ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/27
       2020 ᠣᠨ ᠤ 3 ᠳ᠋ᠤᠭᠠᠷ ᠰᠠᠷ᠎ᠠ ᠶᠢᠨ 3᠎ ᠤ ᠡᠳᠦᠷ᠂  ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ᠂ ᠴᠠᠬᠠᠷ  ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ‍ᠤᠨ‌ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ  ᠲᠤᠭᠤᠷᠢᠭ ᠤᠨ 7 ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠵᠢᠴᠢ ᠲᠣᠰᠬᠤᠨ ᠤ ᠪᠠᠭᠤᠷᠢ ᠶᠢ ᠵᠢᠨᠢᠩ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ ᠳᠤ ᠣᠷᠣᠭᠤᠯᠬᠤ ᠶᠢ ᠰᠤᠳᠤᠯᠬᠤ ᠶᠢᠨ ᠬᠠᠮᠲᠤ  ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠂  ᠬᠢᠵᠠᠭᠠᠷᠯᠠᠬᠤ ᠣᠷᠣᠨ ᠪᠦᠰᠡ ᠶᠢ ᠪᠦᠳᠦᠭᠡᠨ ᠪᠠᠶᠢᠭᠤᠯᠬᠤ ᠵᠡᠷᠭᠡ ᠬᠠᠮᠢᠶ᠎ᠠ ᠪᠥᠬᠦᠶ ᠵᠦᠶᠯᠡᠰ ᠢ ᠰᠤᠳᠤᠯᠪᠠ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄        ᠬᠤᠷᠠᠯ ᠠᠴᠠ ᠵᠢᠭᠠᠭᠰᠠᠨ ᠨᠢ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ  ᠬᠤᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ  ᠦᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ  ︾ ︵ᠥᠪᠥᠷ ᠨᠠᠮ ᠲᠠᠷᠬᠠᠭᠠᠭᠰᠠᠨ ︹ 2017 ︺ 10 ᠳ᠋ᠤᠭᠠᠷ ᠲᠣᠭᠠᠲᠤ︶᠎ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ  ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ  ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠬᠢᠷᠢ ᠬᠡᠮᠵᠢᠶ᠎ᠡ ᠪᠠ ᠦᠶᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠵᠢᠨᠢᠩ ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠵᠢᠯ ᠤᠨ ᠲᠥᠰᠦᠯ︾᠎ ᠢ ᠲᠤᠭᠤᠷᠪᠢᠭᠰᠠᠨ ᠪᠠᠶᠢᠨ᠎ᠠ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠬᠦᠯᠬᠦ ᠭᠤᠣᠯᠳᠠᠯᠭ᠎ᠠ ᠪᠠᠨ  ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠢᠯᠵᠢᠭᠦᠯᠦᠭᠰᠡᠨ ᠰᠠᠭᠤᠷᠢᠨ ᠳᠡᠭᠡᠷ᠎ᠡ᠂ ᠨᠠᠷᠢᠨ ᠬᠢᠨᠠᠮᠠᠭᠠᠢ ᠰᠤᠳᠤᠯᠵᠤ᠂ ᠨᠡᠶᠢᠭᠡᠮ ᠲᠣᠭᠤᠷᠢᠭ ᠯᠤᠭ᠎ᠠ ᠠᠵᠢᠯ ᠪᠠᠨ ᠢᠳᠡᠪᠬᠢᠲᠡᠢ ᠵᠣᠯᠭᠠᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠵᠣᠬᠢᠰᠲᠠᠢ ᠬᠤᠪᠢᠶᠠᠷᠢᠯᠠᠵᠤ᠂ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠤᠲᠠ ᠶᠢᠨ ᠬᠠᠮᠢᠶᠠᠷᠤᠯᠲᠠ ᠶᠢᠨ ᠠᠷᠠᠳ ᠲᠤ ᠦᠢᠯᠡᠴᠢᠯᠡᠬᠦ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾᠎ ᠢ ᠦᠨᠡᠨᠬᠦ ᠨᠡᠪᠲᠡᠷᠡᠭᠦᠯᠬᠦ ᠬᠡᠷᠡᠭᠲᠡᠢ᠃ ᠬᠥᠭᠵᠢᠭᠰᠡᠨ ᠬᠤᠲᠠ ᠶᠢᠨ ᠬᠠᠮᠢᠶᠠᠷᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠵᠢᠯ  ᠪᠤᠯᠭᠠᠨ ᠯᠠᠪᠳᠠᠭᠤᠨ ᠢᠶᠠᠷ ᠲᠦᠯᠬᠢᠨ ᠠᠬᠢᠭᠤᠯᠵᠤ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠬᠢᠷᠢ ᠬᠡᠮᠵᠢᠶ᠎ᠡ ᠪᠣᠯᠤᠨ ᠦᠶᠯᠡᠴᠢᠯᠡᠭᠡᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ᠃        ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ  ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠬᠢᠨᠠᠨ ᠪᠠᠶᠢᠴᠠᠭᠠᠬᠤ  ᠠᠵᠢᠯ ᠤᠨ ᠲᠥᠰᠦᠯ︾᠎ ᠢ ᠤᠯᠠᠮᠵᠢᠯᠠᠨ ᠰᠤᠷᠤᠯᠴᠠᠪᠠ  ᠃ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠵᠢᠴᠢ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ ᠪᠠᠯᠠ ᠮᠥᠩᠭᠦ ᠶᠢᠨ ᠳ᠋ᠦᠩᠨᠡᠨ ᠪᠤᠳᠤᠬᠤ ᠲᠥᠪ ᠤᠨ ᠬᠠᠮᠢᠶ᠎ᠠ ᠪᠥᠬᠦᠶ ᠤᠴᠢᠷ ᠶᠠᠪᠤᠳᠠᠯ ᠵᠡᠷᠭᠡ ᠲᠠᠪᠤᠨ ᠵᠥᠪᠯᠡᠬᠦ ᠰᠡᠳᠦᠪ ᠢ ᠰᠤᠳᠤᠯᠪᠠ  ᠃  ︽ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠰᠤᠳᠤᠯᠤᠨ ᠬᠢᠨᠠᠨ ᠵᠥᠪᠯᠡᠪᠡ  ᠃ ᠮᠠᠨ ᠤ  ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ᠂  ᠬᠤᠲᠠ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠦᠶᠯᠡᠰ ᠤᠨ 2020 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃                                                     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2