᠡᠳᠦᠷ ︽ᠬᠤᠲᠠ ᠎ ᠶᠢ ᠬᠥᠮᠦᠨ ᠪᠦᠬᠦᠨ ᠬᠠᠮᠢᠶᠠᠷᠬᠤ︾ ᠸᠢᠴᠠᠲ ᠤᠨ ᠨᠡᠶᠢᠲᠡ ᠶᠢᠨ ᠳ᠋ᠤᠭᠠᠷ ᠢ ᠪᠠᠴᠢᠮ ᠰᠦᠯᠵᠢᠶᠡᠨ ᠳᠤ ᠭᠠᠷᠭᠠᠪᠠ᠃ ᠬᠥᠮᠦᠨ ᠠᠮᠠ ᠶᠢᠨ ᠲᠣᠤᠷᠵᠢᠭᠤᠯᠤᠭᠰᠠᠨ ᠪᠠᠶᠢᠴᠠᠭᠠᠯᠲᠠ᠂ ᠰᠠᠭᠤᠭᠠᠯᠢ ᠠᠷᠠᠳ ᠤᠨ ᠡᠯᠧᠺᠲᠷᠣᠨ ᠨᠡᠪᠲᠡᠷᠡᠬᠦ ᠦᠨᠠᠮᠯᠠᠨ᠂ ᠪᠠᠭ᠎ᠠ ᠲᠣᠭᠤᠷᠢᠭ᠂ ᠬᠤᠳᠠᠯᠳᠤᠭᠠᠨ ᠤ ᠬᠡᠲᠦ ᠳᠡᠯᠭᠡᠭᠦᠷ ᠵᠢᠴᠢ ᠬᠤᠲᠠ ᠶᠢᠨ ᠣᠷᠣᠵᠤ ᠭᠠᠷᠬᠤ ᠭᠠᠵᠠᠷ ᠤᠨ ᠺᠣᠳ᠋ ᠰᠢᠷᠪᠢᠵᠦ ᠳᠠᠩᠰᠠᠯᠠᠬᠤ᠂ ᠰᠠᠭᠤᠭᠠᠯᠢ ᠠᠷᠠᠳ ᠤᠨ ᠠᠰᠠᠭᠤᠨ ᠯᠠᠪᠯᠠᠬᠤ ᠲᠤᠰᠠᠯᠠᠮᠵᠢ ᠭᠤᠶᠤᠬᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ᠂ ᠭᠡᠷ ᠪᠠᠶᠢᠰᠢᠩ ᠲᠦᠷᠢᠶᠡᠰᠦᠯᠡᠬᠦ ᠶᠢ ᠬᠠᠷᠭᠤᠭᠤᠯᠤᠨ ᠪᠠᠶᠢᠴᠠᠭᠠᠬᠤ  ᠂ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡ ᠵᠡᠷᠭᠡ ᠴᠢᠳᠠᠮᠵᠢ ᠶᠢᠨ ᠬᠡᠰᠡᠭ ᠢ ᠨᠡᠭᠡᠭᠡᠵᠦ᠂ ᠮᠡᠳᠡᠭᠡ  ᠵᠠᠩᠭᠢᠵᠢᠯᠠᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠢ  ᠬᠡᠷᠡᠭᠯᠡᠨ᠎ᠡ  ᠃ ᠰᠢᠷᠪᠢᠯᠲᠡ᠂ ᠬᠠᠮᠲᠤᠷᠠᠭᠰᠠᠨ ᠬᠤᠯᠪᠣᠭ᠎ᠠ᠂ ᠴᠠᠬᠢᠯᠭᠠᠨ ᠬᠤᠯᠪᠣᠭᠠᠨ ᠤ ︽ᠭᠤᠷᠪᠠᠨ ᠶᠡᠭᠡ ᠬᠡᠷᠡᠭᠯᠡᠭᠡᠨ ᠤ  ᠬᠤᠳᠠᠯᠳᠤᠭᠠᠴᠢᠨ︾᠎ ᠤ ᠬᠤᠶᠠᠷ ᠬᠡᠮᠵᠢᠯᠳᠦ ᠲᠡᠮᠳᠡᠭ ᠢᠶᠠᠷ ᠳᠡᠮᠵᠢᠨ᠂ ᠪᠤᠴᠠᠵᠤ ᠴᠤᠭᠯᠠᠷᠠᠭᠰᠠᠨ ᠬᠥᠮᠦᠰ ᠤᠨ 15 ᠡᠳᠦᠷ ᠤᠨ ᠠᠵᠢᠯᠯᠠᠭᠠᠨ ᠤ ᠵᠠᠮ ᠢ ᠣᠨᠣᠪᠴᠢᠲᠠᠶ ᠡᠵᠡᠮᠰᠢᠨ᠎ᠡ᠃ ︽ᠬᠤᠲᠠ ᠶᠢ ᠬᠥᠮᠦᠨ ᠪᠦᠬᠦᠨ ᠬᠠᠮᠢᠶᠠᠷᠬᠤ︾ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠡᠮᠵᠢᠨ᠂   ᠲᠤᠰᠠᠭᠠᠷᠯᠠᠵᠤ ᠬᠠᠮᠢᠶᠠᠷᠤᠨ ᠡᠵᠡᠮᠳᠡᠬᠦ ᠲᠥᠷᠥᠯ ᠬᠡᠯᠪᠡᠷᠢ ᠶᠢ ᠲᠣᠳᠣᠷᠬᠠᠶᠢᠯᠠᠵᠤ᠂ ᠲᠤᠬᠠᠶ ᠎ ᠶᠢᠨ ᠲᠠᠯᠠᠪᠤᠷ ᠤᠨ ᠳᠤᠯᠠᠭᠠᠨ  ᠢ ᠬᠡᠮᠵᠢᠭᠰᠡᠨ ᠬᠤᠶᠢᠨ᠎ᠠ ᠡᠯ᠎ᠡ ᠪᠣᠭᠤᠮᠲᠠ ᠶᠢᠨ ᠠᠵᠢᠯᠲᠠᠨ ᠠᠴᠠ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠲᠣᠭᠲᠠᠭᠰᠠᠨ ᠵᠣᠴᠢᠳ ᠤᠨ ᠪᠠᠭᠤᠳᠠᠯ ᠳᠤ  ᠮᠠᠳᠡᠭᠳᠡᠵᠦ ᠪᠠᠶᠢᠭᠠᠳ ᠭᠡᠷ ᠲᠡᠭᠡᠨ ︵ᠠᠨᠠᠭᠠᠬᠤ ᠤᠬᠠᠭᠠᠨ︶᠎  ᠲᠤᠰᠠᠭᠠᠷᠯᠠᠭᠤᠯᠬᠤ ᠪᠠ ᠲᠥᠪᠯᠡᠷᠡᠭᠦᠯᠦᠨ ᠠᠨᠠᠭᠠᠬᠤ  ᠤᠬᠠᠭᠠᠨ ᠤ ᠲᠤᠰᠠᠭᠠᠷᠯᠠᠭᠤᠯᠬᠤ ᠡᠵᠡᠮᠳᠡᠯ ᠢ ᠰᠠᠶᠢᠲᠤᠷ ᠬᠢᠵᠦ᠂ ︽ᠲᠣᠮᠣ ᠳ᠋ᠠᠶᠢᠲ᠋ᠠ︾᠎ ᠶᠢ ᠬᠡᠷᠡᠭᠯᠡᠨ ᠬᠢᠵᠢᠭ ᠤᠨ ᠪᠠᠶᠢᠳᠠᠯ ᠢ ᠣᠨᠣᠪᠴᠢᠲᠠᠶ ᠡᠰᠡᠷᠭᠦᠴᠡᠬᠦ ᠶᠢ ᠦᠨᠡᠨ ᠬᠦ ᠪᠡᠶᠡᠯᠡᠭᠦᠯᠪᠡ᠃ ᠡᠯ᠎ᠡ ᠪᠣᠭᠤᠮᠲᠠ᠂ ᠰᠠᠭᠤᠭᠠᠯᠢ ᠲᠣᠭᠤᠷᠢᠭ ᠤᠨ ᠣᠷᠣᠵᠤ ᠭᠠᠷᠬᠤ ᠡᠭᠦᠳᠡ᠂ ᠵᠢᠨᠢᠩ ᠤᠨ ᠡᠮᠦᠨ᠎ᠡ ᠥᠷᠲᠡᠭᠡ᠂ ᠲᠦᠷᠭᠡᠨ ᠳᠠᠪᠬᠢᠬᠤ ᠲᠡᠮᠦᠷ ᠵᠠᠮ ᠤᠨ ᠥᠷᠲᠡᠭᠡ ᠶᠢᠨ ᠨᠡᠶᠢᠲᠡ ᠺᠣᠳ᠋ ᠰᠢᠷᠪᠢᠵᠦ ᠳᠤᠯᠠᠭᠠᠨ ᠬᠡᠮᠵᠢᠬᠦ ᠪᠠᠶᠢᠴᠠᠭᠠᠯᠲᠠ 1336.5 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃       ᠰᠤᠷᠪᠤᠯᠵᠢᠯᠠᠭᠴᠢ᠄ ᠮᠠᠨ ᠤ ᠲᠤᠭᠤᠷᠢᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠤᠭᠤᠴᠠᠭᠠᠨ ᠳᠤ ᠨᠠᠶᠢᠭᠡᠮ ᠤᠨ ᠡᠵᠡᠮᠳᠡᠨ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖        ᠎ ᠪᠠᠨ ᠰᠢᠤ ᠫᠢᠩ᠄ 2020 ᠣᠨ ᠤ 1 ᠰᠠᠷ᠎ᠠ ᠶᠢᠨ 23᠎ ᠤ ᠡᠳᠦᠷ᠂ ᠮᠠᠨ ᠤ ᠲᠤᠭᠤᠷᠢᠭ  ᠤᠨ ᠬᠠᠷᠢᠶ᠎ᠠ ᠣᠷᠣᠨ ᠤ ᠬᠡᠪᠴᠢᠶᠡᠨ ᠳᠠᠬᠢ ᠨᠣᠮ ᠤᠨ ᠰᠠᠩ᠂ ᠰᠣᠶᠣᠯ ᠤᠨ ᠣᠷᠳᠣᠨ᠂ ᠠᠷᠠᠳ ᠤᠨ ᠵᠠᠩ ᠦᠢᠯᠡ ᠶᠢᠨ ᠮᠦᠽᠧᠶ᠂ ᠳᠠᠶᠢᠯᠠᠯᠳᠤᠭᠠᠨ ᠤ ᠳᠤᠷᠠᠰᠬᠠᠯ ᠤᠨ ᠣᠷᠳᠣᠨ᠂ 105 ᠲᠣᠰᠬᠤᠨ ︵ᠨᠡᠶᠢᠭᠡᠮ ᠲᠣᠭᠤᠷᠢᠭ︶᠎ ᠤ ᠰᠣᠶᠣᠯ ᠤᠨ ᠠᠵᠢᠯᠯᠠᠭᠠᠨ ᠤ ᠲᠥᠪ᠂ 23 ᠪᠣᠳᠠᠲᠤ ᠴᠣᠭᠴᠠ ᠶᠢᠨ ᠨᠣᠮ ᠤᠨ ᠳᠡᠯᠭᠡᠭᠦᠷ᠂ 56 ᠰᠦᠯᠵᠢᠶᠡᠨ ᠤ ᠪᠠᠭᠠᠷ᠂ 140 ᠵᠤᠭ᠎ᠠ ᠴᠡᠩᠭᠡᠯ ᠤᠨ ᠭᠠᠵᠠᠷ᠂ 4 A ᠲᠠᠰ ᠤᠨ ᠵᠢᠭᠤᠯᠴᠢᠯᠠᠯ  ᠤᠨ ᠦᠵᠡᠮᠵᠢ ᠶᠢᠨ ᠣᠷᠣᠨ᠂ 4 ᠣᠳᠣᠨ ᠲᠠᠰ ᠤᠨ ᠲᠠᠷᠢᠶᠠᠴᠢᠨ ᠠᠶᠢᠯ ᠤᠨ ᠵᠤᠭᠠᠴᠠᠯ᠂ 6 ᠤᠮᠪᠠᠯᠲᠠ ᠶᠢᠨ ᠣᠷᠳᠣᠨ᠂ 3 ᠰᠠᠭᠰᠤᠨ ᠪᠥᠮᠪᠦᠭᠡ ᠶᠢᠨ ᠣᠷᠳᠣᠨ᠂ 2 ᠪᠡᠶ᠎ᠡ ᠶᠢᠨ ᠲᠠᠮᠢᠷ ᠤᠨ ᠣᠷᠳᠣᠨ᠂ 7 ᠪᠡᠶ᠎ᠡ  ᠴᠢᠬᠢᠷᠠᠭᠵᠢᠭᠤᠯᠬᠤ ᠬᠡᠷ᠂ 4 ᠮᠥᠰᠥ ᠴᠠᠰᠤᠨ ᠤ ᠲᠠᠮᠢᠷ ᠤᠨ ᠲᠠᠯᠠᠪᠤᠷ᠂ 90 ᠵᠢᠭᠤᠯᠴᠢᠯᠠᠯ ᠤᠨ ᠭᠠᠵᠠᠷ᠂ 186 ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ 16 ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠵᠢᠴᠢ ᠪᠣᠶ ᠪᠥᠬᠦᠶ ᠠᠮᠢᠳᠤ ᠵᠢᠭᠦᠷᠲᠡᠨ ᠢ ᠪᠣᠷᠣᠯᠠᠭᠤᠯᠬᠤ ᠵᠠᠬ᠎ᠠ ᠳᠡᠯᠭᠡᠭᠦᠷ ᠢ ᠪᠦᠬᠦᠨ ᠢ ᠬᠠᠭᠠᠵᠤ ᠵᠣᠭᠰᠣᠭᠠᠵᠠᠶ᠃  ᠪᠠᠭᠤᠳᠠᠯ᠂ ᠵᠣᠴᠢᠳ ᠤᠨ ᠪᠠᠭᠤᠳᠠᠯ ᠵᠡᠷᠭᠡ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠠᠯᠢᠪᠠ ᠳᠠᠶᠢᠯᠠᠯᠭ᠎ᠠ ᠪᠠ ᠬᠠᠮᠲᠤ ᠶᠢᠨ ᠬᠤᠭᠤᠯᠠ ᠶᠢ ᠬᠦᠴᠦᠨ ᠦᠭᠡᠢ ᠪᠣᠯᠭᠠᠵᠤ᠂   ᠱᠠᠰᠢᠨ ᠰᠤᠷᠲᠠᠬᠤᠨ ᠤ ᠴᠤᠭᠯᠠᠭᠠᠨ᠂ ᠤᠷᠠᠨ ᠰᠠᠶᠢᠬᠠᠨ ᠤ ᠲᠣᠭᠯᠠᠯᠲᠠ᠂  ᠤᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠣᠬᠢᠶᠠᠨ ᠪᠠᠶᠢᠭᠤᠯᠬᠤ ᠶᠢ ᠴᠢᠩᠭ᠎ᠠ  ᠴᠠᠭᠠᠵᠢᠯᠠᠨ᠎ᠠ  ᠃ ᠪᠤᠰᠤᠳ ᠪᠠᠷᠢᠯᠭ᠎ᠠ ᠶᠢᠨ ᠮᠠᠲ᠋ᠧᠷᠢᠶᠠᠯ ᠤᠨ ᠭᠡᠷ ᠤᠨ ᠬᠡᠷᠡᠭᠰᠡᠯ᠂ ᠪᠠᠷᠠᠭ᠎ᠠ ᠬᠤᠳᠠᠯᠳᠤᠨ ᠠᠪᠬᠤ ᠳᠡᠯᠭᠡᠭᠦᠷ᠂  ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠪᠦᠬᠦᠨ ᠢ ᠬᠠᠭᠠᠵᠤ ᠵᠣᠭᠰᠣᠭᠠᠪᠠ᠃ ᠬᠡᠪ ᠤᠨ ᠶᠣᠰᠣᠭᠠᠷ ᠠᠵᠢᠯ ᠡᠬᠢᠯᠡᠭᠦᠯᠦᠭᠰᠡᠨ ᠬᠤᠳᠠᠯᠳᠤᠭᠠᠨ ᠤ ᠬᠡᠲᠦ ᠳᠡᠯᠭᠡᠭᠦᠷ ︵ᠬᠤᠲᠠ︶᠎ ᠤᠨ ᠲᠠᠯᠠᠪᠠᠶ ᠳᠤ 2 ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ 8 ᠲᠣᠮᠣ ᠬᠡᠯᠪᠡᠷᠢ ᠶᠢᠨ ᠬᠡᠲᠦ ᠳᠡᠯᠭᠡᠭᠦᠷ  ᠂ 19 ᠬᠡᠯᠬᠢᠶ᠎ᠡ ᠬᠡᠲᠦ ᠳᠡᠯᠭᠡᠭᠦᠷ᠂  ᠳᠠᠩᠰᠠᠯᠠᠬᠤ ᠭᠠᠵᠠᠷ ᠪᠠ ᠪᠡᠶ᠎ᠡ ᠶᠢᠨ ᠳᠤᠯᠠᠭᠠᠨ ᠢ  ᠪᠠᠶᠢᠴᠠᠭᠠᠬᠤ ᠴᠡᠭ ᠭᠠᠷᠭᠠᠵᠤ᠂ ᠵᠣᠴᠢᠳ ᠡᠷᠬᠡᠪᠰᠢ ᠠᠮᠠᠪᠴᠢ ᠵᠡᠭᠦᠵᠦ ᠣᠷᠣᠵᠤ ᠭᠠᠷᠬᠤ ᠬᠡᠷᠡᠭᠲᠡᠶ᠂ ᠬᠤᠳᠠᠯᠳᠤᠭᠠᠨ ᠤ ᠪᠤᠷᠤᠯᠤᠯᠭ᠎ᠠ  ᠶᠢ ᠠᠬᠢᠭᠤᠯᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃         ᠬᠠᠷᠢᠶ᠎ᠠ ᠣᠷᠣᠨ ᠤ ᠬᠡᠪᠴᠢᠶᠡᠨ ᠳᠣᠲᠣᠷ᠎ᠠ 15 ᠪᠣᠭᠤᠮᠲᠠ ᠪᠠ 2 ᠪᠠᠶᠢᠴᠠᠭᠠᠬᠤ ᠥᠷᠲᠡᠭᠡ ︵ᠵᠢᠨᠢᠩ ᠤᠨ ᠡᠮᠦᠨ᠎ᠡ ᠥᠷᠲᠡᠭᠡ᠂ ᠨᠢᠰᠬᠡᠯ ᠤᠨ ᠪᠠᠭᠤᠳᠠᠯ ᠤᠨ ᠪᠠᠶᠢᠴᠠᠭᠠᠬᠤ ᠥᠷᠲᠡᠭᠡ︶ ᠪᠠᠶᠢᠷᠢᠯᠠᠭᠤᠯᠬᠤ ᠶᠢᠨ ᠬᠠᠮᠲᠤ ᠲᠤᠰᠬᠠᠶ  ᠮᠡᠷᠭᠡᠵᠢᠯ ᠤᠨ ᠡᠮᠴᠢ ᠰᠤᠪᠢᠯᠠᠭᠴᠢ ᠪᠠ ᠡᠮ ᠡᠮᠨᠡᠯᠭᠡ ᠶᠢᠨ ᠬᠠᠮᠠᠭᠠᠯᠠᠯᠲᠠ ᠶᠢᠨ ᠬᠡᠷᠡᠭᠰᠡᠯ ᠲᠣᠬᠢᠷᠠᠭᠤᠯᠵᠤ᠂ ᠪᠤᠶ ᠪᠦᠬᠦᠢ ᠣᠷᠣᠵᠤ ᠭᠠᠷᠬᠤ ᠬᠥᠮᠦᠰ ᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠬᠡᠷᠡᠭᠲᠡᠶ ᠃ 1 ᠰᠠᠷ᠎ᠠ ᠶᠢᠨ 27᠎ ᠤ ᠡᠳᠦᠷ᠂ ᠲᠡᠭᠡᠭᠡᠪᠦᠷᠢ ᠶᠢᠨ ᠲᠥᠪ ᠬᠤᠲᠠ ᠶᠢᠨ ᠲᠣᠭᠤᠷᠢᠭ ᠤᠨ ᠪᠥᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠂ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠶᠢ ᠬᠠᠭᠠᠵᠤ᠂ G6 ᠥᠨᠳᠥᠷ ᠬᠤᠷᠳᠤᠴᠠᠲᠤ ᠵᠢᠨᠢᠩ ᠡᠮᠦᠨ᠎ᠡ ᠦᠷᠡᠭᠳᠡᠭᠡ  ︵ᠬᠥᠮᠦᠨ ᠤ ᠲᠤᠰᠬᠠᠶ ᠬᠡᠷᠡᠭᠯᠡᠬᠦ ᠵᠠᠮ︶ ᠪᠠ ᠵᠢᠨᠢᠩ ᠵᠡᠭᠦᠨ ᠦᠷᠲᠡᠭᠡ ︵ᠡᠳ᠋ ᠪᠣᠳᠠᠰ ᠤᠨ ᠲᠤᠰᠬᠠᠶ ᠬᠡᠷᠡᠭᠯᠡᠬᠦ ᠵᠠᠮ︶᠎ ᠠᠴᠠ ᠭᠠᠳᠠᠨᠠᠬᠢ ᠪᠣᠶ ᠪᠥᠬᠦᠶ ᠣᠷᠣᠵᠤ ᠭᠠᠷᠬᠤ ᠡᠭᠦᠳᠡ ᠶᠢ ᠪᠢᠲᠡᠭᠦᠮᠵᠢᠯᠡᠨ ᠵᠣᠭᠰᠣᠭᠠᠪᠠ᠃ ᠵᠠᠮ ᠬᠠᠷᠢᠯᠴᠠᠭᠠᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠰᠡᠷᠭᠦᠭᠡᠬᠦ ᠶᠢᠨ ᠲᠥᠯᠥᠭᠡ᠂ 2 ᠰᠠᠷ᠎ᠠ ᠶᠢᠨ 8 ᠎ ᠤ ᠡᠳᠦᠷ᠂ 4 ᠪᠣᠭᠤᠮᠲᠠ ᠶᠢ ᠬᠤᠤᠰ ᠴᠢᠭᠯᠡᠯ ᠢᠶᠠᠷ ᠨᠡᠭᠡᠭᠡᠯᠲᠡ ᠬᠢᠬᠦ ︵ᠤᠤᠯ ᠨᠢ ᠵᠥᠪᠬᠡᠨ ᠣᠷᠣᠵᠤ ᠭᠠᠷᠬᠤ ᠠᠴᠠ ᠪᠢᠰᠢ ᠣᠷᠣᠵᠤ ᠪᠣᠯᠬᠤ ᠥᠬᠡᠶ︶ ᠪᠣᠯᠭᠠᠨ ᠲᠣᠬᠢᠷᠠᠭᠤᠯᠵᠤ᠂ ᠲᠤᠬᠠᠶ ᠶᠢᠨ ᠲᠠᠯᠠᠪᠤᠷ ᠤᠨ ᠺᠣᠳ᠋ ᠰᠢᠷᠪᠢᠵᠦ ᠳᠤᠯᠠᠭᠠᠨ ᠢ  ᠬᠡᠮᠵᠢᠭᠰᠡᠨ  ᠤ ᠳᠠᠷᠠᠭ᠎ᠠ᠂ ᠪᠣᠭᠤᠮᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠴᠠ ᠰᠢᠶᠠᠩ  ᠪᠠᠯᠭᠠᠰᠤ  ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠲᠣᠭᠲᠠᠭᠰᠠᠨ ᠵᠣᠴᠢᠳ ᠤᠨ ᠪᠠᠭᠤᠳᠠᠯ  ᠂ ᠭᠡᠷ ᠲᠡᠭᠡᠨ ᠰᠠᠭᠤᠵᠤ ︵ᠠᠨᠠᠭᠠᠬᠤ ᠤᠬᠠᠭᠠᠨ︶ ᠲᠤᠰᠠᠭᠠᠷᠯᠠᠭᠰᠠᠨ ᠪᠤᠶᠤ ᠠᠨᠠᠭᠠᠬᠤ ᠤᠬᠠᠭᠠᠨ ᠤ ᠲᠤᠰᠠᠭᠠᠷᠯᠠᠭᠰᠠᠨ ᠵᠠᠭᠠᠳᠠᠰᠤ ᠥᠬᠡᠶ ᠬᠤᠭᠤᠯᠠᠶ ᠶᠢ ᠰᠠᠶᠢᠲᠤᠷ ᠡᠵᠡᠮᠳᠡᠨ᠎ᠡ᠃ 2 ᠳ᠋ᠤᠭᠠᠷ ᠰᠠᠷ᠎ᠠ ᠶᠢᠨ 12᠎ ᠤᠨ ᠡᠳᠦᠷ᠂ ᠵᠢᠨᠢᠩ ᠤᠨ ᠡᠮᠦᠨ᠎ᠡ ᠥᠷᠲᠡᠭᠡ᠂ ᠳᠡᠭᠡᠳᠦ ᠬᠤᠷᠳᠤᠴᠠᠲᠤ ᠲᠡᠮᠦᠷ ᠵᠠᠮ ᠤᠨ ᠤᠯᠠᠭᠠᠨᠴᠠᠪ ᠤᠨ ᠥᠷᠲᠡᠭᠡ ᠠᠴᠠ ᠪᠠᠭᠤᠵᠤ ᠤᠯᠠᠭᠠᠨᠴᠠᠪ ᠬᠤᠲᠠ ᠶᠢᠨ ᠪᠤᠰᠤᠳ ᠬᠤᠰᠢᠭᠤ ᠰᠢᠶᠠᠨ ᠳᠤ ᠣᠴᠢᠬᠤ ᠪᠠ ᠡᠮᠦᠨ᠎ᠡ  ᠥᠷᠲᠡᠭᠡ᠂ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ ᠠᠴᠠ ᠮᠠᠨ ᠤ  ᠲᠤᠭᠤᠷᠢᠭ ᠎ ᠲᠤ ᠢᠷᠡᠵᠦ  ᠲᠡᠷᠭᠡ ᠰᠤᠯᠢᠬᠤ ᠪᠤᠶᠤ  ᠲᠦᠷ ᠴᠠᠭ  ᠬᠤᠨᠣᠭᠯᠠᠬᠤ ᠴᠢᠬᠤᠯᠠᠲᠠᠶ ᠠᠶᠠᠨᠴᠢᠳ ᠲᠤ ᠴᠢᠭᠯᠡᠭᠦᠯᠦᠨ᠂  ᠲᠤᠰᠬᠠᠢ ᠵᠣᠴᠢᠳ ᠤᠨ ᠪᠠᠭᠤᠳᠠᠯ ᠢ ᠵᠢᠭᠠᠨ ᠲᠣᠭᠲᠠᠭᠠᠵᠤ ᠬᠠᠷᠢᠭᠤᠴᠠᠨ ᠭᠥᠯᠢᠶᠡᠨ  ᠠᠪᠬᠤ ᠶᠢᠨ ᠬᠠᠮᠲᠤ᠂ ᠲᠤᠰᠬᠠᠶ ᠬᠥᠮᠦᠨ ᠲᠣᠬᠢᠷᠠᠭᠤᠯᠵᠤ ᠡᠮᠦᠨ᠎ᠡ ᠥᠷᠲᠡᠭᠡ ᠠᠴᠠ ᠲᠡᠷᠭᠡᠨ ᠠᠴᠠ ᠪᠠᠭᠤᠯᠭᠠᠵᠤ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ ᠪᠠᠷ ᠳᠠᠮᠵᠢᠭᠤᠯᠤᠨ ᠪᠤᠰᠤᠳ ᠭᠠᠵᠠᠷ ᠣᠷᠣᠨ ᠳᠤ ᠣᠴᠢᠬᠤ ᠬᠥᠮᠦᠰ ᠢ  ᠲᠦᠪᠯᠡᠷᠡᠭᠦᠯᠦᠨ ᠬᠠᠮᠢᠶᠠᠷᠤᠨ ᠡᠵᠡᠮᠳᠡᠬᠦ᠂ ᠨᠢᠭᠡᠳᠦᠯᠲᠡᠶ ᠦᠶᠯᠡᠴᠢᠯᠡᠬᠦ ᠶᠢ  ᠦᠨᠡᠨᠬᠦ ᠪᠡᠶᠡᠯᠡᠭᠦᠯᠪᠡ᠃ 2 ᠰᠠᠷ᠎ᠠ ᠶᠢᠨ 22᠎ ᠤᠨ ᠡᠳᠦᠷ᠂ ᠵᠢᠨᠢᠩ ᠤᠨ ᠡᠮᠦᠨ᠎ᠡ ᠥᠷᠲᠡᠭᠡ ᠶᠢᠨ ᠪᠠᠶᠢᠴᠠᠭᠠᠨ ᠬᠡᠮᠵᠢᠬᠦ ᠴᠡᠭ ᠠᠴᠠ ᠭᠠᠳᠠᠨ᠎ᠠ᠂ ᠵᠠᠮ ᠬᠠᠷᠢᠯᠴᠠᠭᠠᠨ ᠤ ᠺᠠᠷᠲ ᠪᠦᠬᠦᠨ ᠢ ᠬᠦᠴᠦᠨ ᠥᠬᠡᠶ ᠪᠣᠯᠭᠠᠵᠤ᠂ ᠡᠯ᠎ᠡ ᠥᠨᠳᠥᠷ ᠬᠤᠷᠳᠤᠴᠠᠲᠤ ᠵᠠᠰᠠᠮᠠᠯ ᠵᠠᠮ᠂  ᠤᠯᠤᠰ  ᠮᠤᠵᠢ ᠶᠢᠨ ᠵᠠᠮ᠂ ᠰᠢᠶᠠᠨ ᠤ ᠵᠠᠮ᠂ ᠬᠥᠳᠡᠭᠡ ᠲᠣᠰᠬᠤᠨ ᠤ ᠵᠠᠮ ᠪᠥᠬᠦ ᠲᠠᠯ᠎ᠠ ᠪᠠᠷ ᠬᠡᠪ ᠤᠨ ᠪᠠᠶᠢᠳᠠᠯ ᠢᠶᠠᠨ ᠰᠡᠷᠭᠦᠭᠡᠭᠰᠡᠨ ᠪᠥᠭᠡᠳ ᠤᠷᠢᠳ ᠬᠤᠵᠢᠳ ᠬᠤᠶᠠᠷ ᠪᠦᠯᠦᠭ ᠤᠳᠠᠭ᠎ᠠ ᠬᠤᠪᠢᠶᠠᠨ 18 ᠵᠤᠷᠪᠤᠰ ᠵᠠᠮ ᠱᠤᠭᠤᠮ 80 ᠰᠠᠤᠷᠢ ᠨᠡᠶᠢᠲᠡ ᠶᠢᠨ ᠮᠠᠰᠢᠨ ᠲᠡᠷᠭᠡ ᠶᠢ ᠡᠬᠢᠯᠡᠭᠦᠯᠵᠦ᠂ ᠡᠳᠦᠷ ᠪᠦᠷᠢ 4 ᠴᠠᠭ ᠬᠤᠪᠢᠶᠠᠨ  ᠠᠵᠢᠯᠯᠠᠵᠠᠢ᠃ ᠵᠢᠯᠣᠭᠤᠴᠢ ᠶᠢᠨ ᠥᠷᠯᠥᠭᠡ ᠶᠢᠨ ᠪᠠᠶᠢᠴᠠᠭᠠᠯᠲᠠ ᠶᠢᠨ ᠲᠦᠷᠢᠮ ᠲᠤᠰᠢᠶᠠᠵᠤ᠂ ᠠᠶᠠᠨᠴᠢᠳ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢᠶᠠᠨ ᠨᠤᠲᠠᠯᠠᠭᠰᠠᠨ ᠤ ᠳᠠᠷᠠᠭ᠎ᠠ ᠲᠡᠷᠭᠡᠨ ᠳᠤ ᠰᠠᠭᠤᠵᠤ᠂ ᠲᠡᠷᠭᠡ ᠪᠦᠷᠢ ᠳᠤ ᠰᠠᠭᠤᠬᠤ ᠬᠥᠮᠦᠨ ᠤ ᠲᠤᠭ᠎ᠠ ᠬᠠᠮᠤᠭ ᠤᠨ ᠠᠷᠪᠢᠨ ᠳᠠᠭᠠᠨ 40 ᠬᠥᠮᠦᠨ ᠠᠴᠠ ᠬᠡᠲᠦᠷᠡᠵᠦ ᠪᠣᠯᠬᠤ ᠥᠬᠡᠶ᠂ ᠨᠢᠭᠡ ᠤᠳᠠᠭ᠎ᠠ ᠠᠶᠠᠯᠠᠬᠤ ᠳᠤ   ᠪᠥᠬᠦ ᠲᠠᠯ᠎ᠠ ᠪᠠᠷ  ᠠᠷᠢᠭᠤᠳᠬᠠᠨ᠎ᠠ᠃        ᠰᠤᠷᠪᠤᠯᠵᠢᠯᠠᠭᠴᠢ  ᠄ ᠮᠠᠨ ᠤ  ᠲᠤᠭᠤᠷᠢᠭ  ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠠᠩᠭᠠᠯᠭ᠎ᠠ ᠶᠢ ᠬᠡᠷᠬᠢᠨ ᠪᠠᠳᠤᠯᠠᠬᠤ ᠵᠢᠴᠢ ᠬᠠᠶᠢᠷ᠎ᠠ ᠬᠠᠯᠠᠮᠵᠢ ᠭᠥᠷᠳᠡᠭᠰᠡᠳ᠂ ᠰᠠᠶᠢᠨ ᠳᠤᠷᠠᠴᠤᠳ ᠢ ᠬᠥᠲᠥᠯᠦᠨ ᠵᠢᠯᠣᠭᠤᠳᠴᠤ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠤᠯᠬᠤ ᠪᠣᠶ︖      ᠎ ᠪᠠᠨ ᠰᠢᠤ ᠫᠢᠩ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠢᠨ ᠤ ᠬᠤᠭᠤᠴᠠᠭᠠᠨ ᠳᠤ᠂ ᠮᠠᠨ ᠤ  ᠲᠤᠭᠤᠷᠢᠭ ︽ᠭᠤᠷᠪᠠ ᠶᠢ ᠤᠷᠢᠳ ᠢᠶᠠᠷ ᠪᠣᠳᠣᠯᠬᠢᠯᠠᠬᠤ ᠥᠬᠡᠶ ᠪᠠᠶᠢᠬᠤ︾ ᠪᠠ ︽ᠨᠢᠭᠡ ᠶᠢ ᠲᠠᠰᠤᠯᠵᠤ ᠭᠤᠷᠪᠠ ᠶᠢ ᠲᠠᠰᠤᠷᠠᠯᠳᠠ ᠥᠬᠡᠶ ᠪᠠᠶᠢᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ G6 ᠥᠨᠳᠥᠷ ᠬᠤᠷᠳᠤᠴᠠᠲᠤ ᠵᠢᠨᠢᠩ ᠤᠨ ᠵᠡᠭᠦᠨ  ᠭᠠᠷᠬᠤ ᠦᠷᠲᠡᠭᠡ  ᠶᠢ ᠪᠠᠷᠠᠭᠠᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠵᠠᠮ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭᠠᠨ ᠤ ᠲᠡᠷᠭᠡ ᠬᠥᠰᠬᠡ ᠶᠢᠨ ᠨᠡᠪᠲᠡᠷᠡᠬᠦ ᠶᠢ ᠤᠷᠢᠳᠠᠪᠠᠷ ᠪᠠᠲᠤᠯᠠᠨ᠎ᠠ᠃ ᠡᠭᠦᠨ ᠤ ᠳᠤ ᠬᠠᠮᠲᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠲᠣᠬᠢᠷᠠᠭᠤᠯᠬᠤ ᠶᠢ ᠤᠯᠠᠮ ᠨᠢᠭᠡ ᠠᠯᠬᠤᠮ  ᠴᠢᠩᠭᠠᠳᠬᠠᠵᠦ  ᠂ ᠭᠤᠤᠯ ᠬᠤᠯᠢᠰᠢᠨ ᠢᠳᠡᠭᠡᠨ ᠤ ᠭᠦᠶᠯᠭᠡᠭᠡᠨ ᠵᠢᠴᠢ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠮᠤ ᠪᠤᠳᠠᠭ᠎ᠠ ᠲᠣᠰᠣ᠂ ᠢᠳᠡᠰᠢᠨ ᠨᠣᠭᠤᠭ᠎ᠠ ᠵᠢᠮᠢᠰ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ  ᠪᠠᠷᠠᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠤᠨ ᠬᠠᠩᠭᠠᠯᠭ᠎ᠠ ᠭᠦᠶᠴᠡᠳ ᠂ ᠦᠨ᠎ᠡ ᠬᠠᠩᠰᠢ  ᠶᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠢᠳᠤᠷᠠᠯ ᠤᠨ ᠡᠳ᠋ ᠪᠣᠳᠠᠰ ᠤᠨ ᠬᠠᠨᠭ᠍ᠭᠠᠯᠭ᠎ᠠ ᠶᠢ ᠪᠦᠬᠦ ᠲᠠᠯ᠎ᠠ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠬᠤᠷᠠᠮᠳᠤᠭᠤᠯᠬᠤ ᠡᠷᠴᠢᠮ ᠢᠶᠠᠨ ᠴᠢᠩᠭᠠᠷᠠᠭᠤᠯᠵᠦ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ᠂ ᠣᠯᠠᠨ ᠲᠠᠯ᠎ᠠ ᠠᠴᠠ ᠬᠤᠳᠠᠯᠳᠤᠨ ᠠᠪᠬᠤ᠂ ᠨᠡᠶᠢᠭᠡᠮ ᠠᠴᠠ  ᠬᠠᠨᠳᠢᠪᠯᠠᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡᠨ  ᠤ ᠠᠮᠠᠪᠴᠢ᠂ ᠳᠤᠯᠠᠭᠠᠨ ᠎ ᠤ ᠬᠡᠮᠵᠢᠭᠦᠷ  ᠂ ᠰᠡᠷᠭᠡᠶᠢᠯᠡᠨ ᠬᠠᠮᠠᠭᠠᠯᠠᠬᠤ ᠬᠤᠪᠴᠠᠰᠤ ᠵᠢᠴᠢ ᠪᠤᠰᠤᠳ ᠡᠯ᠎ᠡ ᠲᠥᠷᠥᠯ ᠤᠨ ᠬᠦᠢᠲᠡᠨ ᠢ ᠰᠡᠷᠭᠡᠶᠢᠯᠡᠵᠦ  ᠳᠤᠯᠠᠭᠠᠨ ᠢ ᠬᠠᠮᠠᠭᠠᠯᠠᠬᠤ ᠪᠠ  ᠠᠷᠢᠭᠤᠳᠬᠠᠬᠤ ᠬᠡᠷᠡᠭᠯᠡᠭᠡᠨ ᠤ ᠵᠦᠶᠯ ᠢ ᠴᠤᠭᠯᠠᠭᠤᠯᠵᠤ᠂ ᠣᠲᠣ ᠨᠢᠭᠡᠨᠲᠡ ︽ᠬᠤᠲᠠ ᠎ ᠶᠢ ᠬᠥᠮᠦᠨ ᠪᠦᠬᠦᠨ ᠬᠠᠮᠢᠶᠠᠷᠬᠤ︾ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠪᠴᠠᠩ ᠪᠠ  ᠪᠠᠭ᠎ᠠ ᠲᠤᠭᠤᠷᠢᠭ ᠤᠨ ᠳᠤᠯᠠᠭᠠᠨ ᠬᠡᠮᠵᠢᠬᠦ ᠴᠡᠭ ᠵᠡᠷᠭᠡ ᠠᠷᠭ᠎ᠠ ᠵᠠᠮ ᠢᠶᠠᠷ ᠨᠡᠶᠢᠲᠡ 32 ᠲᠦᠮᠡᠨ ᠠᠮᠠᠪᠴᠢ  ᠲᠠᠷᠬᠠᠭᠠᠪᠠ᠃ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ 8.6 ᠲᠦᠮᠡᠨ ᠠᠮᠠᠪᠴᠢ᠂ ᠳᠤᠯᠠᠭᠠᠨ ᠢ ᠬᠡᠮᠵᠢᠬᠦ 325 ᠫᠤᠤ᠂ 1250 ᠢᠵᠢ ᠰᠡᠷᠭᠡᠶᠢᠯᠡᠨ ᠬᠠᠮᠠᠭᠠᠯᠠᠬᠤ ᠬᠤᠪᠴᠠᠰᠤ᠂ 18 ᠲᠣᠨ ᠡᠯ᠎ᠡ ᠲᠥᠷᠥᠯ ᠤᠨ  ᠠᠷᠢᠭᠤᠳᠬᠠᠬᠤ  ᠬᠡᠷᠡᠭᠰᠡᠯ ᠲᠦᠭᠡᠭᠡᠪᠡ᠃       ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠲᠠᠢ ᠬᠥᠮᠦᠰ ᠪᠣᠯᠤᠨ ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠰᠠᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠬᠢᠵᠢᠭ  ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠬᠡᠷᠡᠭᠲᠡᠶ᠃ ᠣᠳᠣᠬᠠᠨ ᠪᠣᠯᠲᠠᠯ᠎ᠠ ᠂ ᠨᠡᠶᠢᠭᠡᠮ ᠨᠡᠶᠢᠲᠡ ᠠᠴᠠ 1200 ᠰᠠᠶᠢᠨ ᠳᠤᠷ᠎ᠠ ᠶᠢᠨ ᠠᠵᠢᠯᠯᠠᠭᠴᠢ ᠶᠢ ᠢᠯᠡ ᠪᠠᠷ ᠡᠯᠰᠡᠵᠦ᠂ ᠴᠥᠮ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠲᠤ  ᠤᠷᠤᠯᠴᠠᠵᠦ  ᠪᠠᠶᠢᠨ᠎ᠠ  ᠃    ᠺᠠᠩ ᠲᠠᠢ ᠮᠢᠨ ᠶᠤᠸᠠᠨ ᠴᠡᠴᠡᠷᠯᠢᠭ᠂ ᠯᠠᠨ ᠬᠡ ᠬᠡ ᠰᠦ ᠶᠢᠨ ᠦᠶᠯᠡᠰ᠂  ᠮᠸᠡᠭ  ᠼᠤᠤ ᠠᠮᠢ ᠠᠬᠤᠶ ᠣᠷᠴᠢᠨ ᠲᠣᠭᠤᠷᠢᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠨᠢᠩ ᠤᠨ ᠣᠯᠠᠨ ᠤᠯᠤᠰ ᠎ ᠤᠨ ᠠᠷᠠᠰᠤᠨ ᠬᠤᠲᠠ ᠵᠡᠷᠭᠡ ᠠᠵᠤ ᠠᠬᠤᠶᠢᠯᠠᠯ ᠪᠠ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠥᠮᠦᠰ ᠤᠨ ᠬᠠᠨᠳᠢᠪ ᠢ 334.3 ᠲᠦᠮᠡᠨ ᠲᠥᠭᠦᠷᠢᠭ ᠣᠯᠵᠠᠶ  ᠃᠂ ᠡᠯ᠎ᠡ ᠲᠥᠷᠥᠯ ᠤᠨ ᠡᠳ᠋ ᠪᠣᠳᠠᠰ ᠤᠨ ᠥᠷᠲᠡᠭ 167.9 ᠲᠦᠮᠡᠨ ᠲᠥᠭᠦᠷᠢᠭ ᠲᠤ ᠬᠦᠷᠴᠦ᠂  ᠵᠢᠯᠤᠭᠤᠳᠬᠤ ᠭᠠᠵᠠᠷ ᠠᠴᠠ ᠨᠢᠭᠡᠳᠦᠯᠲᠡᠶ ᠲᠣᠬᠢᠷᠠᠭᠤᠯᠵᠤ᠂ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ  ᠵᠠᠯᠭᠠᠭ᠎ᠠ ᠪᠠᠷ ᠲᠠᠷᠬᠠᠭᠠᠭᠰᠠᠨ ᠪᠥᠭᠡᠳ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠢᠯᠡ ᠨᠡᠶᠢᠲᠡᠯᠡᠪᠡ᠃ ᠢᠯᠠᠩᠭᠤᠶ᠎ᠠ 2 ᠳ᠋ᠤᠭᠠᠷ ᠰᠠᠷ᠎ᠠ ᠶᠢᠨ 16᠎ ᠤ ᠡᠳᠦᠷ᠂ ᠮᠠᠨ ᠤ ᠲᠤᠭᠤᠷᠢᠭ ᠤᠨ  ᠭᠤᠷᠪᠠᠳᠤᠭᠠᠷ ᠡᠮᠨᠡᠯᠭᠡ ᠶᠢᠨ ᠬᠤᠷᠢᠶᠠᠨ ᠤ 8 ᠡᠮᠴᠢ ᠰᠤᠪᠢᠯᠠᠭᠴᠢᠳ ᠰᠠᠨᠠᠭᠠᠴᠢᠯᠠᠭ᠎ᠠ ᠠᠴᠠ ᠪᠠᠨ ᠪᠥᠬᠦ ᠬᠤᠲᠠ ᠶᠢᠨ ᠦᠬᠠᠨ ᠢ ᠲᠤᠰᠠᠯᠠᠬᠤ ᠡᠮᠴᠢᠯᠡᠭᠡᠨ ᠤ ᠠᠩᠭᠢ ᠶᠢᠨ ᠬᠤᠪᠧᠶ ᠳᠤ  ᠮᠤᠷᠳᠠᠵᠦ  ᠂ ᠬᠤᠪᠸᠢ ᠶᠢᠨ ᠠᠷᠠᠳ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠪᠥᠬᠦ ᠲᠠᠯ᠎ᠠ ᠪᠠᠷ ᠢᠯᠠᠯᠲᠠ ᠤᠯᠬᠤ ᠳᠤ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠯᠠᠮᠵᠢᠯᠠᠯ ᠪᠠ ᠳᠡᠮᠵᠢᠯᠭᠡ ᠶᠢ ᠠᠪᠴᠢᠷᠠᠪᠠ᠃       ᠰᠤᠷᠪᠤᠯᠵᠢᠯᠠᠭᠴᠢ᠄ ᠦᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠢᠳᠡᠪᠬᠢᠲᠡᠢ ᠪᠠᠷ ᠲᠦᠷᠦᠯ ᠬᠤᠪᠢᠶᠠᠨ ᠂ ᠤᠨᠤᠪᠴᠢᠲᠠᠢ ᠪᠠᠷ ᠡᠵᠡᠮᠳᠡᠵᠦ᠂ ᠳᠡᠰ ᠲᠠᠷᠠᠭ᠎ᠠ ᠲᠠᠢ ᠪᠠᠷ ᠠᠵᠢᠯ ᠰᠡᠷᠭᠦᠬᠡᠬᠦ ᠶᠢ ᠮᠠᠨ ᠤ ᠲᠤᠭᠤᠷᠢᠭ ᠬᠡᠷᠬᠢᠨ ᠳᠤᠬᠢᠷᠠᠭᠤᠯᠤᠭᠰᠠᠨ ᠪᠤᠢ︖      ᠎ ᠪᠠᠨ ᠰᠢᠤ ᠫᠢᠩ᠄ ᠨᠢᠭᠡ ᠳᠤ᠂ ᠲᠠᠷᠢᠶᠠᠯᠠᠬᠤ ᠪᠠᠷ ᠪᠡᠯᠡᠳᠬᠡᠬᠦ ᠬᠠᠪᠤᠷ ᠲᠠᠷᠢᠶᠠᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠨ ᠬᠢᠨ᠎ᠡ᠃ ᠲᠠᠷᠢᠶᠠᠯᠠᠬᠤ ᠪᠠᠷ ᠪᠡᠯᠡᠳᠬᠡᠬᠦ ᠬᠠᠪᠤᠷ ᠲᠠᠷᠢᠶᠠᠯᠠᠬᠤ ᠳᠤ ᠬᠡᠷᠡᠭᠰᠡᠬᠦ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠢ ᠪᠦᠬᠦ ᠲᠠᠯ᠎ᠠ ᠪᠠᠷ ᠣᠶᠢᠯᠠᠭᠠᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ᠂ ᠳᠤᠲᠠᠭᠳᠠᠵᠤ ᠪᠠᠶᠢᠭ᠎ᠠ᠂ ᠬᠠᠩᠭᠠᠯᠭ᠎ᠠ᠂ ᠪᠠᠷᠠᠭ᠎ᠠ ᠶᠢᠨ ᠭᠦᠶᠯᠭᠡᠭᠡ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠨ᠂ ᠣᠳᠣᠬᠠᠨ ᠳᠤ ᠲᠥᠮᠥᠰᠥ ᠶᠢᠨ ᠦᠷ᠎ᠡ᠂ ᠡᠷᠳᠡᠨᠢ ᠰᠢᠰᠢ ᠶᠢᠨ ᠦᠷ᠎ᠡ᠂ ᠨᠡᠷᠡᠨ ᠬᠤᠸᠠᠷ ᠤᠨ ᠦᠷ᠎ᠡ᠂ ᠰᠦᠯᠢᠶᠣᠣ ᠪᠦᠷᠬᠦᠪᠴᠢ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠬᠢᠵᠢᠭ ᠤᠨ ᠪᠠᠶᠢᠳᠠᠯ ᠎ ᠳᠤ ᠦᠨᠳᠦᠰᠦᠨ ᠳᠡᠭᠡᠨ ᠨᠥᠯᠥᠭᠡᠯᠡᠭᠳᠡᠬᠦ ᠦᠭᠡᠢ᠃ ᠳᠤᠮᠳᠠᠳᠤ ᠬᠤᠰᠢᠭᠤ᠂ ᠬᠤᠶᠢᠲᠤ ᠬᠤᠰᠢᠭᠤᠨ ᠤ ᠠᠭᠤᠯᠵᠠᠷ ᠲᠠᠬᠢ 2 ᠲᠦᠮᠡᠨ ᠮᠤ᠋ ᠡᠪᠡᠰᠦᠲᠦ ᠭᠠᠵᠠᠷ ᠢ ᠴᠠᠭ ᠲᠤᠬᠠᠶ  ᠎ ᠳᠤᠨᠢ ᠠᠮᠢᠳᠤ ᠬᠤᠯᠤᠭᠠᠨ᠎ᠠ ᠶᠢᠨ ᠨᠢᠭᠲᠠᠴᠠ ᠶᠢᠨ ᠪᠠᠶᠢᠴᠠᠭᠠᠯᠲᠠ ᠬᠢᠵᠦ᠂ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠯᠦᠬᠡᠶ ᠡᠪᠡᠳᠴᠢᠨ᠂ ᠬᠦᠨᠳᠦ ᠲᠤᠰᠳᠠᠭ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠪᠷᠦ᠋ᠼᠧᠯ ᠡᠪᠡᠳᠴᠢᠨ ᠵᠡᠷᠭᠡ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠢᠳᠡᠪᠬᠢᠲᠡᠢ ᠰᠠᠶᠢᠲᠤᠷ ᠬᠢᠵᠦ ᠂ ᠴᠠᠭᠠᠨ ᠰᠠᠷ᠎ᠠ ᠶᠢᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠥᠨᠥᠳᠦᠷ ᠦᠳᠡ ᠶᠢᠨ ᠡᠮᠦᠨ᠎ᠡ ᠪᠠᠩᠬᠢ ᠪᠠ ᠠᠵᠤ ᠠᠬᠤᠶᠢᠯᠠᠯ ᠢ ᠵᠣᠯᠭᠠᠭᠤᠯᠵᠤ  ᠂ ᠲᠥᠪᠯᠡᠷᠡᠭᠦᠯᠦᠨ ᠭᠡᠷ᠎ᠡ ᠲᠣᠭᠲᠠᠬᠤ  ᠭᠠᠷᠠᠭ ᠤᠨ ᠠᠵᠢᠯᠯᠠᠭ᠎ᠠ ᠶᠢ ᠥᠷᠨᠢᠭᠦᠯᠵᠦ᠂ 7 ᠪᠠᠩᠬᠢ᠂ 21 ᠠᠵᠤ ᠠᠬᠤᠶᠢᠯᠠᠯ ᠪᠠ 8 ᠬᠤᠪᠢ ᠶᠢᠨ ᠡᠷᠦᠬᠡ ᠲᠤᠬᠠᠶ ᠶᠢᠨ ᠲᠠᠯᠠᠪᠤᠷ ᠲᠤ ᠲᠥᠪᠯᠡᠷᠡᠭᠦᠯᠦᠨ ᠭᠡᠷ᠎ᠡ ᠲᠣᠭᠲᠠᠵᠤ᠂ 32 ᠪᠠᠯᠠ ᠳᠣᠭᠢᠷᠠᠭᠤᠯᠬᠤ  ᠬᠠᠨᠳᠤᠰᠢ ᠲᠠᠢ ᠪᠣᠯᠵᠣ᠂ ᠪᠠᠯᠠ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ 1.36 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠵᠤ ᠠᠬᠤᠶᠢᠯᠠᠯ ᠪᠠ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃        ᠬᠤᠶᠠᠷ ᠲᠤ ᠡᠯ᠎ᠡ ᠠᠵᠢᠯ ᠲᠥᠷᠥᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠡᠮᠬᠢ  ᠵᠢᠷᠤᠮ ᠲᠠᠢ ᠠᠬᠢᠭᠤᠯᠤᠨ᠎ᠠ᠃ 2 ᠰᠠᠷ᠎ᠠ ᠶᠢᠨ 22᠎ ᠤᠨ ᠡᠳᠦᠷ᠂ ᠭᠤᠴᠢᠨ ᠬᠤᠶᠠᠳᠤᠭᠠᠷ ᠲᠣᠭᠠᠲᠤ ︽ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ᠂ ᠡᠵᠡᠩᠨᠡᠯᠲᠡ ᠶᠢᠨ ᠴᠢᠨᠠᠷᠲᠠᠶ ᠲᠠᠯᠠᠪᠤᠷ ᠭᠠᠵᠠᠷ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠴᠢᠨᠠᠷᠲᠠᠶ ᠲᠠᠯᠠᠪᠤᠷ ᠭᠠᠵᠠᠷ ᠢ ᠡᠮᠬᠢ ᠵᠢᠷᠤᠮ ᠲᠠᠢ ᠨᠡᠭᠡᠭᠡᠬᠦ ᠵᠢᠴᠢ ᠰᠠᠭᠤᠭᠠᠯᠢ ᠠᠷᠠᠳ ᠤᠨ ᠲᠤᠭᠤᠷᠢᠭ ︵ᠲᠣᠰᠬᠤᠨ︶᠎ ᠤᠨ ᠬᠡᠰᠡᠭ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠦᠴᠦᠨ ᠥᠬᠡᠶ ᠪᠣᠯᠭᠠᠬᠤ ᠲᠤᠬᠠᠶ ᠠᠯᠪᠠᠨ ᠵᠠᠷ︾᠎ ᠢ ᠲᠣᠭᠲᠠᠭᠠᠨ ᠲᠠᠷᠬᠠᠭᠠᠵᠤ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ᠂ ᠮᠥᠩᠭᠦᠨ ᠭᠦᠶᠯᠭᠡᠭᠡ ᠳᠠᠭᠠᠳᠬᠠᠯ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠵᠡᠷᠭᠡ ᠣᠯᠠᠨ ᠨᠡᠶᠢᠲᠡ ᠶᠢᠨ ᠴᠢᠨᠠᠷᠲᠠᠶ ᠦᠶᠯᠡᠴᠢᠯᠡᠭᠡᠨ ᠤ ᠲᠠᠯᠠᠪᠤᠷ ᠭᠠᠵᠠᠷ ᠢ ᠤᠷᠢᠳᠠᠪᠠᠷ ᠰᠡᠷᠭᠦᠭᠡᠪᠡ  ᠃ ᠵᠣᠴᠢᠳ ᠤᠨ ᠪᠠᠭᠤᠳᠠᠯ᠂ ᠲᠡᠮᠦᠷᠯᠢᠭ ᠤᠨ ᠳᠡᠯᠭᠡᠭᠦᠷ᠂ ᠬᠠᠭᠤᠷᠠᠶ ᠪᠠᠷ ᠤᠬᠢᠶᠠᠬᠤ ᠳᠡᠯᠭᠡᠭᠦᠷ᠂ ᠰᠣᠶᠣᠯ ᠤᠨ ᠬᠡᠷᠡᠭᠰᠡᠯ᠂ ᠮᠠᠰᠢᠨ ᠲᠡᠷᠭᠡ ᠤᠬᠢᠶᠠᠵᠤ ᠰᠡᠯᠪᠢᠨ ᠵᠠᠰᠠᠬᠤ᠂ ᠢᠳᠡᠭᠡᠨ ᠡᠳᠡᠰᠢᠭᠦᠯᠬᠦ᠂ ᠵᠥᠪᠬᠡᠨ ᠭᠠᠳᠠᠭᠰᠢ ᠬᠦᠷᠭᠡᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠢᠳᠡᠭᠡᠨ ᠤᠮᠳᠠᠭᠠᠨ ᠤ ᠳᠡᠯᠭᠡᠭᠦᠷ ᠵᠡᠷᠭᠡ ᠲᠤᠰᠠᠭᠠᠷ   ᠡᠵᠡᠩᠨᠡᠭᠰᠡᠨ  ᠂ ᠬᠥᠮᠦᠰ ᠴᠤᠭᠯᠠᠷᠠᠬᠤ ᠳᠤ ᠳᠥᠭᠦᠮ ᠦᠭᠡᠢ ᠡᠵᠡᠩᠨᠡᠯᠲᠡ ᠶᠢᠨ ᠲᠠᠯᠠᠪᠤᠷ ᠭᠠᠵᠠᠷ  3 ᠰᠠᠷ᠎ᠠ ᠶᠢᠨ 7᠎ ᠤ ᠡᠳᠦᠷ ᠭᠤᠴᠢᠨ ᠳᠥᠷᠪᠡᠳᠦᠭᠡᠷ ᠲᠣᠭᠠᠲᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠢᠳᠡᠭᠡᠨ ᠤᠮᠳᠠᠭᠠᠨ ᠤ ᠠᠵᠢᠯ ᠲᠥᠷᠥᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠪᠠ ᠨᠡᠶᠢᠭᠡᠮ ᠲᠣᠭᠤᠷᠢᠭ ᠤᠨ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠠᠯᠪᠠᠨ ᠵᠠᠷ︾᠎ ᠢ ᠲᠣᠭᠲᠠᠭᠠᠨ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠢᠳᠡᠭᠡᠨ ᠤᠮᠳᠠᠭᠠᠨ ᠤ ᠠᠵᠤ ᠠᠬᠤᠶᠢᠯᠠᠯ᠂ ᠵᠣᠴᠢᠳ ᠤᠨ ᠪᠠᠭᠤᠳᠠᠯ ᠢ ᠪᠥᠬᠦ ᠲᠠᠯ᠎ᠠ ᠪᠠᠷ ᠰᠡᠷᠭᠦᠭᠡᠵᠦ᠂ ᠦᠶᠯᠡᠴᠢᠯᠡᠭᠡᠨ ᠤ ᠠᠵᠢᠯᠲᠠᠨ ᠤ ᠡᠷᠡᠭᠦᠯ ᠮᠡᠨᠳᠦ ᠶᠢᠨ ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠬᠤ᠂ ᠵᠣᠴᠢᠨ ᠡᠷᠦᠬᠡ ᠶᠢᠨ ᠺᠣᠳ᠋ ᠰᠢᠷᠪᠢᠵᠦ ᠳᠤᠯᠠᠭᠠᠨ  ᠢ ᠬᠡᠮᠵᠢᠵᠦ ᠬᠤᠭᠤᠯᠠ ᠢᠳᠡᠬᠦ᠂ ᠳᠠᠶᠢᠯᠠᠯᠭ᠎ᠠ ᠬᠢᠵᠦ ᠪᠣᠯᠬᠤ ᠥᠬᠡᠶ ᠵᠡᠷᠭᠡ ᠬᠥᠮᠦᠰ ᠤᠨ ᠴᠤᠭᠯᠠᠷᠠᠭᠰᠠᠨ ᠠᠵᠢᠯᠯᠠᠭ᠎ᠠ᠂ ᠲᠥᠪ ᠤᠨ ᠠᠭᠠᠷ ᠲᠣᠬᠢᠷᠠᠭᠤᠯᠤᠭᠴᠢ ᠶᠢ ᠬᠡᠷᠡᠭᠯᠡᠵᠦ ᠪᠣᠯᠬᠤ ᠥᠬᠡᠶ ᠵᠡᠷᠭᠡ ᠪᠣᠳᠠᠲᠠᠶ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠨ  ᠴᠡᠪᠡᠷ ᠢ ᠴᠡᠪᠡᠷᠯᠡᠬᠦ᠂ ᠬᠥᠮᠦᠨ ᠬᠤᠷᠠᠵᠤ ᠴᠤᠭᠯᠠᠷᠠᠬᠤ ᠶᠢ ᠪᠠᠭᠠᠰᠬᠠᠬᠤ᠂ ᠺᠣᠳ᠋ ᠰᠢᠷᠪᠢᠵᠦ ᠳᠠᠩᠰᠠᠯᠠᠬᠤ ᠵᠡᠷᠭᠡ  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠬᠡᠷᠡᠭᠵᠢᠭᠦᠯᠵᠦ᠂ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠦᠰ ᠤᠨ ᠬᠢᠵᠢᠭ ᠤᠨ ᠪᠠᠶᠢᠳᠠᠯ  ᠢ ᠣᠷᠣᠭᠤᠯᠬᠤ ᠲᠦᠭᠰᠢᠭᠦᠷᠢ ᠡᠭᠦᠰᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠲᠣ 37 ᠲᠦᠷᠢᠮ ᠲᠣᠭᠲᠠᠭᠠᠯ ᠳᠤ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ 4149 ᠠᠵᠤ  ᠠᠬᠤᠶᠢᠯᠠᠯ  ᠤᠨ ᠠᠵᠢᠯᠲᠠᠨ ᠵᠠᠯᠭᠠᠭ᠎ᠠ ᠪᠠᠷ ᠠᠵᠢᠯ ᠤᠨ ᠪᠠᠶᠢᠷᠢ ᠳᠤ ᠭᠠᠷᠴᠤ᠂ 3781 ᠬᠥᠮᠦᠨ ᠠᠵᠢᠯ ᠤᠨ ᠪᠠᠶᠢᠷᠢ  ᠎ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠪᠠᠷ ᠪᠠᠶᠢᠨ᠎ᠠ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ  ᠪᠤᠳᠠᠳᠠᠶᠢᠵᠢᠭᠤᠯᠬᠤ ᠶᠢᠨ ᠲᠥᠯᠥᠭᠡ᠂ ᠴᠠᠬᠠᠷ ᠬᠦᠷᠢᠶᠡᠯᠡᠩ ᠲᠣᠭᠤᠷᠢᠭ ᠲᠤ ᠤᠳᠤᠷᠢᠳᠬᠤ ᠺᠠᠳ᠋ᠷ ᠤᠨ ᠭᠤᠷᠪᠠᠨ ᠱᠠᠲᠤᠨ ᠤ ᠠᠵᠤ  ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠲᠣᠭᠲᠠᠭᠠᠨ ᠬᠡᠷᠡᠭᠵᠢᠭᠦᠯᠵᠦ᠂ ᠠᠵᠤ  ᠠᠬᠤᠶᠢᠯᠠᠯ  ᠤᠨ ᠪᠤᠴᠠᠬᠤ ᠬᠥᠮᠦᠰ ᠢ ᠬᠠᠮᠢᠶᠠᠷᠤᠨ ᠡᠵᠡᠮᠳᠡᠬᠦ᠂ ᠬᠢᠵᠢᠭ ᠰᠡᠷᠭᠡᠶᠢᠯᠡᠬᠦ ᠳᠤ ᠬᠢᠨᠠᠯᠲᠠ ᠲᠠᠯᠪᠢᠵᠤ᠂ ᠲᠠᠯᠠᠪᠤᠷ ᠭᠠᠵᠠᠷ ᠢ ᠤᠰᠠᠳᠬᠠᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠠᠵᠤ  ᠠᠬᠤᠶᠢᠯᠠᠯ ᠤᠨ ᠳᠠᠬᠢᠨ ᠴᠤᠭᠯᠠᠷᠠᠭᠰᠠᠨ ᠬᠥᠮᠦᠰ ᠢ ᠳᠠᠩᠰᠠᠯᠠᠭᠤᠯᠤᠨ ᠮᠡᠳᠡᠭᠦᠯᠬᠦ ᠶᠢ ᠴᠢᠩᠳᠠᠯᠠᠵᠤ᠂ ᠠᠵᠢᠯ ᠤᠨ ᠪᠠᠶᠢᠷᠢ ᠲᠠᠭᠠᠨ ᠪᠤᠴᠠᠭᠰᠠᠨ ᠬᠥᠮᠦᠰ ᠤᠨ ᠠᠵᠢᠯᠯᠠᠭᠠᠨ ᠤ ᠤᠯᠠ ᠮᠥᠷ ᠢ ᠣᠨᠣᠪᠴᠢᠲᠠᠢ ᠡᠵᠡᠮᠰᠢᠨ᠂ ᠴᠢᠭ᠋  ᠲᠠᠭᠠᠷᠠᠭᠤᠯᠤᠨ  ᠥᠪᠡᠰᠦᠪᠡᠨ ᠲᠡᠷᠭᠡ ᠵᠢᠯᠣᠭᠤᠳᠴᠤ ᠳᠠᠬᠢᠨ ᠴᠤᠭᠯᠠᠷᠠᠬᠤ ᠶᠢ ᠵᠣᠷᠢᠭᠵᠢᠭᠤᠯᠵᠤ᠂ ᠲᠤᠰᠬᠠᠶᠢᠯᠠᠨ 2 ᠵᠣᠴᠢᠳ ᠤᠨ  ᠪᠠᠭᠤᠳᠠᠯ  ᠎ ᠢ ᠴᠡᠭ ᠲᠣᠭᠲᠠᠭᠠᠨ ᠬᠦᠯᠢᠶᠡᠨ ᠠᠪᠤᠭᠰᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠲᠠᠭᠠᠨ ᠪᠤᠴᠠᠵᠤ ᠠᠵᠢᠯ ᠰᠡᠷᠭᠦᠭᠡᠬᠦ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠢ  ᠰᠠᠭᠤᠯᠭᠠᠬᠤ ᠪᠠᠷ ᠵᠢᠭᠠᠨ ᠲᠣᠭᠲᠠᠭᠠᠪᠠ᠃ ᠪᠦᠬᠦ ᠬᠤᠲᠠ ᠶᠢᠨ ᠴᠢᠬᠤᠯᠠ ᠶᠡᠭᠡ ᠲᠥᠷᠦᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠭᠠᠷᠠᠭ ᠤᠨ ᠠᠵᠢᠯᠯᠠᠭ ᠎ᠠ ᠳᠤ ᠢᠳᠡᠪᠬᠢᠲᠡᠢ ᠣᠷᠣᠯᠴᠠᠵᠤ᠂  ᠳᠡᠭᠡᠳᠦ  ᠱᠠᠲᠤᠨ ᠤ ᠰᠠᠯᠠᠭ᠎ᠠ ᠮᠥᠴᠢᠷ ᠤᠨ 51 ᠲᠥᠷᠦᠯ ᠵᠦᠢᠯ ᠤᠨ 72 ᠲᠥᠷᠥᠯ ᠤᠨ ᠭᠠᠷ ᠭᠦᠢᠴᠡᠳᠬᠡᠯ ᠢ ᠬᠢᠨᠠᠨ ᠵᠥᠪᠰᠢᠶᠡᠷᠡᠭᠦᠯᠬᠦ ᠪᠠᠷ ᠬᠢᠨᠠᠨ ᠵᠥᠪᠰᠢᠶᠡᠷᠡᠭᠦᠯᠵᠦ᠂ ᠠᠵᠤ ᠦᠶᠯᠡᠳᠪᠦᠷᠢ ᠶᠢᠨ 24 ᠲᠥᠷᠦᠯ ᠵᠦᠢᠯ ᠤᠨ 39 ᠲᠥᠷᠥᠯ ᠤᠨ ᠭᠠᠷ ᠭᠦᠢᠴᠡᠳᠬᠡᠯ ᠢ ᠲᠤᠬᠠᠢ ᠶᠢᠨ ᠲᠠᠯᠠᠪᠠᠢ ᠳᠤ ᠬᠦᠯᠢᠶᠡᠨ ᠠᠪᠴᠤ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠲᠥᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃        ᠭᠤᠷᠪᠠ ᠳᠤ ᠦᠶᠯᠡᠴᠢᠯᠡᠭᠡᠨ ᠤ ᠪᠠᠲᠤᠯᠠᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ᠂ ᠨᠢᠭᠡᠨᠲᠡ ᠠᠵᠢᠯ ᠢᠶᠠᠨ ᠰᠡᠷᠭᠦᠭᠡᠭᠰᠡᠨ 47 ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠯ᠎ᠡ ᠵᠦᠶᠯ ᠤᠨ ᠳᠠᠭᠠᠳᠬᠠᠯ ᠤᠨ ᠪᠤᠴᠠᠭᠠᠯᠲᠠ ᠶᠢ ᠮᠡᠳᠡᠭᠦᠯᠬᠦ ᠠᠵᠢᠯ ᠢ  ᠪᠡᠶᠡᠯᠡᠭᠦᠯᠪᠡ᠂ 20 ᠡᠷᠦᠬᠡ ᠴᠣᠬᠤᠯᠠᠪᠤᠷᠢᠯᠠᠵᠤ᠂ ᠪᠠᠷᠤᠭ 800 ᠲᠦᠮᠡᠨ ᠲᠥᠭᠦᠷᠢᠭ ᠪᠤᠴᠠᠭᠠᠪᠠ  ᠃ 5 ᠬᠤᠭᠤᠴᠠᠭᠠᠨ ᠤ ᠰᠦᠯᠵᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ 120 ᠬᠥᠮᠦᠨ ᠢ ᠪᠣᠯᠪᠠᠰᠤᠷᠠᠯ ᠳᠤ ᠣᠷᠣᠯᠴᠠᠭᠤᠯᠪᠠ᠃  ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠥᠷᠨᠢᠭᠦᠯᠵᠦ᠂ 150 ᠭᠠᠷᠤᠶ ᠠᠵᠤ ᠠᠬᠤᠶᠢᠯᠠᠯ ᠳᠤ ᠣᠷᠣᠯᠴᠠᠵᠤ᠂ 2776 ᠬᠥᠮᠦᠨ ᠣᠷᠣᠯᠴᠠᠭᠰᠠᠨ ᠪᠠᠶᠢᠨ᠎ᠠ  ᠃  ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠷᠢᠬᠤ ᠭᠠᠷᠠᠭ ᠵᠢᠴᠢ 2020᠎ ᠤᠨ ᠤ ᠲᠠᠷᠢᠶᠠᠴᠢᠨ ᠮᠠᠯᠴᠢᠳ ᠤᠨ ᠲᠤᠰᠬᠠᠶ ᠰᠦᠯᠵᠢᠶᠡᠨ ᠤ ᠤᠷᠢᠬᠤ ᠴᠤᠭᠯᠠᠭᠠᠨ ᠢ ᠢᠳᠡᠪᠬᠢᠲᠡᠶ ᠪᠡᠯᠡᠳᠬᠡᠨ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠳᠤ ᠬᠦᠴᠢᠷᠲᠡᠶ᠂ ᠬᠥᠳᠡᠯᠮᠦᠷᠢᠯᠡᠭᠴᠢᠳ ᠠᠵᠢᠯ ᠣᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨᠬᠦ ᠪᠠᠲᠤᠯᠠᠬᠤ ᠬᠡᠷᠡᠭᠲᠡᠶ᠃ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠯᠡᠭᠰᠡᠨ ᠬᠤᠳᠠᠯᠳᠤᠭᠠᠨ ᠤ ᠬᠡᠷᠡᠭᠯᠡᠭᠡᠨ ᠤ ᠭᠡᠷ ᠪᠠᠶᠢᠰᠢᠩ ᠤᠨ 2 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠳᠤ ᠨᠡᠶᠢᠲᠡ 887 ᠲᠦᠮᠡᠨ ᠲᠦᠭᠦᠷᠢᠭ  ᠬᠠᠰᠤᠵᠤ ᠬᠡᠯᠲᠦᠷᠢᠭᠦᠯᠪᠡ᠃ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠠᠩᠬᠢ ᠶᠢᠨ ᠠᠯᠠᠭᠠᠨ ᠳᠡᠭᠡᠷᠡᠬᠢ ᠪᠠᠩᠬᠢ ᠶᠢᠨ ᠡᠮ  ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠰᠦᠶᠳᠬᠡᠯ ᠲᠤᠰᠢᠶᠠᠬᠤ ᠶᠢ ᠴᠠᠭ ᠲᠤᠬᠠᠶ ᠳᠤᠨᠢ ᠨᠡᠪᠲᠡᠷᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠪᠠ ︽ᠪᠠᠷᠢᠯᠭ᠎ᠠ ᠶᠢᠨ ᠲᠥᠷᠥᠯ ᠵᠦᠶᠯ ᠤᠨ ᠪᠥᠲᠥᠭᠡᠨ  ᠪᠠᠶᠢᠭᠤᠯᠤᠯᠳᠠ ᠎ ᠶᠢᠨ ᠬᠦᠷᠢᠶ᠎ᠡ ᠴᠠᠷᠠᠭ᠎ᠠ︾᠎ ᠶᠢᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠶᠯᠡᠴᠢᠯᠡᠭᠡᠨ ᠤ  ᠳᠠᠪᠴᠠᠩ ᠳᠤ ᠲᠦᠰᠢᠭᠯᠡᠨ᠂ ︽ᠠᠭᠤᠯᠵᠠᠬᠤ ᠥᠬᠡᠶ︾ ᠬᠢᠨᠠᠨ ᠵᠥᠪᠰᠢᠶᠡᠷᠡᠬᠦ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ  ᠤᠨ ᠭᠠᠷᠳᠠᠮ ᠢ ᠣᠷᠣᠯᠠᠨ ᠭᠦᠶᠴᠡᠳᠬᠡᠬᠦ ᠪᠠ 24 ᠴᠠᠭ ᠪᠣᠯᠵᠣᠬᠤ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠦᠶᠴᠡᠳᠬᠡᠬᠦ᠂ EMS ᠰᠢᠤᠳᠠᠨ ᠢᠶᠠᠷ ᠢᠯᠡᠭᠡᠬᠦ᠂ ᠥᠪᠡᠰᠦᠪᠡᠨ ᠦᠶᠯᠡᠴᠢᠯᠡᠬᠦ ᠦᠵᠦᠭᠦᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ ᠭᠦᠶᠴᠡᠳᠬᠡᠵᠦ᠂ ᠠᠵᠤ ᠠᠬᠤᠶᠢᠯᠠᠯ ᠪᠠ ᠥᠷᠭᠡᠨ ᠣᠯᠠᠨ ᠲᠦᠮᠡᠨ ᠳᠤ ᠠᠮᠤᠷ ᠲᠦᠪᠰᠢᠨ ᠪᠥᠭᠡᠳ ᠲᠦᠷᠭᠡᠨ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠨ᠎ᠠ᠃        ᠳᠥᠷᠪᠡ ᠳᠤ ᠠᠵᠢᠯ ᠤᠨ ᠪᠠᠶᠢᠷᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠪᠠᠷ ᠤᠷᠢᠳᠴᠢᠯᠠᠨ ᠲᠥᠯᠥᠪᠯᠡᠨ᠎ᠡ᠃ ᠪᠤᠢ ᠪᠦᠬᠦᠢ ᠵᠠᠰᠠᠭ ᠵᠠᠬᠢᠷᠭ᠎ᠠ ᠠᠵᠢᠯ ᠦᠶᠯᠡᠰ ᠤᠨ  ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ  ᠠᠵᠢᠯ ᠤᠨ ᠲᠦᠷᠢᠮ ᠢ ᠬᠦᠴᠦᠨ ᠦᠭᠡᠢ ᠪᠣᠯᠭᠠᠵᠤ᠂ ᠥᠷᠯᠥᠭᠡ ᠶᠢᠨ ᠪᠠᠶᠢᠴᠠᠭᠠᠯᠲᠠ ᠪᠠ ᠡᠳᠦᠷ ᠤᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭ᠎ᠠ ᠠᠵᠢᠯ ᠦᠶᠯᠡᠰ ᠤᠨ  ᠨᠢᠭᠡᠴᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠢᠴᠢᠶᠡᠯ ᠵᠣᠭᠰᠣᠬᠤ ᠳᠤ ᠵᠣᠭᠰᠣᠯ ᠥᠬᠡᠶ ᠰᠤᠷᠤᠯᠴᠠᠬᠤ᠂ ᠰᠤᠷᠤᠯᠭ᠎ᠠ ᠪᠠᠨ ᠵᠣᠭᠰᠣᠯ ᠥᠬᠡᠶ ᠵᠢᠭᠠᠬᠤ ᠱᠠᠭᠠᠷᠳᠠᠯᠭ᠎ᠠ ᠶᠣᠰᠣᠭᠠᠷ᠂ ᠴᠠᠭ ᠲᠤᠬᠠᠶ ᠳᠤᠨᠢ ᠵᠢᠭᠠᠬᠤ ᠮᠠᠲ᠋ᠧᠷᠢᠶᠠᠯ ᠲᠠᠷᠬᠠᠭᠠᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠪᠦᠯᠦᠭ ᠬᠤᠪᠢᠶᠠᠨ ᠡᠬᠢᠯᠡᠭᠦᠯᠵᠦ᠂ ᠣᠲᠣ ᠪᠣᠶ ᠪᠥᠬᠦᠶ ᠣᠨ ᠳᠤ ᠴᠥᠮ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠷᠨᠢᠭᠦᠯᠵᠦ᠂ ᠬᠡᠪ ᠤᠨ ᠵᠢᠭᠠᠨ ᠰᠤᠷᠭᠠᠯᠲᠠ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠢ  ᠴᠢᠩᠭᠠᠳᠬᠠᠵᠦ᠂ ᠭᠠᠳᠠᠷ ᠣᠷᠣᠨ ᠳᠤ ᠪᠤᠴᠠᠵᠤ ᠢᠷᠡᠭᠰᠡᠨ ︵ᠥᠪᠡᠷᠲᠡᠭᠡᠨ ᠵᠠᠰᠠᠬᠤ ᠣᠷᠣᠨ ᠤ ᠭᠠᠳᠠᠨ᠎ᠠ︶ ᠪᠠᠭᠰᠢ ᠠᠵᠢᠯᠲᠠᠨ ᠪᠠ ᠰᠤᠷᠭᠠᠭᠤᠯᠢ ᠳᠠᠭᠠᠨ ᠪᠤᠴᠠᠵᠤ ᠢᠷᠡᠭᠰᠡᠨ ᠰᠣᠷᠣᠭᠴᠢ ᠡᠷᠬᠡᠪᠰᠢ ᠬᠡᠷ ᠲᠡᠭᠡᠨ ᠰᠠᠭᠤᠬᠤ ᠪᠤᠶᠤ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠬᠡᠷᠡᠭᠲᠡᠶ᠂ ᠮᠠᠨ ᠤ  ᠲᠤᠭᠤᠷᠢᠭ ᠲᠤᠰᠬᠠᠶᠢᠯᠠᠨ 2 ᠵᠣᠴᠢᠳ ᠤᠨ ᠪᠠᠭᠤᠳᠠᠯ  ᠢ ᠵᠢᠭᠠᠨ ᠲᠣᠭᠲᠠᠭᠠᠵᠤ ᠲᠥᠪᠯᠡᠷᠡᠭᠦᠯᠦᠨ ᠲᠤᠰᠠᠭᠠᠷᠯᠠᠵᠤ ᠠᠵᠢᠯ ᠤᠨ ᠪᠠᠶᠢᠷᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠭᠰᠡᠨ ᠬᠥᠮᠦᠰ ᠢ ᠭᠥᠯᠢᠶᠡᠨ ᠠᠪᠴᠤ᠂ ᠣᠳᠣᠬᠠᠨ ᠳᠤ ᠨᠡᠶᠢᠲᠡ 151 ᠪᠠᠭᠰᠢ᠂ 1226 ᠰᠣᠷᠣᠭᠴᠢ ᠶᠢ ᠬᠡᠷ ᠲᠤᠨᠢ ᠪᠠ ᠲᠥᠪᠯᠡᠷᠡᠭᠦᠯᠦᠨ ᠠᠨᠠᠭᠠᠬᠤ ᠤᠬᠠᠭᠠᠨ ᠤ ᠲᠤᠰᠠᠭᠠᠷᠯᠠᠵᠠᠶ  ᠃         ᠰᠤᠷᠪᠤᠯᠵᠢᠯᠠᠭᠴᠢ᠄ ᠤᠶᠢᠷ᠎ᠠ ᠳᠤ᠂ ᠵᠡᠷᠭᠡᠯᠡᠳᠡᠭᠡ ᠤᠯᠤᠰ ᠤᠷᠤᠨ ᠤ ᠬᠢᠵᠢᠭ ᠤᠨ ᠪᠠᠶᠢᠳᠠᠯ ᠬᠦᠨᠳᠦ ᠨᠤᠴᠢᠲᠠᠢ᠂ ᠮᠠᠨ ᠤ ᠲᠤᠭᠤᠷᠢᠭ ᠬᠡᠷᠬᠢᠨ ᠬᠠᠷᠢ ᠤᠯᠤᠰ ᠠᠴᠠ ᠪᠤᠴᠠᠵᠦ ᠢᠷᠡᠵᠦ ᠪᠠᠶᠢᠭ᠎ᠠ ᠬᠦᠮᠦᠰ ᠢ ᠬᠤᠷᠢᠭᠯᠠᠨ ᠡᠵᠡᠮᠳᠡᠬᠦ ᠪᠤᠢ︖       ᠎ ᠪᠠᠨ ᠰᠢᠤ ᠫᠢᠩ᠄ ᠮᠠᠨ ᠤ  ᠲᠤᠭᠤᠷᠢᠭ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠢᠯᠢ ᠶᠢᠨ ᠭᠠᠳᠠᠨ᠎ᠠ  ᠢᠷᠡᠭᠰᠡᠳ ᠎ ᠢ ᠵᠢᠷᠤᠮᠵᠢᠭᠤᠯᠤᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠴᠢᠨ  ᠲᠠᠪᠤᠳᠤᠭᠠᠷ ᠲᠣᠭᠠᠲᠤ ︽ᠬᠢᠯᠢ ᠶᠢᠨ ᠭᠠᠳᠠᠨ᠎ᠠ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠶᠢ ᠰᠠᠶᠢᠲᠤᠷ ᠬᠢᠬᠦ ᠲᠤᠬᠠᠶ ᠠᠯᠪᠠᠨ ᠵᠠᠷ︾᠎ ᠢ ᠲᠣᠭᠲᠠᠭᠠᠨ ᠲᠠᠷᠬᠠᠭᠠᠵᠤ᠂ ᠳᠡᠩᠰᠡᠯᠡᠨ  ᠲᠡᠮᠳᠡᠭᠯᠡᠬᠦ ᠲᠦᠷᠢᠮ ᠢ ᠴᠢᠩᠳᠠᠯᠠᠵᠤ᠂ ᠺᠣᠷᠢᠶᠠ᠂ ᠢᠲ᠋ᠠᠯᠢ᠂ ᠢᠷᠡᠨ᠂ ᠶᠠᠫᠣᠨ ᠵᠡᠷᠭᠡ ᠬᠢᠵᠢᠭ ᠤᠨ ᠪᠠᠶᠢᠳᠠᠯ ᠨᠡᠯᠢᠶᠡᠳ  ᠬᠦᠨᠳᠦ ᠤᠯᠤᠰ ᠲᠤ ᠢᠷᠡᠵᠦ ︵ᠪᠤᠴᠠᠵᠤ ᠢᠷᠡᠭᠰᠡᠨ︶ ᠴᠤᠭᠯᠠᠷᠠᠭᠰᠠᠨ ᠬᠥᠮᠦᠰ ᠢ ᠵᠢᠭᠰᠠᠭᠠᠨ ᠪᠠᠶᠢᠴᠠᠭᠠᠬᠤ  ᠬᠠᠮᠢᠶᠠᠷᠦᠯᠲᠠ ᠶᠢᠨ ᠠᠵᠢᠯ ᠢ ᠭᠤᠤᠯᠳᠠᠯᠭ᠎ᠠ ᠲᠠᠢ ᠬᠢᠵᠦ᠂ ᠡᠵᠡᠮᠳᠡᠯ ᠢᠶᠠᠨ ᠠᠯᠳᠠᠵᠤ ᠬᠠᠮᠢᠶᠠᠷᠤᠯᠲᠠ ᠠᠴᠠ ᠭᠤᠭᠤᠵᠢᠭᠳᠠᠭᠰᠠᠨ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠪᠡ᠃ ᠣᠳᠣᠬᠠᠨ ᠪᠣᠯᠲᠠᠯ᠎ᠠ᠂ ᠭᠠᠳᠠᠭᠠᠳᠤ ᠶᠢᠨ 20 ᠬᠥᠮᠦᠨ ︵ᠰᠢᠶᠠᠩᠭᠠᠩ ᠣᠣᠮᠧᠨ ᠲᠠᠶᠢᠸᠠᠨ ᠪᠠᠭᠲᠠᠨ᠎ᠠ︶᠎ ᠢ ᠵᠢᠭᠰᠠᠭᠠᠨ ᠪᠠᠶᠢᠴᠠᠭᠠᠵᠤ ᠳᠠᠩᠰᠠᠯᠠᠪᠠ᠃        ᠰᠤᠷᠪᠤᠯᠵᠢᠯᠠᠭᠴᠢ᠄  ᠮᠠᠨ ᠤ ᠲᠤᠭᠤᠷᠢᠭ ᠬᠡᠷᠬᠢᠨ ᠬᠢᠵᠢᠭ ᠢ ᠰᠡᠷᠭᠡᠶᠢᠯᠡᠬᠦ ᠠᠵᠢᠯ ᠤᠨ ᠲᠤᠬᠠᠢ ᠰᠤᠷᠲᠠᠯ ᠤᠬᠠᠭᠤᠯᠭ᠎ᠠ ᠬᠢᠭᠰᠡᠨ ᠪᠤᠢ︖       ᠎ ᠪᠠᠨ ᠰᠢᠤ ᠫᠢᠩ᠄ ᠮᠠᠨ ᠤ ᠲᠤᠭᠤᠷᠢᠭ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ ᠬᠥᠲᠥᠯᠥᠨ ᠵᠢᠯᠣᠭᠤᠳᠬᠤ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠬᠠᠮᠲᠤ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢ ᠶᠢ ᠭᠦᠶᠴᠡᠳ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠢᠯᠡ ᠪᠣᠯᠭᠠᠨ᠎ᠠ᠃ ᠡᠭᠦᠨ ᠤ ᠳᠤ ᠬᠠᠮᠲᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠲᠠᠢ ᠤᠶᠠᠯᠳᠤᠭᠤᠯᠤᠨ᠂ ᠲᠣᠰᠬᠤᠨ᠂ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠺᠠᠳ᠋ᠷ ᠠᠵᠢᠯᠲᠠᠨ  ᠠᠵᠢᠯᠴᠢᠨ ᠢ ᠵᠣᠬᠢᠶᠠᠨ ᠪᠠᠶᠢᠭᠤᠯᠤᠨ ᠵᠢᠯᠣᠭᠤᠴᠢ ᠦᠭᠡᠢ ᠨᠢᠰᠬᠡᠯ ᠢᠶᠠᠷ ᠬᠠᠰᠬᠢᠷᠬᠤ᠂ ᠡᠷᠦᠬᠡ ᠳᠤ ᠬᠦᠷᠴᠦ ᠰᠤᠷᠪᠤᠯᠵᠢᠯᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠢᠯᠠᠩᠭᠤᠶ᠎ᠠ ︽ᠬᠤᠶᠠᠷ ᠪᠢᠴᠢᠯ ᠪᠦᠷᠭᠡ ᠨᠢᠭᠡ ᠦᠵᠦᠭᠦᠷ︾᠎ ᠤᠨ ᠲᠠᠪᠴᠠᠩ  ᠢ ᠠᠰᠢᠭᠯᠠ᠂ ᠤᠷᠢᠳ ᠬᠤᠵᠢᠳ ᠬᠢᠵᠢᠭ  ᠰᠡᠷᠭᠡᠶᠢᠯᠡᠬᠦ ᠠᠯᠪᠠᠨ ᠵᠠᠷ 35 ᠬᠤᠭᠤᠴᠠᠭ᠎ᠠ᠂ ᠲᠣᠪᠴᠢ ᠮᠡᠳᠡᠭᠡ ᠶᠢ 113 ᠬᠤᠭᠤᠴᠠᠭ᠎ᠠ ᠨᠡᠶᠢᠲᠡᠯᠡᠵᠦ᠂ ᠵᠥᠪ ᠲᠠᠯ᠎ᠠ ᠠᠴᠠ ᠬᠥᠲᠥᠯᠥᠨ ᠵᠢᠯᠣᠭᠤᠳᠴᠤ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠪᠠ᠃ ᠣᠳᠣᠬᠠᠨ ᠳᠤ᠂ ᠨᠢᠭᠡᠨᠲᠡ 4.6 ᠲᠦᠮᠡ ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂  ᠰᠠᠨᠠᠭᠠᠴᠢᠯᠠᠭ᠎ᠠ ᠶᠢᠨ ᠪᠢᠴᠢᠭ ᠨᠠᠭᠠᠵᠤ᠂  ᠡᠯᠭᠦᠬᠦ ᠬᠠᠭᠤᠳᠠᠰᠤ 3.2 ᠲᠦᠮᠡ ᠭᠠᠷᠤᠶ ᠬᠤᠪᠢ᠂  ᠂ H5 ᠵᠡᠷᠭᠡ ᠤᠬᠠᠭᠤᠯᠭ᠎ᠠ ᠶᠢᠨ ᠸᠢᠳᠢᠣ᠋ 937 ᠬᠤᠪᠢ ᠲᠠᠷᠬᠠᠭᠠᠵᠤ᠂ ᠲᠣᠪᠴᠢᠳᠠᠬᠤ ᠬᠡᠮᠵᠢᠶ᠎ᠡ ᠨᠢ ᠪᠠᠷᠤᠭ 235.6 ᠲᠦᠮᠡᠨ ᠬᠥᠮᠦᠨ ᠤᠳᠠᠭ᠎ᠠ ᠶᠢ ᠳᠠᠪᠠᠵᠠᠶ᠃       ᠰᠤᠷᠪᠤᠯᠵᠢᠯᠠᠭᠴᠢ᠄  ᠮᠠᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠮᠠᠰᠢ  ᠲᠠᠯᠠᠷᠬᠠᠵᠦ ᠪᠠᠶᠢᠨ᠎ᠠ᠂  ᠲᠤᠭᠤᠷᠢᠭ ᠤᠨ ᠨᠠᠮ ᠤᠨ ᠬᠤᠷᠢᠶ᠎ᠠ ᠪᠣᠯᠤᠨ ᠣᠷᠣᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠡᠷᠡᠰ ᠪᠠᠲᠤ ᠢᠲᠡᠭᠡᠯ ᠵᠣᠷᠢᠭ᠂ ᠡᠷᠡᠰ ᠰᠢᠭᠤᠷᠬᠠᠶ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠡᠨᠡ ᠤᠳᠠᠭᠠᠨ ᠤ ᠬᠤᠷᠢᠭᠯᠠᠨ ᠴᠣᠬᠢᠬᠤ ᠪᠠᠶᠢᠯᠳᠤᠭᠠᠨ ᠳᠤ ᠯᠠᠪᠲᠠᠶ ᠢᠯᠠᠯᠲᠠ ᠣᠯᠵᠤ ᠴᠢᠳᠠᠨ᠎ᠠ  ᠭᠡᠳᠡᠭ ᠢ ᠢᠲᠡᠭᠡᠵᠦ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠰᠦᠯᠵᠢᠶᠡᠨ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃                                          ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2