ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/27
       2020 ᠣᠨ ᠤ 3 ᠳ᠋ᠤᠭᠠᠷ ᠰᠠᠷ᠎ᠠ ᠶᠢᠨ 3 ᠤ ᠡᠳᠦᠷ᠂  ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ᠂ ᠴᠠᠬᠠᠷ  ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ‍ᠤᠨ‌ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ  ᠲᠤᠭᠤᠷᠢᠭ ᠤᠨ 7 ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠵᠢᠴᠢ ᠲᠣᠰᠬᠤᠨ ᠤ ᠪᠠᠭᠤᠷᠢ ᠶᠢ ᠵᠢᠨᠢᠩ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠡ ᠳᠤ ᠣᠷᠣᠭᠤᠯᠬᠤ ᠶᠢ ᠰᠤᠳᠤᠯᠬᠤ ᠶᠢᠨ ᠬᠠᠮᠲᠤ  ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠂  ᠬᠢᠵᠠᠭᠠᠷᠯᠠᠬᠤ ᠣᠷᠣᠨ ᠪᠦᠰᠡ ᠶᠢ ᠪᠦᠳᠦᠭᠡᠨ ᠪᠠᠶᠢᠭᠤᠯᠬᠤ ᠵᠡᠷᠭᠡ ᠬᠠᠮᠢᠶ᠎ᠠ ᠪᠥᠬᠦᠶ ᠵᠦᠶᠯᠡᠰ ᠢ ᠰᠤᠳᠤᠯᠪᠠ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄        ᠬᠤᠷᠠᠯ ᠠᠴᠠ ᠵᠢᠭᠠᠭᠰᠠᠨ ᠨᠢ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ  ᠬᠤᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ  ᠦᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ  ︾ ︵ᠥᠪᠥᠷ ᠨᠠᠮ ᠲᠠᠷᠬᠠᠭᠠᠭᠰᠠᠨ ︹ 2017 ︺ 10 ᠳ᠋ᠤᠭᠠᠷ ᠲᠣᠭᠠᠲᠤ︶ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ  ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ  ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠬᠢᠷᠢ ᠬᠡᠮᠵᠢᠶ᠎ᠡ ᠪᠠ ᠦᠶᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠵᠢᠨᠢᠩ ᠭᠤᠤᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠵᠢᠯ ᠤᠨ ᠲᠥᠰᠦᠯ︾ ᠢ ᠲᠤᠭᠤᠷᠪᠢᠭᠰᠠᠨ ᠪᠠᠶᠢᠨ᠎ᠠ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠬᠦᠯᠬᠦ ᠭᠤᠣᠯᠳᠠᠯᠭ᠎ᠠ ᠪᠠᠨ  ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠢᠯᠵᠢᠭᠦᠯᠦᠭᠰᠡᠨ ᠰᠠᠭᠤᠷᠢᠨ ᠳᠡᠭᠡᠷ᠎ᠡ᠂ ᠨᠠᠷᠢᠨ ᠬᠢᠨᠠᠮᠠᠭᠠᠢ ᠰᠤᠳᠤᠯᠵᠤ᠂ ᠨᠡᠶᠢᠭᠡᠮ ᠲᠣᠭᠤᠷᠢᠭ ᠯᠤᠭ᠎ᠠ ᠠᠵᠢᠯ ᠪᠠᠨ ᠢᠳᠡᠪᠬᠢᠲᠡᠢ ᠵᠣᠯᠭᠠᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢ ᠵᠣᠬᠢᠰᠲᠠᠢ ᠬᠤᠪᠢᠶᠠᠷᠢᠯᠠᠵᠤ᠂ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠤᠲᠠ ᠶᠢᠨ ᠬᠠᠮᠢᠶᠠᠷᠤᠯᠲᠠ ᠶᠢᠨ ᠠᠷᠠᠳ ᠲᠤ ᠦᠢᠯᠡᠴᠢᠯᠡᠬᠦ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠬᠦ ᠬᠡᠷᠡᠭᠲᠡᠢ᠃ ᠬᠥᠭᠵᠢᠭᠰᠡᠨ ᠬᠤᠲᠠ ᠶᠢᠨ ᠬᠠᠮᠢᠶᠠᠷᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠵᠢᠯ  ᠪᠤᠯᠭᠠᠨ ᠯᠠᠪᠳᠠᠭᠤᠨ ᠢᠶᠠᠷ ᠲᠦᠯᠬᠢᠨ ᠠᠬᠢᠭᠤᠯᠵᠤ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠬᠢᠷᠢ ᠬᠡᠮᠵᠢᠶ᠎ᠡ ᠪᠣᠯᠤᠨ ᠦᠶᠯᠡᠴᠢᠯᠡᠭᠡᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ᠃        ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ  ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠬᠢᠨᠠᠨ ᠪᠠᠶᠢᠴᠠᠭᠠᠬᠤ  ᠠᠵᠢᠯ ᠤᠨ ᠲᠥᠰᠦᠯ︾ ᠢ ᠤᠯᠠᠮᠵᠢᠯᠠᠨ ᠰᠤᠷᠤᠯᠴᠠᠪᠠ  ᠃ ᠮᠠᠨ ᠤ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠵᠢᠴᠢ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ ᠪᠠᠯᠠ ᠮᠥᠩᠭᠦ ᠶᠢᠨ ᠳ᠋ᠦᠩᠨᠡᠨ ᠪᠤᠳᠤᠬᠤ ᠲᠥᠪ ᠤᠨ ᠬᠠᠮᠢᠶ᠎ᠠ ᠪᠥᠬᠦᠶ ᠤᠴᠢᠷ ᠶᠠᠪᠤᠳᠠᠯ ᠵᠡᠷᠭᠡ ᠲᠠᠪᠤᠨ ᠵᠥᠪᠯᠡᠬᠦ ᠰᠡᠳᠦᠪ ᠢ ᠰᠤᠳᠤᠯᠪᠠ  ᠃  ︽ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ  ᠃ ᠮᠠᠨ ᠤ  ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ᠂  ᠬᠤᠲᠠ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠦᠶᠯᠡᠰ ᠤᠨ 2020 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃                                                     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2