| | ᠰᠤᠷᠪᠤᠯᠵᠢᠯᠠᠭᠰᠠᠨ ᠴᠠᠭ :20200316 | ᠰᠤᠷᠪᠤᠯᠵᠢᠯᠠᠭᠰᠠᠨ ᠵᠤᠴᠢᠨ᠄ ᠵᠢᠢ ᠬᠤᠩ | ︽ᠰᠠᠶ᠋ᠢᠬᠠᠨ ᠬᠤᠷᠠᠯᠳᠤᠭᠤᠯᠤᠭᠰᠠᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ | ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠪᠣᠯ ᠪᠥᠬᠦ | ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ | ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠳ᠋ᠦ᠋ ᠰᠢᠤᠸᠠᠢ ᠵᠢᠶᠦ᠋ᠨ ᠱᠦᠵᠢ ᠶᠢᠨ ᠶᠠᠷᠢᠶᠠᠨ ᠤ | ᠰᠡᠳᠬᠢᠮᠵᠢ ᠲᠣᠳᠣᠷᠬᠠᠶ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠪᠣᠳᠠᠲᠠᠶ ᠪᠠᠶᠢᠵᠤ᠂ ᠡᠯ᠎ᠡ ᠭᠠᠵᠠᠷ ᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠴᠢᠭᠯᠡᠯ ᠢ ᠲᠣᠳᠣᠷᠬᠠᠶ ᠵᠢᠭᠠᠵᠤ᠂ ᠡᠭᠦᠷᠭᠡ ᠶᠢ ᠲᠣᠳᠣᠷᠬᠠᠶ ᠪᠣᠯᠭᠠᠵᠠᠶ᠃︾ ᠵᠢᠨᠢᠩ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠢᠶ ᠬᠤᠩ ᠬᠤᠷᠠᠯ ᠤᠨ ᠳᠠᠷᠠᠭᠠᠬᠢ | ᠲᠥᠷᠥᠭᠳᠡᠯ ᠢᠶᠠᠨ ᠶᠠᠷᠢᠵᠦ ᠪᠠᠶᠢᠯ᠎ᠠ᠃ | ᠵᠢᠯ ᠤᠨ ᠠᠵᠢᠯ ᠬᠠᠪᠤᠷ ᠲᠠᠭᠠᠨ ᠪᠠᠶᠢᠳᠠᠭ᠃ ᠰᠢᠨ᠎ᠡ ᠭᠠᠷᠤᠭ᠎ᠠ ᠳᠡᠭᠡᠷ᠎ᠡ ᠵᠣᠭᠰᠣᠨ᠂ ᠵᠢᠨᠢᠩ ᠲᠣᠭᠤᠷᠢᠭ | ᠠᠵᠤ ᠦᠢᠯᠡᠰ ᠤᠨ ᠬᠥᠭᠵᠢᠯᠲᠡ ᠶᠢ ᠠᠵᠤ ᠠᠬᠤᠢ ᠶᠢᠨ | ᠬᠦᠭᠵᠢᠯᠲᠡ ᠶᠢᠨ ᠬᠥᠳᠡᠯᠭᠡᠬᠦ ᠬᠦᠴᠦᠨ ᠪᠣᠯᠭᠠᠵᠤ᠂ ᠡᠷᠲᠡ ᠠᠴᠠ ᠤᠬᠠᠭᠠᠯᠠᠨ ᠰᠡᠳᠦᠵᠦ᠂ ᠡᠷᠲᠡ ᠠᠴᠠ | ᠪᠠᠶᠢᠷᠢᠯᠠᠭᠤᠯᠵᠦ᠂ ︽ᠪᠢᠳᠡ ᠲᠤᠮᠤ ᠳ᠋ᠠᠶᠢᠲ᠋ᠠ᠂ ᠪᠣᠬᠢᠷᠲᠤᠯ ᠦᠭᠡᠢ ᠢᠳᠡᠭᠡᠨ ᠡᠳ᠋ᠰᠢᠭᠦᠯᠬᠦ᠂ ᠰᠢᠨ᠎ᠡ ᠡᠨᠧᠷᠭᠢ ᠰᠢᠨ᠎ᠡ | ᠮᠠᠲ᠋ᠧᠷᠢᠶᠠᠯ᠂ ᠲᠣᠨᠣᠭᠯᠠᠯ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ︿ᠲᠠᠪᠤᠨ ᠶᠡᠭᠡ ᠰᠠᠭᠤᠷᠢᠨ ᠭᠠᠵᠠᠷ | ﹀ ᠢ ᠪᠦᠲᠦᠭᠡᠨ ᠪᠠᠶᠢᠭᠤᠯᠬᠤ ᠲᠣᠭᠤᠷᠢᠨ ᠳᠤ᠂ ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠦᠬᠦ | ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠠᠵᠤ ᠦᠢᠯᠡᠰ ᠤᠨ | ᠬᠥᠭᠵᠢᠯᠲᠡ ᠳᠤ ᠲᠤᠬᠢᠷᠠᠬᠤ᠂ ᠨᠡᠶᠢᠭᠡᠮ ᠪᠠ ᠡᠳ᠋ ᠤᠨ ᠵᠠᠰᠠᠭ ᠲᠤ ᠬᠤᠪᠢ ᠨᠡᠮᠡᠷᠢ ᠦᠵᠡᠭᠦᠯᠬᠦ ᠨᠣᠷᠮ᠎ᠠ ᠪᠠᠷ ᠥᠨᠳᠥᠷ | ᠨᠢᠭᠡ ᠪᠦᠯᠦᠭ ᠲᠦᠷᠦᠯ ᠵᠦᠢᠯ ᠢ ᠬᠦᠴᠦᠯᠡᠨ ᠣᠷᠣᠭᠤᠯᠵᠤ ᠠᠪᠴᠢᠷᠠᠨ᠎ᠠ᠃ ᠵᠢᠶ ᠬᠤᠩ ᠢᠯᠡᠷᠬᠡᠶᠢᠯᠡᠬᠦ ᠳᠡᠭᠡᠨ᠂ | ᠠᠵᠤ ᠦᠶᠯᠡᠰ ᠤᠨ ᠬᠥᠭᠵᠢᠯᠲᠡ ᠶᠢ ᠰᠠᠶᠢᠲᠤᠷ ᠬᠢᠬᠦ ᠳᠤ᠂ ᠵᠢᠨᠢᠩ ᠲᠣᠭᠤᠷᠢᠭ ᠨᠢ ᠪᠠᠰᠠ ᠣᠷᠣᠨ ᠪᠠᠶᠢᠷᠢ ᠶᠢᠨ ᠵᠠᠮ | ᠬᠠᠷᠢᠯᠴᠠᠭᠠᠨ ᠤ ᠳᠠᠪᠠᠭᠤᠯᠢᠭ ᠪᠠ ᠣᠲᠣ ᠶᠢᠨ ᠪᠠᠶᠢᠭ᠎ᠠ ᠠᠵᠤ ᠦᠶᠯᠡᠰ ᠤᠨ ᠰᠠᠭᠤᠷᠢ ᠳᠤ ᠰᠠᠭᠤᠷᠢᠯᠠᠨ᠂ | ᠬᠤᠳᠠᠯᠳᠤᠭ᠎ᠠ᠂ ᠪᠠᠷᠠᠭᠠᠨ ᠤ ᠭᠦᠶᠯᠭᠡᠭᠡ᠂ ᠵᠢᠭᠤᠯᠴᠢᠯᠠᠯ᠂ ᠡᠷᠡᠭᠦᠯ ᠮᠡᠨᠳᠦ ᠶᠢ ᠭᠤᠤᠯᠳᠠᠯᠭ᠎ᠠ ᠲᠠᠢ ᠬᠥᠭᠵᠢᠭᠦᠯᠬᠦ | ᠬᠡᠷᠡᠭᠲᠡᠶ ᠭᠡᠵᠡᠶ᠃ ᠡᠭᠦᠨ ᠳᠤ᠂ ᠬᠤᠳᠠᠯᠳᠤᠭᠠᠨ ᠤ ᠲᠠᠯ᠎ᠠ ᠪᠠᠷ᠂ ᠸᠠᠨ ᠳ᠋ᠠ ᠠᠭᠤᠳᠠᠮ ᠲᠠᠯᠠᠪᠠᠶ ᠪᠠᠷ ᠲᠥᠪ | ᠪᠣᠯᠭᠠᠭᠰᠠᠨ ᠴᠠᠬᠠᠷ ᠶᠡᠭᠡ ᠵᠡᠭᠡᠯᠢ ᠶᠢᠨ ᠭᠤᠤᠯ ᠬᠤᠳᠠᠯᠳᠤᠭᠠᠨ ᠤ ᠲᠣᠭᠤᠷᠢᠭ ᠢ ᠬᠦᠴᠦᠯᠡᠨ ᠪᠠᠶᠢᠭᠤᠯᠵᠤ᠂ ᠣᠯᠠᠨ | ᠤᠯᠤᠰ ᠤᠨ ᠠᠷᠠᠰᠤ ᠰᠢᠷᠢ ᠶᠢᠨ ᠬᠤᠲᠠ᠂ ᠰᠢᠶᠠᠩ ᠾᠧ ᠬᠡᠷ ᠤᠨ ᠡᠳ᠋ᠯᠡᠯ ᠤᠨ ᠠᠰᠠᠷ ᠤᠨ ᠶᠠᠰᠤ ᠴᠢᠨᠠᠷ ᠢ | ᠳᠡᠭᠡᠭᠰᠢᠯᠡᠭᠦᠯᠦᠨ ᠂ ᠵᠢᠨᠢᠩ ᠵᠠᠮ ᠤᠨ ᠢᠳᠡᠭᠡᠨ ᠤ ᠶᠡᠭᠡ ᠵᠡᠭᠡᠯᠢ᠂ ᠬᠤ ᠱᠠᠨ ᠤ ᠡᠷᠲᠡᠨ ᠤ ᠵᠡᠭᠡᠯᠢ ᠶᠢᠨ | ᠬᠤᠳᠠᠯᠳᠤᠭᠠᠴᠢᠨ ᠤᠷᠢᠵᠦ ᠡᠵᠡᠩᠨᠡᠬᠦ ᠵᠡᠷᠭᠡ ᠠᠵᠢᠯ ᠢ ᠵᠡᠷᠭᠡᠪᠡᠷ ᠠᠬᠢᠭᠤᠯᠬᠤ ᠬᠡᠷᠡᠭᠲᠡᠶ᠃ ᠪᠠᠷᠠᠭ᠎ᠠ ᠶᠢᠨ | ᠭᠦᠶᠯᠭᠡᠭᠡᠨ ᠤ ᠲᠠᠯ᠎ᠠ ᠪᠠᠷ᠂ B ᠬᠡᠯᠪᠡᠷᠢ ᠶᠢᠨ ᠭᠠᠶᠢᠯᠢ ᠪᠠᠲᠤᠯᠠᠬᠤ ᠲᠥᠪ᠂ ᠳᠣᠯᠣᠳᠤᠭᠠᠷ ᠰᠤᠮᠤ ᠶᠢᠨ ᠳᠤᠮᠳᠠᠳᠤ | ᠧᠦ᠋ᠷᠣᠫᠠ ᠵᠢᠰᠢᠶᠠᠨ ᠤ ᠭᠠᠯᠲᠤ ᠲᠡᠷᠭᠡᠨ ᠤ ᠪᠠᠷᠠᠭ᠎ᠠ ᠶᠢᠨ ᠭᠦᠶᠯᠭᠡᠭᠡᠨ ᠤ ᠵᠠᠩᠭᠢᠯᠠᠭ᠎ᠠ ᠶᠢᠨ ᠰᠠᠭᠤᠷᠢᠨ ᠭᠠᠵᠠᠷ ᠢ | ᠰᠠᠶᠢᠲᠤᠷ ᠪᠦᠲᠦᠭᠡᠨ ᠪᠠᠶᠢᠭᠤᠯᠵᠤ᠂ ᠯᠢᠨ ᠺᠦᠡᠭ ᠠᠵᠤ ᠦᠢᠯᠡᠰ ᠤᠨ ᠬᠦᠷᠢᠶᠡᠯᠡᠩ᠂ ᠤᠮᠠᠷᠠᠳᠦ ᠶᠢᠨ ᠡᠬᠡ | ᠬᠠᠭᠤᠷᠠᠶ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠵᠢᠴᠢ ᠬᠤᠳᠠᠯᠳᠤᠭᠠᠴᠢᠨ ᠤᠷᠢᠵᠦ ᠡᠵᠡᠩᠨᠡᠬᠦ ᠶᠢ ᠳᠠᠮᠵᠢᠵᠤ᠂ | ᠲᠡᠮᠦᠷ ᠵᠠᠮ ᠤᠨ ᠭᠠᠷᠠᠮ᠂ ᠵᠠᠰᠠᠮᠠᠯ ᠵᠠᠮ ᠤᠨ ᠭᠠᠷᠠᠮ᠂ ᠠᠭᠠᠷ ᠤᠨ ᠠᠶᠠᠯᠠᠯ ᠤᠨ ᠭᠠᠷᠠᠮ ᠤᠨ ᠵᠠᠩᠭᠢᠯᠠᠭ᠎ᠠ ᠶᠢᠨ | ᠲᠠᠪᠴᠠᠩ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠵᠢᠭᠤᠯᠴᠢᠯᠠᠯ ᠤᠨ ᠲᠠᠯ᠎ᠠ ᠪᠠᠷ᠂ ᠣᠳᠣᠨ ᠲᠠᠰ ᠤᠨ ᠪᠠᠭᠤᠳᠠᠯ | ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ | ᠲᠥᠷᠥᠯ ᠤᠨ ᠴᠤᠭᠯᠠᠭᠠᠨ ᠦᠵᠡᠰᠬᠦᠯᠡᠩ ᠤᠨ ᠤᠷᠤᠯᠳᠤᠭᠠᠨ ᠢ ᠢᠳᠡᠪᠬᠢᠲᠡᠶ ᠳᠠᠭᠠᠭᠠᠴᠢᠯᠠᠨ ᠡᠷᠭᠢᠯᠡᠵᠦ᠂ | ᠺᠠᠨᠠᠳᠠ ᠶᠢᠨ ᠹᠸᠡᠭ ᠶᠧ ᠣᠯᠠᠨ ᠤᠯᠤᠰ ᠤᠨ ᠺᠢᠨᠣ᠋ ᠶᠢᠨ ᠨᠠᠶᠢᠷ ᠢ ᠰᠠᠶᠢᠲᠤᠷ ᠡᠷᠭᠢᠯᠡᠨ᠎ᠡ ᠃ ᠨᠠᠢᠮᠠᠨ ᠶᠡᠭᠡ | ᠬᠥᠮᠥᠷᠭᠡ᠂ ᠮᠢᠬᠠᠨ ᠤ ᠬᠤᠯᠪᠣᠭᠠᠲᠤ ᠦᠶᠯᠡᠳᠪᠦᠷᠢ ᠵᠢᠴᠢ ᠵᠢᠨᠢᠩ ᠤᠨ ᠡᠷᠲᠡᠨ ᠤ ᠬᠤᠲᠠ ᠵᠡᠷᠭᠡ ᠠᠰᠢᠭᠯᠠᠵᠤ | ᠪᠣᠯᠬᠤ ᠡᠬᠢ ᠪᠠᠶᠠᠯᠢᠭ ᠢ ᠠᠭᠤᠳᠠᠯᠤᠨ ᠠᠮᠢᠳᠤᠯᠢᠭ ᠪᠣᠯᠭᠠᠵᠤ᠂ ᠠᠷᠠᠳ ᠤᠨ ᠵᠠᠩ ᠦᠢᠯᠡ ᠶᠢᠨ ᠣᠷᠣᠨ ᠰᠠᠭᠤᠴᠠ᠂ | ᠬᠤᠲᠠ ᠶᠢᠨ ᠳᠤᠷᠠᠳᠬᠠᠯ᠂ ᠠᠵᠤ ᠦᠶᠯᠡᠳᠪᠦᠷᠢ ᠶᠢᠨ ᠪᠣᠯᠪᠠᠰᠤᠨ᠂ ᠰᠡᠬᠡᠭᠡᠲᠡᠨ ᠵᠠᠯᠠᠭᠤᠴᠤᠳ ᠤᠨ ᠰᠣᠶᠣᠯ ᠵᠡᠷᠭᠡ | ᠰᠢᠷᠢᠰ ᠭᠤᠤᠯ ᠰᠡᠳᠦᠪᠲᠦ ᠮᠦᠽᠧᠶ ᠶᠢᠨ ᠪᠦᠯᠦᠭᠯᠡᠯ ᠢ ᠪᠠᠶᠢᠭᠤᠯᠤᠨ᠎ᠠ᠃ ᠡᠷᠡᠭᠦᠯ ᠮᠡᠨᠳᠦ ᠶᠢᠨ ᠲᠠᠯ᠎ᠠ ᠪᠠᠷ᠂ | ᠨᠡᠶᠢᠭᠡᠮ ᠤᠨ ᠪᠠᠯᠠ ᠣᠷᠣᠭᠤᠯᠤᠯᠲᠠ ᠶᠢ ᠶᠡᠬᠡᠪᠡᠷ ᠲᠠᠲᠠᠬᠤ ᠪᠠ ᠤᠯᠤᠰ ᠤᠨ ᠪᠠᠯᠠ ᠮᠥᠩᠭᠦ ᠶᠢ ᠣᠯᠵᠤ᠂ ᠹᠦ᠋ ᠷᠦᠢ᠂ | ᠬᠤᠶᠠᠳᠤᠭᠠᠷ ᠡᠮᠨᠡᠯᠭᠡ ᠶᠢᠨ ᠬᠤᠷᠢᠶ᠎ᠠ᠂ ᠪᠠᠶ ᠸᠠᠩ᠂ ᠬᠤᠩ ᠬᠠᠢ ᠽᠢ ᠵᠡᠷᠭᠡ ᠬᠡᠷᠡᠭᠯᠡᠵᠦ ᠪᠣᠯᠬᠤ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ | ᠂ ᠤᠯᠠᠭᠠᠨᠴᠠᠪ ᠢ ᠬᠥᠮᠦᠰ ᠤᠨ ᠨᠠᠰᠤᠵᠢᠯ ᠤᠨ ᠠᠰᠠᠷᠠᠮᠵᠢ ᠰᠤᠪᠢᠯᠠᠯᠲᠠ ᠶᠢᠨ ᠭᠠᠵᠠᠷ ᠪᠣᠯᠭᠠᠨ ᠪᠠᠶᠢᠭᠤᠯᠬᠤ ᠬᠡᠷᠡᠭᠲᠡᠶ᠃ | | ᠵᠢᠨᠢᠩ ᠲᠣᠭᠤᠷᠢᠭ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ ᠶᠡᠭᠡ ᠪᠠᠷ ᠬᠦᠴᠦ ᠵᠠᠷᠤᠴᠠᠭᠤᠯᠤᠨ | ᠠᠵᠢᠯᠯᠠᠵᠤ᠂ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠵᠤᠷᠢᠭᠲᠠᠢ ᠪᠠᠷ ᠲᠦᠯᠦᠪᠯᠡᠵᠦ | ᠂ ᠪᠦᠳᠦᠭᠡᠨ ᠪᠠᠶᠢᠭᠤᠯᠤᠯᠲᠠ ᠶᠢᠨ ᠰᠢᠨ᠎ᠡ ᠵᠠᠮ ᠢᠶᠠᠷ ᠵᠠᠮᠨᠠᠨ᠎ᠠ᠂ ︽ᠡᠨᠡ ᠵᠢᠯ ᠪᠥᠬᠦ ᠤᠯᠤᠰ ᠤᠨ ᠪᠤᠯᠪᠠᠰᠤᠨ | ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠨᠠᠷᠢᠯᠢᠬᠵᠢᠭᠤᠯᠬᠤ᠂ ᠲᠤᠤᠷᠵᠢᠭᠤᠯᠬᠤ | ᠪᠠ ᠤᠶᠤᠨᠴᠢᠯᠠᠬᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠢᠯᠠᠩᠭᠤᠶ᠎ᠠ ᠪᠠᠶ ᠳ᠋ᠦ᠋ ᠳᠤ ᠲᠦᠰᠢᠭᠯᠡᠨ | ᠪᠠᠶᠢᠭᠤᠯᠤᠭᠰᠠᠨ ᠵᠣᠬᠢᠶᠠᠮᠠᠯ ᠣᠶᠤᠨᠴᠢ ᠬᠤᠲᠠ ᠶᠢ ᠵᠠᠰᠠᠬᠤ ᠠᠵᠤ ᠦᠶᠯᠡᠰ ᠢ ᠪᠤᠶᠢᠵᠢᠭᠤᠯᠬᠤ ᠲᠥᠷᠥᠯ ᠵᠦᠶᠯ ᠢ | ᠰᠠᠶᠢᠲᠤᠷ ᠬᠢᠵᠦ᠂ ᠠᠳᠠᠯ ᠠᠬᠤᠶ ᠶᠢᠨ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠲᠠᠰ | ᠳᠡᠪᠰᠢᠭᠦᠯᠵᠦ᠂ ᠬᠤᠲᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠶ ᠬᠤᠩ | ᠢᠯᠡᠷᠬᠡᠶᠢᠯᠡᠬᠦ ᠳᠡᠭᠡᠨ᠂ ᠵᠣᠬᠢᠶᠠᠮᠠᠯ ᠣᠶᠤᠨ ᠴᠢᠳᠠᠪᠤᠷᠢ ᠶᠢᠨ ᠠᠷᠭ᠎ᠠ ᠪᠠᠷᠢᠯ ᠢ ᠠᠰᠢᠭᠯᠠᠨ᠂ ᠬᠤᠲᠠ ᠶᠢᠨ ᠠᠷᠠᠳ ︽ | ᠤᠶᠤᠨᠯᠢᠭ︾ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠪᠠᠷ ᠪᠠᠷᠠᠬᠤ ᠥᠬᠡᠶ᠂ ᠨᠠᠩ ᠴᠤ ᠠᠷᠠᠳ ᠤᠨ ᠠᠮᠢᠳᠤᠷᠠᠯ | ᠰᠠᠶᠢᠵᠢᠷᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ | ᠭᠡᠵᠡᠶ᠃ | ᠬᠡᠷᠬᠢᠨ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠨᠠᠩ ᠥᠨᠢ ᠤᠳᠠᠭᠠᠨ᠂ ᠨᠠᠩ ᠪᠦᠷᠢᠨ | ᠲᠡᠭᠦᠯᠳᠡᠷ ᠪᠤᠯᠭᠠᠬᠤ ᠲᠤᠬᠠᠢ᠂ ᠵᠢᠨᠢᠩ ᠲᠣᠭᠤᠷᠢᠭ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠲᠠᠯ᠎ᠠ ᠪᠠᠷ ᠠᠷᠭ᠎ᠠ ᠪᠤᠳᠦᠯᠭ᠎ᠠ ᠭᠠᠷᠭᠠᠵᠦ ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ | ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠵᠢᠶ ᠬᠤᠩ | ᠬᠡᠯᠡᠬᠦ ᠳᠡᠭᠡᠨ᠄ ︽ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠵᠦ᠂ | ᠨᠤᠷᠠᠭᠠᠨ ᠨᠡᠭᠦᠯᠭᠡᠵᠦ ᠲᠥᠪᠬᠢᠨᠡᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠨᠡ ᠵᠢᠯ | ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠨ ᠬᠡᠷᠡᠭᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ︿ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ﹀ ᠶᠢ | ᠦᠷᠭᠦᠯᠵᠢᠯᠡᠨ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ 136 ᠬᠠᠭᠤᠴᠢᠨ ᠰᠠᠭᠤᠭᠠᠯᠢ ᠲᠣᠭᠤᠷᠢᠭ ᠤᠨ | ᠢᠨᠵᠧᠨᠧᠷᠢᠩ ᠢ ᠡᠬᠢᠯᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠤᠨ ᠠᠮᠢᠳᠤᠷᠠᠯ ᠤᠨ | ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠬᠠᠭᠠᠰ ᠳᠤᠲᠠᠭᠤ ᠢᠨᠵᠧᠨᠧᠷᠢᠩ ᠂ ᠨᠤᠷᠠᠭᠠᠵᠤ | ᠨᠡᠭᠦᠯᠭᠡᠬᠦ ᠳᠤ ᠲᠥᠪᠬᠢᠨᠡᠭᠦᠯᠦᠭᠰᠡᠨ ᠥᠬᠡᠶ᠂ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠳᠡᠩᠰᠡᠯᠡᠯᠲᠡ ᠵᠡᠷᠭᠡ | ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠠᠰᠢᠭ ᠭᠥᠷᠳᠡᠭᠰᠡᠨ | ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ ᠃ | | ᠤᠷᠴᠢᠭᠤᠯᠤᠭᠴᠢ᠄ ᠲᠤᠶᠠᠭ᠎ᠠ | |